| ᠰᠤᠷᠪᠤᠯᠵᠢᠯᠠᠬᠴᠢ ᠸᠠᠩ ᠰᠢᠶᠣᠣ ᠢᠦᠢ | | ᠨᠡᠶᠢᠭᠡᠮ ᠲᠣᠭᠤᠷᠢᠭ ᠤᠨ ᠵᠠᠰᠠᠯᠲᠠ ᠶᠢᠨ ᠡᠮᠦᠨ᠎ᠡ ᠹᠷᠣᠨᠲ ᠲᠤ ᠡᠶᠢᠮᠦ ᠨᠢᠭᠡᠨ ᠦᠨᠳᠦᠰᠦᠨ ᠱᠠᠲᠤᠨ ᠤ | ᠨᠠᠮ ᠤᠨ ᠲᠥᠯᠥᠭᠡᠯᠡᠭᠴᠢ ᠪᠤᠶ᠂ ᠲᠡᠷᠡ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠬᠦ ᠪᠠᠷ | ᠳᠠᠮᠵᠢᠭᠤᠯᠤᠨ᠂ ᠰᠠᠭᠤᠭᠠᠯᠢ ᠠᠷᠠᠳ ᠲᠤ ᠦᠨᠡᠨ ᠪᠣᠳᠠᠲᠠᠢ ᠠᠰᠢᠭ ᠲᠤᠰᠠ ᠬᠦᠷᠲᠡᠭᠡᠪᠡ᠃ ᠲᠡᠷᠡ ᠪᠣᠯ ᠠᠯᠠᠱᠠ | ᠵᠡᠭᠦᠨ ᠬᠤᠰᠢᠭᠤᠨ ᠤ ᠡᠮᠦᠨ᠎ᠡ ᠲᠣᠭᠤᠷᠢᠯᠲᠠ ᠵᠡᠭᠡᠯᠢ ᠭᠤᠳᠤᠮᠵᠢ ᠶᠢᠨ ᠪᠤᠭᠤᠲᠤ ᠨᠡᠶᠢᠭᠡᠮ ᠲᠣᠭᠤᠷᠢᠭ ᠤᠨ ᠨᠠᠮ ᠤᠨ | ᠬᠤᠷᠢᠶᠠᠨ ᠤ ᠱᠦᠵᠢ᠂ ᠡᠷᠭᠢᠯᠡᠭᠴᠢ ᠯᠢ ᠬᠠᠢ ᠶᠠᠨ ᠪᠣᠯᠣᠨ᠎ᠠ᠃ 2021 ᠣᠨ ᠳᠤ ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠪᠠᠶᠢᠨ᠎ᠠ ᠃ | ᠤᠯᠠᠨ ᠲᠦᠮᠡᠨ ᠤ ᠰᠠᠨᠠᠭ᠎ᠠ ᠶᠢ ᠨᠡᠩ ᠰᠠᠶᠢᠲᠤᠷ ᠰᠣᠨᠣᠰᠴᠤ᠂ ᠠᠷᠠᠳ ᠤᠨ ᠤᠶᠤᠨ ᠤᠬᠠᠭᠠᠨ ᠢ | ᠨᠢᠭᠲᠠᠷᠠᠭᠤᠯᠬᠤ ᠶᠢᠨ ᠲᠥᠯᠥᠭᠡ᠂ ᠯᠢ ᠬᠠᠢ ᠶᠠᠨ ︽ᠨᠠᠮ ᠤᠨ ᠪᠠᠶᠢᠭᠤᠯᠤᠯᠲᠠ + ᠬᠠᠮᠲᠤ ᠪᠠᠷ ᠵᠠᠰᠠᠬᠤ︾ ᠵᠠᠭᠪᠤᠷ ᠢ | ᠠᠰᠢᠭᠯᠠᠨ᠂ ︽ᠨᠡᠶᠢᠭᠡᠮ ᠲᠣᠭᠤᠷᠢᠭ ᠤᠨ ᠶᠠᠷᠢᠯᠴᠠᠬᠤ ᠬᠤᠷᠠᠯ︾ ᠤᠨ ᠳᠦᠷᠢᠮ ᠢ ᠪᠠᠶᠢᠭᠤᠯᠪᠠ᠃ ᠲᠤᠰ ᠲᠠᠪᠴᠠᠩ | ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢ᠂ ᠨᠠᠮ ᠤᠨ ᠭᠡᠰᠢᠭᠦᠨ ᠤ ᠲᠥᠯᠥᠭᠡᠯᠡᠭᠴᠢ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠲᠣᠭᠲᠠᠮᠠᠯ ᠬᠤᠭᠤᠴᠠᠭ᠎ᠠ ᠲᠠᠢ ᠪᠠᠷ | ᠤᠷᠢᠵᠤ᠂ ᠨᠡᠶᠢᠭᠡᠮ ᠲᠣᠭᠤᠷᠢᠭ ᠤᠨ ᠪᠠᠶᠢᠭᠤᠯᠤᠯᠲᠠ ᠳᠤᠮᠳᠠᠬᠢ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ | ᠴᠠᠭ ᠲᠤᠬᠠᠢ ᠳᠤ ᠰᠤᠳᠤᠯᠤᠨ ᠶᠠᠷᠢᠯᠴᠠᠳᠠᠭ ᠶᠤᠮ᠃ ᠪᠤᠭᠤᠲᠤ ᠨᠡᠶᠢᠭᠡᠮ ᠲᠣᠭᠤᠷᠢᠭ ᠤᠨ ᠬᠠᠷᠢᠶᠠᠨ ᠳᠠᠬᠢ ᠯᠦ ᠮᠢᠩ | ᠰᠢᠨ ᠶᠤᠸᠠᠨ ᠰᠠᠭᠤᠭᠠᠯᠢ ᠠᠷᠠᠳ ᠤᠨ ᠬᠤᠷᠢᠶᠠᠯᠠᠯ ᠤᠨ ᠪᠠᠷᠠᠭᠤᠨ ᠡᠭᠦᠳᠡᠨ ᠳᠠᠬᠢ ᠨᠢᠭᠡ ᠬᠡᠰᠡᠭ ᠡᠩᠬᠦᠯ ᠳᠤᠩᠬᠤᠯ | ᠴᠢᠯᠠᠭᠤᠨ ᠵᠠᠮ ᠨᠢ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠬᠠᠷᠰᠢ ᠤᠴᠠᠷᠠᠭᠤᠯᠵᠠᠢ᠃ ᠰᠠᠭᠤᠭᠠᠯᠢ | ᠠᠷᠠᠳ ᠤᠨ ᠲᠥᠯᠥᠭᠡᠯᠡᠭᠴᠢ ︽ᠨᠡᠶᠢᠭᠡᠮ ᠲᠣᠭᠤᠷᠢᠭ ᠤᠨ ᠶᠠᠷᠢᠯᠴᠠᠬᠤ ᠬᠤᠷᠠᠯ︾ ᠢᠶᠠᠷ ᠲᠠᠮᠵᠢᠨ ᠲᠤᠰ ᠠᠰᠠᠭᠤᠳᠠᠯ ᠢ | ᠳᠤᠷᠠᠳᠤᠭᠰᠠᠨ ᠤ ᠲᠠᠷᠠᠭ᠎ᠠ ᠲᠤᠰ ᠡᠩᠬᠦᠯ ᠳᠤᠩᠬᠤᠯ ᠴᠢᠯᠠᠭᠤᠨ ᠵᠠᠮ ᠨᠢ ᠲᠡᠷᠢ ᠲᠡᠭᠰᠢ ᠱᠦᠢᠨᠢ ᠵᠠᠮ ᠪᠣᠯᠵᠤ | ᠬᠤᠪᠢᠷᠠᠵᠠᠢ᠃ ᠰᠠᠭᠤᠭᠠᠯᠢ ᠠᠷᠠᠳ ᠢᠦᠢ ᠬᠤᠩ ᠪᠢᠩ᠂ ︽ᠨᠡᠶᠢᠭᠡᠮ ᠲᠣᠭᠤᠷᠢᠭ ᠤᠨ ᠶᠠᠷᠢᠯᠴᠠᠬᠤ ᠬᠤᠷᠠᠯ︾ ᠨᠢ | ᠰᠠᠭᠤᠭᠠᠯᠢ ᠠᠷᠠᠳ ᠤᠨ ᠬᠤᠭᠤᠷᠣᠨᠳᠣᠭᠢ ᠬᠠᠷᠢᠯᠴᠠᠭ᠎ᠠ ᠣᠶᠢᠯᠠᠭᠠᠯᠴᠠᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ | ᠡᠯ᠎ᠡ ᠵᠦᠢᠯ ᠤᠨ ᠰᠢᠢᠳᠪᠦᠷᠢ ᠪᠣᠳᠣᠯᠭ᠎ᠠ ᠶᠢ ᠤᠯᠠᠨ ᠤ ᠰᠡᠳᠬᠢᠯ ᠳᠤ ᠣᠶᠢᠷᠠᠲᠤᠭᠤᠯᠵᠠᠢ ᠭᠡᠵᠦ ᠪᠠᠶᠢᠪᠠ᠃ ᠤᠳᠤ | ᠪᠤᠯᠳᠠᠯ᠎ᠠ᠂ ᠲᠤᠰ ᠨᠡᠶᠢᠭᠡᠮ ᠲᠣᠭᠤᠷᠢᠭ ᠤᠨ ᠬᠢᠨ ︽ᠨᠡᠶᠢᠭᠡᠮ ᠲᠣᠭᠤᠷᠢᠭ ᠤᠨ ᠶᠠᠷᠢᠯᠴᠠᠬᠤ ᠬᠤᠷᠠᠯ︾ ᠢ 56 | ᠬᠤᠭᠤᠴᠠᠭ᠎ᠠ ᠠᠮᠵᠢᠯᠲᠠ ᠲᠠᠢ ᠡᠷᠭᠢᠯᠡᠵᠦ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ 23 ᠠᠰᠠᠭᠤᠳᠠᠯ ᠢ | ᠪᠦᠲᠦᠮᠵᠢᠳᠡᠢ ᠰᠢᠢᠳᠪᠦᠷᠢᠯᠡᠪᠡ᠃ | ᠤᠯᠠᠨ ᠵᠢᠯ ᠤᠨ ᠲᠤᠷᠰᠢ᠂ ᠯᠢ ᠬᠠᠢ ᠶᠠᠨ ᠬᠠᠮᠲᠤ ᠠᠵᠢᠯᠯᠠᠭᠰᠠᠳ ᠢᠶᠠᠨ ᠳᠠᠭᠠᠭᠤᠯᠤᠨ ᠰᠤᠷᠪᠤᠯᠵᠢᠯᠠᠨ | ᠪᠠᠶᠢᠴᠠᠭᠠᠵᠤ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠤ ᠲᠠᠯᠳᠠ ᠭᠡᠮ ᠪᠠ ᠨᠡᠶᠢᠭᠡᠮ ᠤᠨ ᠵᠥᠷᠢᠴᠡᠯ ᠢ | ᠰᠠᠨᠠᠭᠠᠴᠢᠯᠠᠭ᠎ᠠ ᠠᠴᠠ ᠪᠠᠨ ᠢᠯᠡᠷᠡᠭᠦᠯᠦᠨ ᠴᠠᠭ ᠲᠤᠬᠠᠢ ᠳᠤᠨᠢ ᠰᠢᠢᠳᠪᠦᠷᠢᠯᠡᠳᠡᠭ᠃ ᠨᠢᠭᠡ ᠤᠳᠠᠭᠠᠨ ᠤ ᠲᠣᠭᠤᠷᠢᠨ | ᠪᠠᠶᠢᠴᠠᠭᠠᠯᠲᠠ ᠳᠤ ᠰᠠᠭᠤᠭᠠᠯᠢ ᠠᠷᠠᠳ ᠤᠨ ︽ᠬᠠᠷᠢᠶ᠎ᠠ ᠣᠷᠣᠨ ᠤ ᠨᠢᠭᠡ ᠰᠠᠭᠤᠭᠠᠯᠢ ᠡᠷᠦᠭᠡ ᠣᠯᠠᠨ ᠵᠢᠯ ᠤᠨ | ᠲᠤᠷᠰᠢ ᠲᠡᠭᠦᠵᠦ ᠠᠪᠴᠢᠷᠠᠭᠰᠠᠨ ᠬᠠᠶᠠᠭᠳᠠᠮᠠᠯ ᠡᠳ᠋ ᠢᠶᠠᠨ ᠭᠡᠷ ᠲᠡᠭᠡᠨ ᠬᠤᠷᠢᠶᠠᠵᠤ ᠬᠠᠳᠠᠭᠠᠯᠠᠵᠤ ᠪᠠᠶᠢᠭ᠎ᠠ ᠪᠣᠯᠬᠤᠷ᠂ | ᠪᠤᠰᠤᠳ ᠠᠶᠢᠯ ᠡᠷᠦᠭᠡ ᠶᠢᠨ ᠡᠳᠦᠷ ᠲᠤᠲᠤᠮ ᠤᠨ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠦ ᠪᠠᠶᠢᠬᠤ ᠪᠠᠷ | ᠪᠠᠷᠠᠬᠤ ᠦᠭᠡᠢ᠂ ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠲᠠᠯ᠎ᠠ ᠪᠠᠷ ᠴᠤ ᠬᠦᠨᠳᠦ ᠨᠣᠴᠢᠲᠠᠢ ᠳᠠᠯᠳᠠ ᠭᠡᠮ | ᠣᠷᠣᠰᠢᠵᠤ ᠪᠠᠶᠢᠨ᠎ᠠ︾ ᠭᠡᠬᠦ ᠲᠤᠰᠬᠠᠯ ᠢ ᠬᠤᠷᠢᠶᠠᠨ ᠣᠯᠵᠠᠢ᠃ ᠪᠠᠶᠢᠳᠠᠯ ᠢ ᠣᠶᠢᠯᠠᠭᠠᠭᠰᠠᠨ ᠤ ᠲᠠᠷᠠᠭ᠎ᠠ᠂ ᠯᠢ ᠬᠠᠢ | ᠶᠠᠨ ᠲᠤᠰ ᠰᠠᠭᠤᠭᠠᠯᠢ ᠡᠷᠤᠭᠡ ᠶᠢᠨ ᠡᠵᠡᠨ ᠢ ᠡᠷᠢᠵᠦ ᠣᠴᠢᠭᠠᠳ ᠤᠯᠠᠨ ᠤᠳᠠᠭ᠎ᠠ ᠵᠢᠭᠠᠨ ᠵᠢᠯᠤᠭᠤᠳᠴᠤ᠂ | ᠬᠦᠯᠢᠴᠡᠩᠭᠦᠢ ᠢᠳᠬᠠᠭᠰᠠᠨ ᠠᠴᠠ ᠡᠴᠦᠰ ᠲᠡᠭᠡᠨ ᠲᠤᠰ ᠰᠠᠭᠤᠭᠠᠯᠢ ᠠᠷᠠᠳ ᠤᠨ ᠵᠥᠪᠰᠢᠶᠡᠷᠡᠯ ᠢ ᠣᠯᠵᠠᠢ᠃ ᠯᠢ | ᠬᠠᠢ ᠶᠠᠨ ᠲᠡᠷᠡ ᠳᠠᠷᠤᠢ ᠳᠤᠨᠢ ᠠᠵᠢᠯᠲᠠᠨ ᠢᠶᠠᠨ ᠳᠠᠭᠠᠭᠤᠯᠤᠨ ᠲᠡᠭᠦᠨ ᠤ ᠭᠡᠷ ᠳᠣᠲᠣᠷ᠎ᠠ ᠣᠪᠣᠭᠠᠯᠠᠨ ᠲᠠᠯᠪᠢᠭᠰᠠᠨ | ᠬᠠᠶᠠᠭᠳᠠᠮᠠᠯ ᠡᠳ᠋ ᠢ ᠴᠡᠪᠡᠷᠯᠡᠬᠦ ᠶᠢᠨ ᠬᠠᠮᠲᠤ ᠭᠡᠷ ᠪᠠᠶᠢᠰᠢᠩ᠂ ᠠᠰᠠᠷ ᠤᠨ ᠭᠤᠳᠤᠮᠵᠢ ᠵᠡᠷᠭᠡ ᠣᠷᠴᠢᠨ ᠲᠣᠭᠤᠷᠢᠨ ᠢ | ᠴᠠᠭ ᠲᠤᠬᠠᠢ ᠳᠤᠨᠢ ᠠᠷᠢᠭᠤᠳᠬᠠᠨ ᠴᠡᠪᠡᠷᠯᠡᠵᠦ᠂ ᠣᠷᠣᠰᠢᠵᠤ ᠪᠤᠢ ᠲᠠᠯᠳᠠ ᠭᠡᠮ ᠢ ᠰᠢᠢᠳᠪᠦᠷᠢᠯᠡᠭᠰᠡᠨ ᠪᠠᠶᠢᠨ᠎ᠠ᠃ | ᠯᠢ ᠬᠠᠢ ᠶᠠᠨ ᠨᠠᠮ ᠤᠨ ᠲᠥᠯᠥᠭᠡᠯᠡᠭᠴᠢ ᠪᠠᠷ ᠰᠣᠩᠭᠤᠭᠳᠠᠭᠰᠠᠨ ᠠᠴᠠ ᠨᠠᠭᠠᠰᠢᠬᠢ ᠥᠩᠭᠡᠷᠡᠯᠲᠡ ᠶᠢᠨ | ᠲᠤᠬᠠᠢ ᠶᠠᠷᠢᠬᠤ ᠳᠠᠭᠠᠨ᠄ ︽ᠨᠠᠮ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ ᠬᠠᠷᠢᠭᠤᠴᠠᠯᠭ᠎ᠠ ᠬᠦᠨᠳᠦ ᠶᠡᠭᠡ | ᠭᠡᠳᠡᠭ ᠢ ᠭᠦᠨ ᠣᠶᠢᠯᠠᠭᠠᠵᠤ ᠪᠠᠶᠢᠨ᠎ᠠ᠂ ᠮᠢᠨᠤ ᠤᠭ ᠰᠠᠨᠠᠭ᠎ᠠ ᠪᠣᠯ ᠨᠡᠶᠢᠭᠡᠮ ᠲᠣᠭᠤᠷᠢᠭ ᠤᠨ ᠰᠠᠭᠤᠭᠠᠯᠢ ᠠᠷᠠᠳ | ᠨᠢᠭᠡ ᠪᠦᠷᠢ ᠳᠤ ᠨᠠᠮ ᠪᠠ ᠵᠠᠰᠠᠭ ᠤᠨ ᠣᠷᠳᠣᠨ ᠤ ᠬᠠᠯᠠᠭᠤᠨ ᠳᠤᠯᠠᠭᠠᠨ ᠢ ᠮᠡᠳᠡᠷᠡᠭᠦᠯᠬᠦ ᠶᠢᠨ ᠲᠥᠯᠥᠭᠡ ᠶᠤᠮ᠃ | ᠢᠷᠡᠭᠡᠳᠦᠢ ᠳᠤ ᠨᠡᠶᠢᠭᠡᠮ ᠤᠨ ᠵᠠᠰᠠᠯᠲᠠ ᠶᠢᠨ ᠨᠡᠩ ᠣᠯᠠᠨ ᠪᠦᠲᠦᠮᠵᠢᠲᠡᠶ ᠠᠷᠭ᠎ᠠ ᠶᠢ ᠦᠷᠭᠦᠯᠵᠢᠯᠡᠨ ᠬᠠᠶᠢᠨ | ᠰᠦᠪᠡᠭᠴᠢᠯᠡᠵᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠨᠡᠶᠢᠭᠡᠮ | ᠲᠣᠭᠤᠷᠢᠭ ᠢ ᠨᠡᠩ ᠰᠠᠶᠢᠨ ᠰᠠᠶᠢᠬᠠᠨ ᠡᠶ᠎ᠡ ᠵᠣᠬᠢᠴᠠᠯ ᠲᠠᠢ ᠭᠡᠷ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ | ᠴᠢᠷᠮᠠᠶᠢᠨ᠎ᠠ︾ ᠭᠡᠵᠦ ᠪᠠᠶᠢᠯ᠎ᠠ᠃ | | |