| ● ᠸᠧᠢ ᠴᠢᠶᠠᠩ ᠵᠠᠩ ᠢᠦᠢ ᠯᠢ ᠶᠠ ᠨᠠᠨ | | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠪᠦᠭᠦ ᠨᠠᠮ ᠪᠦᠭᠦ ᠤᠯᠤᠰ ᠤᠨ ᠨᠢᠭᠡᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠃ | ᠣᠶᠢᠷ᠎ᠠ ᠳᠤ᠂ ᠠᠯᠠᠱᠠ ᠠᠶᠢᠮᠠᠭ ᠤᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ | ᠭᠦᠨᠵᠡᠭᠡᠢ ᠰᠤᠷᠤᠯᠴᠠᠵᠤ᠂ ᠪᠦᠭᠦᠳᠡ ᠬᠤᠷᠠᠯ ᠠᠴᠠ ᠲᠣᠳᠣᠷᠬᠠᠶᠢᠯᠠᠭᠰᠠᠨ ᠡᠯ᠎ᠡ ᠵᠦᠢᠯ ᠤᠨ ᠬᠠᠷᠠᠯᠲᠠ ᠪᠠ | ᠡᠭᠦᠷᠭᠡ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠠᠵᠢᠯ ᠤᠨ ᠪᠣᠳᠠᠲᠠᠢ ᠲᠠᠢ ᠨᠢᠭᠲᠠ ᠤᠶᠠᠯᠳᠤᠭᠤᠯᠤᠨ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ᠠᠯᠠᠱᠠ ᠶᠢᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠪᠠᠷ | ᠴᠢᠷᠮᠠᠶᠢᠵᠠᠭᠠᠵᠤ ᠪᠠᠶᠢᠨ᠎ᠠ᠃ | ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠨᠠᠮ ᠤᠨ ᠤᠳᠤᠷᠢᠳᠬᠤ | ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠬᠤᠷᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠠᠢ᠃ | ᠬᠤᠷᠠᠯ ᠠᠴᠠ᠂ ᠠᠯᠠᠱᠠ ᠠᠶᠢᠮᠠᠭ ᠤᠨ ᠰᠢᠭᠦᠬᠦ ᠬᠤᠷᠢᠶ᠎ᠠ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠲᠥᠪ | ᠬᠤᠷᠢᠶᠠᠨ ᠤ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠰᠢᠭᠦᠬᠦ ᠬᠤᠷᠢᠶᠠᠨ ᠤ ᠠᠵᠢᠯ ᠤᠨ | ᠣᠳᠣᠬᠢᠴᠢᠯᠠᠯᠲᠠ ᠶᠢ ᠠᠬᠢᠭᠤᠯᠬᠤ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠪᠦᠭᠦ ᠺᠠᠳ᠋ᠷ | ᠠᠵᠢᠯᠲᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠪᠦᠭᠦᠳᠡ ᠬᠤᠷᠠᠯ ᠤᠨ ᠵᠣᠷᠢᠭ ᠰᠠᠨᠠᠭ᠎ᠠ | ᠳᠡᠭᠡᠷ᠎ᠡ ᠨᠢᠭᠡᠳᠬᠡᠬᠦ ᠶᠢ ᠦᠨᠡᠨ ᠬᠦ ᠬᠥᠲᠥᠯᠥᠨ ᠵᠢᠯᠤᠭᠤᠳᠴᠤ᠂ ᠰᠤᠷᠤᠯᠴᠠᠯᠭ᠎ᠠ ᠶᠢᠨ ᠭᠦᠨ ᠵᠤᠵᠠᠭᠠᠨ ᠠᠭᠤᠷ | ᠠᠮᠢᠰᠬᠤᠯ ᠢ ᠶᠡᠭᠡ ᠪᠠᠷ ᠪᠤᠢ ᠪᠤᠯᠭᠠᠬᠤ ᠬᠡᠷᠡᠭᠲᠡᠢ᠃ ᠪᠠᠶᠢᠭᠤᠯᠭ᠎ᠠ ᠶᠢᠨ ᠨᠠᠮ ᠤᠨ ᠬᠤᠷᠢᠶ᠎ᠠ ᠨᠠᠮ ᠤᠨ | ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠦᠵᠡᠯ ᠰᠠᠨᠠᠭ᠎ᠠ ᠤᠯᠤᠰ | ᠲᠥᠷᠥ ᠶᠢᠨ ᠰᠠᠭᠤᠷᠢ ᠶᠢ ᠪᠠᠬᠢᠵᠢᠭᠦᠯᠦᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ | ᠪᠦᠭᠦ ᠨᠠᠮ ᠤᠨ ᠭᠡᠰᠢᠭᠦᠨ ᠺᠠᠳ᠋ᠷ ᠠᠵᠢᠯᠲᠠᠨ ᠢ ᠬᠥᠮᠥᠵᠢᠭᠦᠯᠦᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ | ᠪᠦᠭᠦ ᠺᠠᠳ᠋ᠷ ᠠᠵᠢᠯᠲᠠᠨ ᠳᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠭᠤᠯᠤᠨ᠂ ᠪᠦᠭᠦᠳᠡ | ᠬᠤᠷᠠᠯ ᠤᠨ ᠵᠣᠷᠢᠭ ᠰᠠᠨᠠᠭ᠎ᠠ ᠪᠠᠷ ᠰᠢᠭᠦᠬᠦ ᠬᠤᠷᠢᠶᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠵᠢᠯᠣᠭᠤᠳᠤᠨ | ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠠᠶᠢᠮᠠᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠠᠮ ᠤᠨ ᠬᠤᠷᠢᠶᠠᠨ ᠤ ᠬᠤᠷᠠᠯ | ᠬᠤᠷᠠᠯᠳᠤᠭᠤᠯᠵᠤ᠂ ᠠᠯᠠᠱᠠ ᠠᠶᠢᠮᠠᠭ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠬᠢᠨ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠰᠠᠶᠢᠲᠤᠷ ᠲᠤᠭᠤᠰᠢᠯᠠᠭᠤᠯᠵᠤ᠂ ᠡᠳ᠋ ᠤᠨ ᠵᠠᠰᠠᠭ ᠭᠠᠶᠢᠯᠢ ᠶᠢᠨ | ᠪᠠᠶᠢᠭᠤᠯᠤᠯ ᠢ ᠲᠡᠭᠦᠯᠳᠡᠷᠵᠢᠭᠦᠯᠬᠦ᠂ ᠭᠠᠶᠢᠯᠢ ᠲᠠᠲᠠᠪᠤᠷᠢ ᠶᠢᠨ ᠳᠦᠷᠢᠮ ᠢ ᠰᠢᠯᠢᠳᠡᠭᠵᠢᠭᠦᠯᠬᠦ᠂ ᠲᠠᠲᠠᠪᠤᠷᠢᠯᠠᠨ | ᠬᠠᠮᠢᠶᠠᠷᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠲᠠᠯ᠎ᠠ ᠶᠢᠨ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠮᠢᠶᠠᠷᠬᠤ ᠤᠬᠠᠮᠰᠠᠷ ᠢ ᠪᠠᠲᠤ ᠪᠤᠶ ᠪᠣᠯᠭᠠᠨ᠂ ᠭᠠᠶᠢᠯᠢ ᠶᠢᠨ ᠶᠠᠪᠤᠳᠠᠯ ᠤᠨ ᠡᠭᠦᠷᠭᠡ | ᠬᠠᠷᠢᠭᠤᠴᠠᠯᠭ᠎ᠠ ᠶᠢ ᠤᠯᠠᠮ ᠪᠠᠲᠤ ᠡᠭᠦᠷᠭᠡᠯᠡᠵᠦ᠂ ᠭᠠᠶᠢᠯᠢ ᠲᠠᠲᠠᠪᠤᠷᠢ ᠶᠢᠨ ᠡᠭᠦᠷᠭᠡ ᠴᠢᠳᠠᠪᠬᠢ ᠶᠢᠨ ᠦᠢᠯᠡᠳᠦᠯ ᠢ | ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠲᠤᠭᠤᠰᠢᠯᠠᠭᠤᠯᠬᠤ ᠶᠢᠨ ᠬᠡᠷᠡᠭᠵᠢᠭᠦᠯᠦᠭᠴᠢ᠂ ᠪᠣᠳᠠᠲᠠᠢ ᠠᠵᠢᠯᠯᠠᠭᠴᠢ ᠪᠤᠯᠬᠤ ᠬᠡᠷᠡᠭᠲᠡᠢ᠃ ᠣᠷᠣᠯᠭ᠎ᠠ ᠶᠢ ᠵᠣᠬᠢᠶᠠᠨ | ᠪᠠᠶᠢᠭᠤᠯᠬᠤ ᠭᠤᠣᠯ ᠡᠭᠦᠷᠭᠡ ᠶᠢ ᠢᠮᠠᠭᠲᠠ ᠪᠣᠳᠠᠲᠠᠢ ᠠᠳᠬᠤᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ︽ | ᠭᠠᠶᠢᠯᠢ ᠰᠦᠢᠳᠬᠡᠯ ᠢ ᠬᠡᠲᠦᠷᠡᠲᠡᠯ᠎ᠡ ᠬᠤᠷᠢᠶᠠᠵᠤ︾ ᠤᠬᠳᠤ ᠪᠤᠯᠬᠤ ᠦᠭᠡᠢ; ᠭᠠᠶᠢᠯᠢ ᠲᠠᠲᠠᠪᠤᠷᠢ ᠶᠢᠨ ᠬᠢᠨᠠᠯᠲᠠ | ᠬᠠᠮᠢᠶᠠᠷᠤᠯᠲᠠ ᠳᠤ ᠲᠦᠰᠢᠭᠯᠡᠨ ᠠᠷᠭ᠎ᠠ ᠪᠤᠳᠤᠵᠤ᠂ ᠪᠣᠳᠠᠲᠠᠢ ᠠᠷᠭ᠎ᠠ ᠭᠠᠷᠭᠠᠵᠤ᠂ ᠭᠠᠶᠢᠯᠢ ᠲᠠᠲᠠᠪᠤᠷᠢᠯᠠᠬᠤ | ᠬᠠᠮᠢᠶᠠᠷᠤᠯᠲᠠ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠪᠠᠷ ᠦᠷ᠎ᠡ ᠠᠰᠢᠭ ᠢ ᠨᠡᠮᠡᠭᠳᠡᠭᠦᠯᠵᠦ᠂ ᠥᠭᠡᠷᠡᠴᠢᠯᠡᠯᠲᠡ ᠪᠠᠷ | ᠴᠢᠳᠠᠪᠤᠷᠢ ᠶᠢ ᠴᠢᠩᠭᠠᠳᠬᠠᠵᠤ᠂ ᠬᠠᠤᠯᠢ ᠪᠠᠷ ᠭᠠᠶᠢᠯᠢ ᠶᠢ ᠵᠠᠰᠠᠬᠤ᠂ ᠲᠤᠭ᠎ᠠ ᠪᠠᠷ ᠭᠠᠶᠢᠯᠢ ᠶᠢ ᠵᠠᠰᠠᠬᠤ᠂ ᠭᠠᠶᠢᠯᠢ ᠶᠢ | ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠦᠷ᠎ᠡ ᠪᠦᠲᠦᠮᠵᠢᠲᠡᠢ ᠭᠠᠶᠢᠯᠢ ᠶᠢᠨ ᠶᠠᠪᠤᠳᠠᠯ ᠢ | ᠦᠷᠭᠦᠯᠵᠢᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠬᠤᠷᠠᠯ ᠬᠤᠷᠠᠯᠳᠤᠭᠤᠯᠵᠤ᠂ ᠠᠯᠠᠱᠠ | ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠨᠠᠷᠢᠨ ᠬᠢᠨᠠᠮᠠᠭᠠᠢ | ᠣᠶᠢᠯᠠᠭᠠᠨ᠂ ᠡᠷᠡᠰ ᠲᠤᠭᠤᠰᠢᠯᠠᠭᠤᠯᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠲᠠᠢ | ᠤᠶᠠᠯᠳᠤᠭᠤᠯᠤᠨ᠂ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠣᠯᠵᠤ᠂ ᠨᠡᠭᠡᠭᠡᠯᠲᠡ ᠠᠴᠠ ᠳᠠᠯᠳᠠ ᠬᠦᠴᠦᠨ | ᠣᠯᠵᠤ᠂ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠣᠯᠵᠤ᠂ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠢ | ᠥᠷᠭᠡᠳᠬᠡᠨ᠂ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠵᠤ᠂ ᠭᠠᠳᠠᠭᠠᠳᠤ | ᠠᠷᠠᠯᠵᠢᠶᠠᠨ ᠤ ᠰᠢᠨ᠎ᠡ ᠬᠥᠳᠡᠯᠭᠡᠬᠦ ᠡᠨᠧᠷᠭᠢ ᠶᠢ ᠲᠦᠷᠭᠡᠳᠬᠡᠨ ᠪᠣᠶᠢᠵᠢᠭᠤᠯᠬᠤ ᠬᠡᠷᠡᠭᠲᠡᠢ᠃ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠣᠨ ᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ︽ᠰᠠᠯᠪᠤᠷᠢ ᠪᠠᠭ᠎ᠠ ᠠᠩᠭᠢ︾ ᠪᠠᠷ | ᠠᠷᠠᠯᠵᠢᠶᠠᠴᠢᠨ ᠤᠷᠢᠬᠤ ᠶᠢ ᠥᠨᠳᠥᠷ ᠪᠦᠲᠦᠮᠵᠢᠲᠡᠶ ᠪᠠᠷ ᠠᠬᠢᠭᠤᠯᠤᠨ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ | ᠴᠢᠩᠭᠠᠳᠬᠠᠵᠤ᠂ ᠪᠡᠯᠡ ᠣᠷᠣᠭᠤᠯᠬᠤ ᠰᠠᠨᠠᠮᠵᠢ ᠶᠢ ᠦᠨᠡᠨ ᠪᠣᠳᠠᠲᠠᠢ ᠠᠷᠠᠯᠵᠢᠶᠠᠴᠢᠨ ᠤᠷᠢᠬᠤ ᠦᠷ᠎ᠡ ᠪᠦᠲᠦᠭᠡᠯ | ᠪᠣᠯᠭᠠᠨ ᠬᠤᠪᠢᠷᠠᠭᠤᠯᠬᠤ ᠶᠢ ᠪᠦᠭᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠳᠠᠭᠠᠰᠤ ᠬᠠᠳᠠᠬᠤ ᠵᠣᠷᠢᠭ | ᠰᠠᠨᠠᠭ᠎ᠠ ᠪᠠᠷ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠬᠤᠳᠠᠯᠳᠤᠭᠠᠨ ᠤ ᠶᠠᠪᠤᠳᠠᠯ ᠤᠨ | ᠬᠦᠷᠢᠶᠡᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ | ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃ | 8 ᠰᠠᠷ᠎ᠠ ᠶᠢᠨ 7 ᠤ ᠡᠳᠦᠷ᠂ ᠠᠯᠠᠱᠠ ᠵᠡᠭᠦᠨ ᠬᠤᠰᠢᠭᠤᠨ ᠤ ᠵᠠᠯᠠᠭᠤᠴᠤᠳ ᠤᠨ ᠲᠥᠪ ᠤᠨ | ᠨᠢᠰᠬᠡᠯ ᠤᠨ ᠵᠠᠭᠪᠤᠷ ᠤᠨ ᠠᠩᠭᠢ ᠶᠢᠨ ᠪᠠᠭᠰᠢ ᠰᠤᠷᠤᠬᠴᠢᠳ ᠪᠠᠶᠠᠨᠬᠤᠲᠠ ᠶᠢᠨ ᠦᠷᠡᠰ ᠨᠠᠭᠠᠳᠤᠮ ᠤᠨ ᠬᠤᠷᠠᠯ ᠤᠨ | ᠲᠠᠯᠠᠪᠠᠢ ᠳᠤ᠂ ᠥᠪᠡᠷ ᠤᠨ ᠵᠣᠬᠢᠶᠠᠨ ᠪᠦᠲᠦᠭᠡᠭᠰᠡᠨ ᠨᠢᠰᠬᠡᠯ ᠢᠶᠠᠨ ᠨᠢᠰᠬᠡᠨ ᠪᠣᠯᠪᠠᠰᠤᠷᠠᠯ ᠬᠢᠵᠦ ᠤᠷᠤᠯᠳᠤᠭᠠᠨ ᠳᠤ | ᠣᠷᠤᠯᠴᠠᠬᠤ ᠬᠢᠷᠢ ᠭᠡᠮ ᠢᠶᠠᠨ ᠳᠡᠭᠡᠭᠰᠢᠯᠡᠭᠦᠯᠵᠤ ᠪᠠᠶᠢᠨ᠎ᠠ᠃ | |