ᠡᠷᠳᠡᠨᠢᠬᠦᠦ᠂ ᠨᠠᠷᠠᠨ᠎ᠠ | | ᠣᠶᠢᠷ᠎ᠠ ᠶᠢᠨ ᠵᠢᠯ ᠳᠤ᠂ ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠬᠠᠷᠠᠯᠲᠠ ᠪᠣᠯᠭᠠᠨ᠂ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠡᠯ᠎ᠡ ᠲᠦᠷᠦᠯ ᠤᠨ | ᠨᠡᠶᠢᠭᠡᠮ ᠤᠨ ᠪᠠᠲᠤᠯᠠᠭ᠎ᠠ ᠶᠢ ᠪᠦᠷᠢᠨᠰᠢᠭᠦᠯᠬᠦ ᠪᠠᠷ ᠳᠠᠮᠵᠢᠨ ᠮᠠᠯᠴᠢᠨ ᠲᠠᠷᠢᠶᠠᠴᠢᠨ ᠤ ᠵᠣᠯ ᠵᠢᠷᠭᠠᠯ ᠤᠨ ᠲᠥᠷᠥᠭᠳᠡᠯ᠂ | ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠳᠡᠭᠡᠭᠰᠢᠯᠡᠭᠦᠯᠵᠣ ᠪᠠᠶᠢᠨ᠎ᠠ᠃ | ᠨᠠᠮᠤᠷ ᠤᠨ ᠡᠬᠢ ᠪᠠᠷ᠂ ᠰᠤᠷᠪᠤᠯᠵᠢᠯᠠᠬᠴᠢ ᠪᠠᠷᠠᠭᠤᠨ ᠪᠡᠯ ᠪᠠᠯᠭᠠᠰᠤᠨ ᠳᠤ ᠬᠦᠷᠬᠦ ᠳᠤ᠂ ᠥᠷᠭᠡᠨ | ᠳᠠᠷᠳᠠᠩ ᠴᠠᠷᠳᠠᠮᠠᠯ ᠵᠠᠮ ᠤᠨ ᠬᠤᠶᠠᠷ ᠲᠠᠯ᠎ᠠ ᠪᠠᠷ ᠮᠣᠳᠣᠳ ᠬᠥᠬᠡᠷᠡᠨ ᠨᠣᠭᠤᠭᠠᠷᠠᠵᠤ᠂ ᠵᠢᠵᠢᠭ ᠠᠰᠠᠷ ᠤᠳ ᠵᠢᠭᠳᠡᠷᠡᠨ | ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠵᠢᠷᠤᠭ ᠢ ᠳᠡᠯᠭᠡᠭᠰᠡᠨ ᠪᠠᠶᠢᠯ᠎ᠠ᠃ ᠸᠠᠩ ᠬᠤᠩ ᠯᠢᠨ | ᠪᠣᠯ ᠪᠠᠷᠠᠭᠤᠨ ᠪᠠᠯ ᠪᠠᠯᠭᠠᠰᠤᠨ ᠤ ᠠᠯᠲᠠᠨᠲᠠᠯ᠎ᠠ ᠭᠠᠴᠠᠭᠠᠨ ᠤ ᠨᠢᠭᠡᠨ ᠲᠠᠷᠢᠶᠠᠴᠢᠨ ᠶᠤᠮ᠃ ᠲᠡᠷᠡᠪᠡᠷ ᠥᠪᠡᠷ ᠤᠨ | ᠴᠢᠷᠮᠠᠶᠢᠯᠭ᠎ᠠ ᠪᠠᠷ ᠢᠶᠠᠨ ᠲᠠᠷᠢᠶᠠᠯᠠᠩ ᠤᠨ ᠮᠠᠰᠢᠨᠴᠢᠯᠠᠯᠲᠠ ᠶᠢᠨ ᠦᠢᠯᠡᠴᠢᠯᠡᠭᠡ ᠪᠣᠯᠣᠨ ᠵᠢᠵᠢᠭ ᠲᠠᠷᠢᠮᠠᠯ ᠤᠨ ᠦᠢᠯᠡᠰ ᠢ | ᠬᠥᠭᠵᠢᠭᠦᠯᠬᠦ ᠳᠤ ᠲᠦᠰᠢᠭᠯᠡᠨ ᠪᠠᠶᠠᠵᠢᠯ ᠤᠨ ᠵᠠᠮ ᠢᠶᠠᠨ ᠡᠯᠭᠦᠭᠰᠡᠨ ᠶᠤᠮ᠃ 2023 ᠣᠨ ᠳᠤ᠂ ᠸᠠᠩ ᠬᠤᠩ ᠯᠢᠨ | ᠬᠠᠭᠤᠴᠢᠨ ᠭᠡᠷ ᠢᠶᠠᠨ ᠨᠤᠷᠠᠭᠠᠨ᠂ ᠨᠣᠭᠤᠭ᠎ᠠ ᠶᠢᠨ ᠬᠦᠷᠢᠶᠡᠯᠡᠩ ᠲᠠᠢ ᠵᠢᠵᠢᠭ ᠠᠰᠠᠷ ᠢ ᠰᠢᠨ᠎ᠡ ᠪᠠᠷ ᠪᠠᠷᠢᠵᠤ᠂ | ᠠᠮᠢᠳᠤᠷᠠᠯ ᠢᠶᠠᠨ ᠨᠡᠩ ᠥᠭᠡᠳᠡ ᠨᠢ ᠲᠠᠲᠠᠵᠤ ᠥᠩᠭᠡᠯᠢᠭ ᠰᠠᠶᠢᠬᠠᠨ ᠪᠤᠯᠭᠠᠵᠣ ᠪᠢᠯᠡ᠃ ︽ᠣᠳᠣ ᠶᠢᠨ ᠠᠮᠢᠳᠤᠷᠠᠯ | ᠦᠨᠡᠬᠡᠷ ᠵᠣᠯ ᠵᠢᠷᠭᠠᠯ ᠲᠠᠢ ᠪᠠᠶᠢᠨ᠎ᠠ᠂ ᠥᠪᠡᠷ ᠤᠨ ᠴᠢᠷᠮᠠᠶᠢᠯᠭ᠎ᠠ ᠪᠠ ᠭᠠᠴᠠᠭᠠᠨ ᠤ ᠤᠳᠤᠷᠢᠳᠤᠯᠭ᠎ᠠ᠂ ᠪᠠᠯᠭᠠᠰᠤᠨ ᠤ | ᠤᠳᠤᠷᠢᠳᠤᠯᠭ᠎ᠠ ᠶᠢᠨ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ︾ ᠭᠡᠵᠦ ᠸᠠᠩ ᠬᠤᠩ ᠯᠢᠨ ᠶᠠᠷᠢᠨ᠎ᠠ᠃ | ᠣᠶᠢᠷ᠎ᠠ ᠶᠢᠨ ᠵᠢᠯ ᠳᠤ᠂ ᠪᠠᠷᠠᠭᠤᠨ ᠪᠡᠯ ᠪᠠᠯᠭᠠᠰᠤ ᠶᠢᠨ ᠬᠢᠨ ᠬᠥᠳᠡᠭᠡ ᠲᠣᠰᠬᠤᠨ ᠤ ᠭᠡᠷ ᠪᠠᠶᠢᠰᠢᠩ ᠢ | ᠰᠠᠶᠢᠵᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ | ᠴᠢᠬᠤᠯᠠ ᠭᠠᠷᠳᠠᠴᠠ ᠪᠤᠯᠭᠠᠵᠤ᠂ ᠮᠠᠯᠴᠢᠨ ᠲᠠᠷᠢᠶᠠᠴᠢᠨ ᠢ ᠢᠳᠡᠪᠬᠢᠲᠡᠢ ᠲᠠᠶᠢᠴᠢᠯᠠᠨ ᠭᠡᠷ ᠪᠠᠶᠢᠰᠢᠩ ᠤᠨ ᠠᠷᠤ | ᠥᠪᠥᠷ ᠢ ᠨᠣᠭᠤᠭᠠᠷᠠᠭᠤᠯᠤᠨ᠂ ᠡᠷᠤᠭᠡ ᠶᠢᠨ ᠪᠠᠶᠢᠳᠠᠯ ᠳᠤᠨᠢ ᠲᠣᠬᠢᠷᠠᠭᠤᠯᠵᠤ᠂ ᠥᠪᠡᠷ ᠥᠪᠡᠷ ᠤᠨ ᠣᠨᠴᠠᠯᠢᠭ ᠲᠠᠢ | ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢ ᠪᠠᠶᠢᠭᠤᠯᠵᠤ᠂ ᠪᠠᠭ᠎ᠠ ᠭᠡᠷ ᠪᠦᠯᠢ ᠶᠢᠨ ᠭᠤᠶᠤ ᠰᠠᠶᠢᠬᠠᠨ ᠢᠶᠠᠷ | ᠬᠥᠳᠡᠭᠡ ᠲᠣᠰᠬᠤᠨ ᠤ ᠭᠤᠶᠤ ᠰᠠᠶᠢᠬᠠᠨ ᠢ ᠠᠮᠵᠢᠯᠲᠠ ᠲᠠᠢ ᠪᠢᠴᠢᠭᠯᠡᠵᠦ᠂ ᠨᠣᠭᠤᠭᠠᠨ ᠥᠩᠭᠡ ᠶᠢ ᠠᠯᠬᠤᠮ | ᠠᠯᠬᠤᠮ ᠢᠶᠠᠷ ᠮᠠᠯᠴᠢᠨ ᠲᠠᠷᠢᠶᠠᠴᠢᠨ ᠤ ᠠᠮᠢᠳᠤᠷᠠᠯ ᠤᠨ ᠵᠣᠯ ᠵᠢᠷᠭᠠᠯᠲᠤ ᠰᠠᠭᠤᠷᠢ ᠥᠩᠭᠡ ᠪᠤᠯᠭᠠᠬᠰᠠᠨ ᠪᠠᠶᠢᠨ᠎ᠠ᠃ | ᠡᠭᠦᠨ ᠤ ᠬᠠᠮᠲᠤ᠂ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ ᠠᠷᠠᠳ ᠤᠨ | ᠰᠡᠳᠬᠢᠯ ᠳᠤ ᠨᠡᠶᠢᠴᠡᠭᠦᠯᠵᠦ᠂ ᠠᠵᠤ ᠦᠢᠯᠡᠰ ᠤᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ | ᠲᠣᠭᠤᠷᠢᠨ᠂ ᠬᠥᠳᠡᠭᠡ ᠲᠣᠰᠬᠤᠨ ᠤ ᠪᠣᠯᠪᠠᠰᠤᠨ ᠵᠠᠩ ᠰᠤᠷᠲᠠᠯ ᠵᠡᠷᠭᠡ ᠣᠯᠠᠨ ᠲᠠᠯ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ᠵᠠᠰᠠᠯᠲᠠ ᠶᠢᠨ ᠴᠢᠳᠠᠮᠵᠢ ᠪᠠᠨ ᠴᠢᠩᠭᠠᠳᠬᠠᠵᠤ᠂ ᠬᠥᠳᠡᠯᠭᠡᠬᠦ ᠬᠦᠴᠦᠨ ᠢᠶᠠᠨ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠠᠮᠢᠵᠢᠷᠠᠯ ᠤᠨ ᠬᠦᠴᠦᠨ ᠢ ᠬᠥᠭᠵᠢᠭᠡᠨ᠂ ᠳᠣᠲᠣᠭᠠᠳᠤ ᠭᠠᠳᠠᠭᠠᠳᠤ ᠶᠢ ᠵᠡᠷᠭᠡᠪᠡᠷ ᠵᠠᠰᠠᠭᠰᠠᠨ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠵᠤ᠂ ᠮᠠᠯᠴᠢᠨ ᠲᠠᠷᠢᠶᠠᠴᠢᠨ ᠢ ᠭᠤᠶᠤ | ᠰᠠᠶᠢᠬᠠᠨ ᠭᠡᠷ ᠪᠠᠶᠢᠰᠢᠩ ᠳᠤ ᠰᠠᠭᠤᠯᠭᠠᠨ᠂ ᠰᠠᠶᠢᠨ ᠰᠠᠶᠢᠬᠠᠨ ᠠᠮᠢᠳᠤᠷᠠᠯ ᠲᠠᠢ ᠪᠤᠯᠭᠠᠬᠤ ᠪᠠᠷ ᠴᠢᠷᠮᠠᠶᠢᠭᠰᠠᠭᠠᠷ | ᠢᠷᠡᠵᠡᠢ᠃ | ᠪᠠᠷᠠᠭᠤᠨ ᠪᠡᠯ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ | ᠳᠠᠷᠤᠭ᠎ᠠ᠂ ᠪᠠᠯᠭᠠᠰᠤᠨ ᠤ ᠳᠡᠳ᠋ ᠳᠠᠷᠤᠭ᠎ᠠ ᠮᠢ ᠨᠥᠸᠧ ᠾᠧᠩ᠄ ︽ᠡᠩ ᠲᠡᠷᠢᠭᠦᠨ ᠳᠤ ᠪᠦᠲᠦᠭᠡᠨ | ᠪᠠᠶᠢᠭᠤᠯᠤᠯᠲᠠ ᠶᠢᠨ ᠲᠠᠯ᠎ᠠ ᠪᠠᠷ ᠵᠣᠷᠯᠣᠩ ᠤᠨ ᠬᠤᠪᠢᠰᠬᠠᠯ ᠢ ᠭᠦᠨᠵᠡᠭᠡᠢ ᠠᠬᠢᠭᠤᠯᠬᠤ᠂ ᠲᠦᠷᠪᠡᠨ ᠰᠠᠶᠢᠨ ᠬᠥᠳᠡᠭᠡ | ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ᠂ ᠪᠣᠬᠢᠷ ᠤᠰᠤᠨ ᠤ ᠬᠤᠭᠤᠯᠠᠢ ᠶᠢᠨ ᠲᠣᠣᠷ ᠢ | ᠲᠡᠰ ᠳᠡᠪᠰᠢᠭᠦᠯᠦᠨ ᠥᠭᠡᠷᠡᠴᠢᠯᠡᠨ ᠪᠠᠶᠢᠭᠤᠯᠬᠤ᠂ ᠨᠡᠭᠦᠷᠡᠰᠦ ᠶᠢ ᠴᠠᠭᠢᠯᠭᠠᠨ ᠪᠣᠯᠭᠠᠨ ᠥᠭᠡᠷᠡᠴᠢᠯᠡᠬᠦ ᠶᠢ ᠥᠷᠭᠡᠳᠬᠡᠬᠦ | ᠵᠡᠷᠭᠡ ᠲᠠᠯ᠎ᠠ ᠪᠠᠷ ᠬᠦᠴᠦᠯᠡᠨ ᠬᠢᠬᠦ ᠪᠣᠯᠣᠨ᠎ᠠ᠂ ᠡᠭᠦᠨ ᠠᠴᠠ ᠭᠠᠳᠠᠨ᠎ᠠ᠂ ᠮᠠᠨ ᠤ ᠪᠠᠯᠭᠠᠰᠤᠨ ᠤ ᠬᠢᠨ ᠰᠣᠶᠣᠯ ᠤᠨ | ᠪᠠᠶᠢᠭᠤᠯᠤᠯᠲᠠ ᠶᠢᠨ ᠲᠠᠯ᠎ᠠ ᠪᠠᠷ ᠪᠠᠶᠠᠯᠢᠭ ᠰᠠᠶᠢᠬᠠᠨ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠮᠠᠯᠴᠢᠨ | ᠲᠠᠷᠢᠶᠠᠴᠢᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠭᠠᠷ ᠢᠷᠡᠵᠡᠢ᠃ ᠠᠵᠤ | ᠦᠢᠯᠡᠰ ᠤᠨ ᠬᠥᠭᠵᠢᠯᠲᠡ ᠶᠢᠨ ᠲᠠᠯ᠎ᠠ ᠳᠤ᠂ ᠮᠠᠨ ᠤ ᠪᠠᠯᠭᠠᠰᠤᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠲᠠᠢ | ᠨᠢᠭᠲᠠ ᠤᠶᠠᠯᠳᠤᠭᠤᠯᠤᠨ᠂ ᠨᠢᠭᠡᠳᠦᠭᠡᠷ ᠠᠵᠤ ᠦᠢᠯᠡᠰ ᠢᠶᠠᠷ ᠬᠤᠶᠠᠳᠤᠭᠠᠷ ᠠᠵᠤ ᠦᠢᠯᠡᠰ ᠢ ᠳᠠᠶᠢᠴᠢᠯᠠᠨ | ᠭᠤᠷᠪᠠᠳᠤᠭᠠᠷ ᠠᠵᠤ ᠦᠢᠯᠡᠰ ᠢ ᠠᠬᠢᠭᠤᠯᠬᠤ ᠬᠥᠭᠵᠢᠯᠲᠡ ᠶᠢᠨ ᠰᠡᠳᠬᠢᠮᠵᠢ ᠪᠠᠷ ︿ᠳᠠᠷᠢᠬᠤ + ᠲᠡᠵᠢᠭᠡᠨ | ᠦᠷᠡᠵᠢᠭᠦᠯᠬᠦ﹀ ᠪᠣᠬᠢᠷᠳᠤᠯ ᠦᠭᠡᠢ ᠡᠷᠭᠢᠯᠲᠡᠲᠦ ᠬᠥᠭᠵᠢᠯᠲᠡ ᠶᠢᠨ ᠵᠠᠭᠪᠤᠷ ᠢ ᠪᠤᠶ ᠪᠤᠯᠭᠠᠵᠣ ᠪᠠᠶᠢᠨ᠎ᠠ︾ ᠭᠡᠪᠡ᠃ | | |