ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠪᠠᠷ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠯ᠎ᠡ
ᠨᠡᠶᠢᠲᠡᠯᠡᠭᠰᠡᠨ ᠴᠠᠭ᠄
2024/12/30
                                           ● ᠰᠡᠴᠡᠨ᠂ ᠡᠷᠳᠡᠨᠢᠬᠦᠦ                             ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤ ᠭᠠᠵᠠᠷ ᠣᠷᠣᠨ ᠤ ᠳᠠᠪᠠᠭᠤᠯᠢᠭ ᠲᠤ ᠰᠠᠭᠤᠷᠢᠯᠠᠵᠤ᠂ ᠠᠷᠭ᠎ᠠ ᠬᠡᠮᠵᠢᠶ᠎ᠡ ᠪᠠᠨ ᠰᠢᠨᠡᠳᠬᠡᠨ᠂ ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶᠡᠵᠢᠭᠰᠡᠨ ᠠᠵᠤ ᠦᠢᠯᠡᠰᠵᠢᠭᠰᠡᠨ ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠦᠯᠬᠢᠨ ᠠᠬᠢᠭᠤᠯᠵᠤ᠂ ᠨᠠᠮ ᠤᠨ ᠬᠤᠷᠢᠶ᠎ᠠ ᠨᠢᠭᠡᠳᠦᠯᠲᠡᠢ ᠲᠥᠯᠥᠪᠵᠢᠭᠦᠯᠬᠦ᠂ ᠨᠠᠮ ᠤᠨ ᠡᠭᠦᠷ ᠬᠥᠲᠥᠯᠥᠨ ᠳᠠᠭᠠᠭᠤᠯᠬᠤ᠂ ᠨᠠᠮ ᠤᠨ ᠭᠡᠰᠢᠭᠦᠨ ᠳᠠᠭᠤᠷᠢᠶᠠᠯ ᠦᠵᠡᠭᠦᠯᠭᠦ ᠵᠡᠷᠭᠡ ᠠᠷᠭ᠎ᠠ ᠭᠡᠯᠪᠡᠷᠢ ᠪᠠᠷ ᠤᠯᠠᠨ ᠲᠦᠮᠡᠨ ᠢ ᠲᠠᠶᠢᠴᠢᠯᠠᠨ ᠲᠡᠵᠢᠭᠡᠨ ᠦᠷᠡᠵᠢᠭᠦᠯᠬᠦ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠤᠷᠤᠯᠭ᠎ᠠ ᠪᠠᠨ ᠨᠡᠮᠡᠭᠳᠡᠭᠦᠯᠵᠦ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃              ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠤ ᠷᠠᠰᠢᠶᠠᠨ ᠭᠠᠴᠠᠭᠠᠨ ᠤ ᠭᠠᠭ᠋ᠠᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠨᠢ ︽ᠨᠠᠮ ᠤᠨ ᠡᠭᠦᠷ + ᠬᠤᠷᠰᠢᠶᠠᠵᠢᠯ + ᠲᠡᠵᠢᠭᠡᠨ ᠦᠷᠡᠵᠢᠭᠦᠯᠬᠦ ᠲᠣᠮᠣ ᠡᠷᠦᠭᠡ + ᠮᠠᠯᠴᠢᠨ ᠲᠠᠷᠢᠶᠠᠴᠢᠨ︾ ᠲᠡᠵᠢᠭᠡᠨ ᠦᠷᠡᠵᠢᠭᠦᠯᠬᠦ ᠵᠠᠭᠪᠤᠷ ᠢ ᠠᠰᠢᠭᠯᠠᠵᠤ᠂ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠰᠢᠨᠡᠴᠢᠯᠡᠨ᠂ ᠰᠠᠶᠢᠨ ᠡᠭᠦᠯᠳᠡᠷ ᠤᠨ ᠭᠠᠭ᠋ᠠᠢ ᠶᠢ ᠲᠡᠵᠢᠭᠡᠨ ᠦᠷᠡᠵᠢᠭᠦᠯᠬᠦ᠂ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠲᠡᠭᠡᠭᠰᠢᠯᠡᠭᠦᠯᠭᠦ ᠵᠡᠷᠭᠡ ᠠᠷᠭ᠎ᠠ ᠬᠡᠮᠵᠢᠶ᠎ᠡ ᠠᠪᠤᠭᠰᠠᠨ ᠠᠴᠠ ᠲᠡᠵᠢᠭᠡᠨ ᠦᠷᠡᠵᠢᠭᠦᠯᠵᠦ ᠪᠠᠶᠢᠭ᠎ᠠ ᠭᠠᠭ᠋ᠠᠢ ᠶᠢᠨ ᠲᠤᠭ᠎ᠠ ᠲᠣᠯᠣᠭᠠᠢ ᠨᠢ ᠲᠣᠭᠲᠠᠭᠤᠨ ᠢᠶᠠᠷ ᠨᠡᠮᠡᠭᠳᠡᠵᠦ᠂ ᠲᠤᠰ ᠭᠠᠴᠠᠭᠠᠨ ᠤ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠰᠢᠨ᠎ᠡ ᠭᠢᠯᠪᠠᠭᠠᠲᠤ ᠴᠡᠭ ᠪᠣᠯᠤᠭᠰᠠᠨ ᠪᠠᠶᠢᠨ᠎ᠠ᠃ ᠷᠠᠰᠢᠶᠠᠨ ᠭᠠᠴᠠᠭᠠᠨ ᠤ ᠨᠠᠮ ᠤᠨ ᠡᠭᠦᠷ ᠤᠨ ᠱᠦᠵᠢ ᠰᠢᠦᠢ ᠹᠦ᠋ ᠪᠤᠤ᠄ ︽ᠡᠳᠦᠷ ᠪᠦᠷᠢ ᠡᠷᠳᠡᠨᠢ ᠰᠢᠰᠢ᠂ ᠠᠭᠰᠢᠭᠠᠮᠠᠯ ᠲᠡᠵᠢᠭᠡᠯ ᠪᠣᠷᠳᠤᠭ᠎ᠠ ᠲᠡᠵᠢᠭᠡᠵᠦ᠂ ᠭᠠᠭ᠋ᠠᠢ ᠶᠢᠨ ᠥᠰᠦᠯᠲᠡ ᠳᠤ ᠬᠡᠷᠡᠭᠴᠡᠭᠡ ᠲᠠᠢ ᠰᠢᠮ᠎ᠡ ᠲᠡᠵᠢᠭᠡᠯ ᠢ ᠨᠥᠬᠦᠪᠦᠷᠢᠯᠡᠳᠡᠭ᠃ ᠪᠣᠷᠣᠯᠠᠭᠤᠯᠬᠤ ᠭᠠᠭ᠋ᠠᠢ ᠶᠢᠨ ᠬᠦᠨᠳᠦ ᠨᠢ ᠪᠠᠷᠤᠭ 330 ᠵᠢᠩ ᠳᠤ ᠭᠦᠷᠪᠡᠯ ᠥᠭᠡᠬᠦ ᠪᠠ ᠮᠢᠬᠠᠨ ᠤ ᠬᠠᠷᠢᠴᠠᠯ ᠨᠢ ᠲᠠᠭᠠᠷᠠᠵᠦ ᠠᠮᠲᠠ ᠰᠢᠮᠳᠠ ᠨᠢ ᠰᠠᠶᠢᠬᠠᠨ ᠪᠤᠯᠳᠠᠭ᠃ ᠮᠠᠨ ᠤ ᠭᠠᠭ᠋ᠠᠢ ᠲᠡᠵᠢᠭᠡᠬᠦ ᠲᠠᠯᠠᠪᠠᠢ ᠶᠢᠨ ᠪᠠᠰᠠ ᠨᠢᠭᠡᠨ ᠣᠨᠴᠠᠯᠢᠭ ᠭᠡᠪᠡᠯ᠂ ᠭᠠᠭ᠋ᠠᠢ ᠶᠢᠨ ᠢᠯᠭᠠᠳᠠᠰᠤ ᠶᠢ ᠣᠷᠭᠠᠨᠢᠭ ᠪᠣᠷᠳᠣᠭᠤᠷ ᠪᠣᠯᠭᠠᠨ ᠪᠣᠯᠪᠠᠰᠤᠷᠠᠭᠤᠯᠤᠭᠠᠳ ᠲᠠᠷᠢᠶᠠᠨ ᠭᠠᠵᠠᠷ ᠲᠤ ᠬᠡᠷᠡᠭᠯᠡᠵᠦ᠂ ᠲᠠᠭᠢᠨ ᠥᠪᠡᠷ ᠢᠶᠠᠨ ᠳᠠᠷᠢᠭᠰᠠᠨ ᠡᠷᠳᠡᠨᠢ ᠰᠢᠰᠢ ᠪᠠᠷ ᠭᠠᠭ᠋ᠠᠢ ᠪᠠᠨ ᠲᠡᠵᠢᠭᠡᠵᠦ ᠡᠬᠢ ᠪᠠᠶᠠᠯᠢᠭ ᠢ ᠲᠠᠭᠢᠨ ᠠᠰᠢᠭᠯᠠᠨ ᠣᠷᠴᠢᠨ ᠠᠬᠤᠢ ᠶᠢ ᠪᠣᠬᠢᠷᠲᠤᠭᠤᠯᠳᠠᠭ ᠦᠭᠡᠢ︾ ᠭᠡᠵᠦ ᠶᠠᠷᠢᠨ᠎ᠠ᠃              ᠵᠡᠭᠦᠨ ᠪᠡᠯ ᠪᠠᠯᠭᠠᠰᠤᠨ ᠤ ᠮᠠᠩᠯᠠᠢ ᠭᠠᠴᠠᠭ᠎ᠠ ᠨᠢ ︽ᠨᠠᠮ ᠤᠨ ᠡᠭᠦᠷ + ᠬᠤᠷᠰᠢᠶᠠᠵᠢᠯ + ᠠᠵᠤ ᠠᠬᠤᠶᠢᠯᠠᠯ + ᠮᠠᠯᠵᠢᠬᠤ ᠡᠷᠦᠭᠡ︾ ᠶᠢᠨ ᠡᠵᠡᠩᠨᠡᠯᠲᠡ ᠶᠢᠨ ᠵᠠᠭᠪᠤᠷ ᠢ ᠬᠡᠷᠡᠭᠵᠢᠭᠦᠯᠵᠦ᠂ ᠵᠢᠱᠢᠯᠲᠡ ᠪᠠᠷ 20 ᠭᠠᠷᠤᠢ ᠲᠡᠵᠢᠭᠡᠨ ᠦᠷᠡᠵᠢᠭᠦᠯᠬᠦ ᠡᠷᠦᠭᠡ ᠶᠢ ᠲᠠᠶᠢᠴᠢᠯᠠᠨ᠂ ᠠᠵᠤ ᠠᠬᠤᠢ ᠶᠢᠨ ᠠᠰᠢᠭ ᠤᠷᠤᠯᠭ᠎ᠠ ᠶᠢ 10000 ᠲᠥᠭᠦᠷᠢᠭ ᠠᠴᠠ ᠳᠡᠭᠡᠭᠰᠢ ᠨᠡᠮᠡᠭᠳᠡᠭᠦᠯᠦᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠶᠢ 30 ᠲᠦᠮᠡᠨ ᠲᠥᠭᠦᠷᠢᠭ ᠲᠤ ᠬᠦᠷᠭᠡᠵᠦ᠂ ᠭᠠᠴᠠᠭᠠᠨ ᠤ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠬᠡᠪᠴᠢᠶᠡᠵᠢᠬᠦ ᠶᠢ ᠠᠬᠢᠭᠤᠯᠵᠠᠢ᠃ ︽ᠮᠠᠨ ᠤ ᠭᠠᠴᠠᠭ᠎ᠠ ᠶᠡᠷᠦᠩᠬᠡᠶᠢᠯᠡᠨ ᠡᠵᠡᠩᠨᠡᠬᠦ ᠵᠠᠭᠪᠤᠷ ᠢ ᠬᠡᠷᠡᠭᠵᠢᠭᠦᠯᠬᠦ ᠶᠢᠨ ᠬᠠᠮᠲᠤ ᠨᠢᠩᠰᠢᠶᠠ ᠵᠡᠷᠭᠡ ᠭᠠᠵᠠᠷ ᠣᠷᠣᠨ ᠠᠴᠠ ᠲᠡᠵᠢᠭᠡᠯ ᠡᠪᠡᠰᠦ ᠤᠷᠤᠭᠤᠯᠬᠤ ᠪᠠ ᠮᠢᠬ᠎ᠠ ᠶᠢ ᠭᠠᠳᠠᠭᠰᠢ ᠭᠠᠷᠭᠠᠬᠤ ᠳᠤ ᠲᠦᠭᠦᠮ ᠵᠡᠷᠭᠡ ᠭᠠᠵᠠᠷ ᠤᠨ ᠪᠠᠶᠢᠴᠠ ᠶᠢᠨ ᠳᠠᠪᠠᠭᠤᠯᠢᠭ ᠢ ᠠᠰᠢᠭᠯᠠᠨ᠂ ᠦᠬᠡᠷ ᠲᠡᠵᠢᠭᠡᠨ ᠦᠷᠡᠵᠢᠭᠦᠯᠵᠦ ᠮᠠᠯᠴᠢᠨ ᠲᠠᠷᠢᠶᠠᠴᠢᠳ ᠤᠨ ᠠᠵᠤ ᠠᠬᠤᠢ ᠶᠢᠨ ᠠᠰᠢᠭ ᠤᠷᠤᠯᠭ᠎ᠠ ᠶᠢ ᠨᠡᠮᠡᠭᠳᠡᠭᠦᠯᠬᠦ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠨ᠎ᠠ︾ ᠭᠡᠵᠦ ᠲᠤᠰ ᠭᠠᠴᠠᠭᠠᠨ ᠤ ᠨᠠᠮ ᠤᠨ ᠡᠭᠦᠷ ᠤᠨ ᠱᠦᠵᠢ ᠸᠠᠩ ᠲᠤᠤ ᠶᠠᠷᠢᠨ᠎ᠠ᠃ ᠮᠠᠩᠯᠠᠢ ᠭᠠᠴᠠᠭᠠᠨ ᠤ ᠬᠡᠪᠴᠢᠶᠡᠵᠢᠭᠰᠡᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠠᠯᠠᠪᠠᠢ ᠶᠢ 2022 ᠣᠨ ᠠᠴᠠ ᠡᠬᠢᠯᠡᠨ ᠪᠦᠲᠦᠭᠡᠨ ᠪᠠᠶᠢᠭᠤᠯᠵᠤ᠂ ᠥᠨᠥ ᠵᠢᠯ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠨ᠂ ᠣᠳᠣᠬᠠᠨ ᠳᠤ ᠨᠡᠶᠢᠳᠡ 700 ᠭᠠᠷᠤᠢ ᠰᠢᠮᠧᠨ᠋ᠲ᠋ᠠᠷ ᠢᠶᠠᠷ ᠭᠤᠣᠯ ᠪᠤᠯᠭᠠᠬᠰᠠᠨ ᠮᠢᠬᠠᠨ ᠦᠬᠡᠷ ᠢ ᠣᠷᠣᠭᠤᠯᠤᠨ ᠲᠡᠵᠢᠭᠡᠵᠦ ᠪᠤᠢ᠃ ᠮᠢᠬᠠᠨ ᠦᠬᠡᠷ ᠢ ᠲᠡᠵᠢᠭᠡᠵᠦ ᠡᠬᠢᠯᠡᠭᠰᠡᠨ ᠴᠠᠭ ᠠᠴᠠ ᠪᠣᠷᠤᠯᠠᠭᠤᠯᠭ᠎ᠠ ᠶᠢᠨ ᠵᠠᠮ ᠲᠠᠢ ᠪᠣᠯᠵᠤ᠂ ᠲᠤᠰᠬᠠᠢ ᠬᠥᠮᠥᠨ ᠲᠣᠬᠢᠷᠠᠭᠤᠯᠤᠨ ᠮᠢᠬᠠᠨ ᠦᠬᠡᠷ ᠤᠨ ᠲᠡᠵᠢᠭᠡᠯ ᠪᠣᠷᠳᠤᠭ᠎ᠠ ᠶᠢ ᠳᠠᠭᠠᠷᠠᠭᠤᠯᠣᠨ᠂ ᠦᠬᠡᠷ ᠤᠨ ᠲᠠᠯᠠᠪᠠᠢ ᠶᠢᠨ ᠠᠷᠢᠭᠤᠨ ᠴᠡᠪᠡᠷ ᠢ ᠪᠠᠲᠤᠯᠠᠵᠤ᠂ ᠮᠢᠬᠠᠨ ᠦᠬᠡᠷ ᠤᠨ ᠪᠡᠶ᠎ᠡ ᠶᠢᠨ ᠬᠦᠨᠳᠦ ᠪᠠ ᠰᠢᠮ᠎ᠡ ᠲᠡᠵᠢᠭᠡᠯ ᠤᠨ ᠬᠡᠮᠵᠢᠶ᠎ᠡ ᠨᠢ ᠪᠠᠷᠢᠮᠵᠢᠶ᠎ᠠ ᠳᠤ ᠭᠦᠷᠪᠡᠯ ᠭᠠᠳᠠᠨ᠎ᠠ ᠮᠤᠵᠢ ᠣᠷᠣᠨ ᠳᠤ ᠪᠣᠷᠣᠯᠠᠭᠤᠯᠳᠠᠭ᠃              ︽ᠭᠠᠭ᠋ᠠᠢ ᠲᠡᠵᠢᠭᠡᠬᠦ ᠲᠠᠯᠠᠪᠠᠢ᠂ ᠦᠬᠡᠷ ᠲᠡᠵᠢᠭᠡᠬᠦ ᠲᠠᠯᠠᠪᠠᠢ᠂ ᠲᠠᠭᠢᠶ᠎ᠠ ᠲᠡᠵᠢᠭᠡᠬᠦ ᠲᠠᠯᠠᠪᠠᠢ ᠵᠡᠷᠭᠡ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠣᠨᠴᠠᠯᠢᠭᠲᠤ ᠠᠵᠤ ᠦᠢᠯᠡᠰ ᠠᠴᠠ ᠭᠠᠳᠠᠨ᠎ᠠ ᠮᠠᠨ ᠤ ᠪᠠᠯᠭᠠᠰᠤᠨ ᠤ ᠣᠳᠣᠨᠭᠡᠷᠡᠯ ᠭᠠᠴᠠᠭ᠎ᠠ ᠰᠣᠩᠭᠢᠨ᠎ᠠ ᠡᠳ᠋ᠰᠢᠭᠦᠯᠬᠦ ᠦᠢᠯᠡᠳᠪᠦᠷᠢ ᠶᠢᠨ ᠲᠠᠰᠤᠭ ᠢ ᠨᠢᠭᠡᠨᠲᠡ ᠪᠠᠶᠢᠭᠤᠯᠵᠤ ᠳᠠᠭᠤᠰᠬᠠᠭᠠᠳ ᠣᠳᠣᠬᠠᠨ ᠳᠤ ᠰᠤᠳᠤᠯᠤᠨ ᠨᠡᠭᠡᠭᠡᠬᠦ ᠱᠠᠲᠤᠨ ᠳᠠᠭᠠᠨ ᠣᠷᠣᠵᠠᠢ᠃ ᠪᠠᠰᠠ 50 ᠭᠠᠷᠤᠢ ᠮᠦ ᠵᠢᠭᠠᠰᠤᠨ ᠴᠦᠭᠦᠷᠦᠮ ᠢ ᠪᠦᠲᠦᠭᠡᠨ ᠪᠠᠶᠢᠭᠤᠯᠵᠤ᠂ 154 ᠮᠦ ᠲᠠᠷᠢᠶᠠᠨ ᠭᠠᠵᠠᠷ ᠢ ᠰᠡᠷᠭᠦᠭᠡᠨ ᠬᠠᠭᠠᠯᠪᠤᠷᠢᠯᠠᠵᠤ᠂ ᠠᠵᠤ ᠦᠢᠯᠡᠰ ᠤᠨ ᠬᠥᠭᠵᠢᠯᠲᠡ ᠶᠢᠨ ᠬᠦᠴᠦᠨ ᠳᠣᠣᠷ᠎ᠠ ᠬᠠᠮᠲᠤ ᠶᠢᠨ ᠠᠵᠤ ᠠᠬᠤᠢ ᠶᠢᠨ ᠤᠷᠤᠯᠭ᠎ᠠ ᠪᠠᠭ᠎ᠠ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠲᠡᠭᠡᠭᠰᠢᠯᠡᠭᠦᠯᠭᠦ ᠳᠤ ᠡᠯ᠎ᠡ ᠲᠠᠯ᠎ᠠ ᠶᠢᠨ ᠠᠷᠭ᠎ᠠ ᠬᠡᠮᠵᠢᠶ᠎ᠡ ᠶᠢ ᠠᠪᠴᠤ ᠪᠠᠶᠢᠨ᠎ᠠ︾ ᠭᠡᠵᠦ ᠵᠡᠭᠦᠨ ᠪᠡᠯ ᠪᠠᠯᠭᠠᠰᠤᠨ ᠤ ᠳᠡᠳ᠋ ᠳᠠᠷᠤᠭ᠎ᠠ ᠴᠧᠨ ᠪᠢᠩ ᠰᠢᠶᠣᠣ ᠶᠠᠷᠢᠨ᠎ᠠ᠃              ᠵᠡᠭᠦᠨ ᠪᠡᠯ ᠪᠠᠯᠭᠠᠰᠤ ᠥᠪᠡᠷᠮᠢᠴᠡ ᠭᠠᠵᠠᠷ ᠣᠷᠣᠨ ᠤ ᠪᠠᠶᠢᠷᠢᠰᠢᠯ ᠪᠠ ᠡᠬᠢ ᠪᠠᠶᠢᠭᠠᠯᠢ ᠶᠢᠨ ᠳᠠᠪᠠᠭᠤᠯᠢᠭ ᠲᠤ ᠰᠠᠭᠤᠷᠢᠯᠠᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠭᠰᠡᠨ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠵᠠᠮ ᠢ ᠢᠳᠡᠪᠬᠢᠲᠡᠢ ᠰᠦᠪᠡᠭᠴᠢᠯᠡᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠬᠡᠪ ᠵᠠᠭᠪᠤᠷ ᠤᠨ ᠰᠢᠨ᠎ᠡ ᠶᠢ ᠡᠭᠦᠳᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠠᠴᠠ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠶᠢᠨ ᠰᠢᠨ᠎ᠡ ᠠᠵᠠ ᠲᠤᠭᠢᠶᠠᠯ ᠢ ᠤᠭᠲᠤᠵᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠨᠡᠩ ᠥᠨᠳᠥᠷ ᠲᠦᠪᠰᠢᠨ ᠳᠤ ᠬᠦᠷᠭᠡᠬᠦ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ ᠪᠠᠶᠢᠨ᠎ᠠ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号