ᠠᠯᠠᠱᠠ ᠣᠶᠢᠷᠠᠳ ᠤᠨ ᠵᠠᠩ ᠤᠶᠢᠯᠡ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠲᠥᠪ ᠵᠢᠯ ᠪᠦᠷᠢ 2 ᠲᠦᠮᠡ ᠭᠠᠷᠤᠢ ᠭᠠᠳᠠᠨ᠎ᠠ ᠮᠤᠵᠢ ᠣᠷᠣᠨ ᠤ ᠬᠡᠦᠬᠡᠳ ᠲᠤ ᠤᠯᠠᠮᠵᠢᠯᠠᠯᠲᠤ ᠰᠣᠶᠣᠯ ᠢᠶᠠᠨ ᠬᠠᠷᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/12/30
                                           ● ᠰᠡᠴᠡᠨ᠂ ᠡᠷᠳᠡᠨᠢᠬᠦᠦ                            - ᠵᠠ᠂ ᠠᠯᠤᠰ ᠬᠤᠯᠠ ᠠᠴᠠ ᠥᠩ ᠥᠷᠭᠡᠨ ᠠᠯᠠᠱᠠ ᠨᠤᠲᠤᠭ ᠲᠤ ᠮᠣᠷᠢᠯᠠᠨ ᠰᠠᠭᠠᠲᠠᠭᠰᠠᠨ ᠲᠠᠨᠠᠷ ᠢ ᠪᠠᠨ ᠪᠠᠶᠠᠷᠯᠠᠨ ᠤᠭᠲᠤᠵᠤ ᠪᠠᠶᠢᠨ᠎ᠠ᠃ ᠡᠨᠡ ᠪᠣᠯ ᠮᠠᠨ ᠤ ᠲᠥᠪ ᠤᠨ ᠬᠠᠴᠢᠨ ᠴᠢᠯᠠᠭᠤᠨ ᠤ ᠮᠦᠽᠧᠢ᠂ ᠡ᠊ᠨᠳᠡ ᠠᠯᠠᠱᠠ ᠨᠤᠲᠤᠭ ᠤᠨ ᠬᠠᠰ᠂ ᠮᠠᠨᠤ ᠮᠡᠲᠦ ᠶᠢᠨ ᠭᠤᠪᠢ ᠨᠤᠲᠤᠭ ᠤᠨ ᠡᠷᠳᠡᠨᠢ ᠶᠢᠨ ᠴᠢᠯᠠᠭᠤ ᠶᠢ ᠬᠠᠳᠠᠭᠠᠯᠠᠵᠤ ᠪᠤᠢ ᠁              - ᠮᠠᠨ ᠤ ᠮᠣᠩᠭᠤᠯᠴᠤᠳ ᠴᠠᠭᠠᠨ ᠢᠳᠡᠭᠡ ᠶᠢ ᠮᠠᠰᠢᠳᠠ ᠬᠦᠨᠳᠦᠳᠬᠡᠨ ᠦᠵᠡᠳᠡᠭ᠃ ᠲᠡᠶᠢᠮᠤ ᠳᠡᠭᠡᠨ ᠤᠷᠳᠤ ᠤᠳᠠᠭᠠᠨ ᠵᠢᠯ ᠤᠨ ᠤᠯᠠᠮᠵᠢᠯᠠᠯ ᠢᠶᠠᠷ ᠲᠠᠮᠵᠢᠨ ᠮᠣᠩᠭᠤᠯᠴᠤᠳ ᠥᠪᠡᠷ ᠤᠨ ᠭᠡᠰᠡᠨ ᠴᠠᠭᠠᠨ ᠢᠳᠡᠭᠡᠨ ᠤ ᠰᠣᠶᠣᠯ ᠢ ᠪᠦᠷᠢᠯᠳᠦᠭᠦᠯᠦᠭᠰᠡᠨ ᠪᠠᠶᠢᠳᠠᠭ᠃ ᠡᠭᠦᠨ ᠢ ᠪᠣᠯ ᠬᠥᠷᠥᠩᠭᠡ ᠭᠡᠨ᠎ᠡ ᠁              ᠪᠠᠶᠠᠨᠬᠤᠲᠠ ᠪᠠᠯᠭᠠᠰᠤᠨ ᠤ ᠣᠪᠣᠭᠠᠲᠤ ᠭᠠᠴᠠᠭᠠᠨ ᠳᠤ ᠪᠠᠶᠢᠷᠢᠯᠠᠭ᠎ᠠ ᠠᠯᠠᠱᠠ ᠣᠶᠢᠷᠠᠳ ᠤᠨ ᠵᠠᠩ ᠤᠶᠢᠯᠡ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠲᠥᠪ ᠲᠤ ᠬᠦᠷᠴᠦ ᠣᠴᠢᠬᠤ ᠳᠤ ᠬᠢᠴᠢᠶᠡᠯᠯᠡᠭᠴᠢ ᠪᠠᠭᠰᠢ ᠠᠴᠠ ᠡᠶᠢᠨ ᠬᠦ ᠤᠯᠠᠮᠵᠢᠯᠠᠯᠲᠤ ᠰᠣᠶᠣᠯ ᠤᠨ ᠬᠢᠴᠢᠶᠡᠯ ᠲᠠᠶᠢᠯᠤᠮᠵᠢ ᠬᠢᠵᠦ ᠪᠠᠶᠢᠯ᠎ᠠ᠃ ᠦᠨᠳᠦᠰᠦᠲᠡᠨ ᠤ ᠣᠨᠴᠠᠯᠢᠭ ᠢᠶᠠᠷ ᠵᠠᠰᠠᠵᠤ ᠴᠢᠮᠡᠭᠰᠡᠨ ᠲᠣᠮᠣᠬᠠᠨ ᠥᠷᠥᠭᠡᠨ ᠳᠤ ᠮᠠᠨ ᠤ ᠤᠯᠤᠰ ᠤᠨ ᠱᠠᠩᠬᠠᠢ ᠬᠤᠳᠠ᠂ ᠴᠦᠩᠴᠢᠩ᠂ ᠰᠢ ᠠᠨ ᠵᠡᠷᠭᠡ ᠬᠤᠳᠠ ᠠᠴᠠ ᠠᠯᠠᠱᠠ ᠨᠤᠲᠤᠭ ᠢ ᠵᠣᠷᠢᠵᠤ ᠢᠷᠡᠭᠰᠡᠨ ᠬᠤᠷᠢᠭᠠᠳ ᠬᠡᠦᠬᠡᠳ ᠠᠩᠬ᠎ᠠ ᠤᠳᠠᠭ᠎ᠠ ᠪᠠᠨ ᠴᠠᠭᠠᠨ ᠢᠳᠡᠭᠡᠨ ᠪᠤᠯᠪᠠᠰᠤᠷᠠᠭᠤᠯᠬᠤ ᠠᠵᠢᠯ ᠳᠤ ᠤᠷᠤᠯᠴᠠᠵᠦ᠂ ᠥᠪᠡᠷ ᠲᠡᠭᠡᠨ ᠭᠠᠷ ᠬᠥᠳᠡᠯᠦᠨ ᠪᠢᠰᠢᠯᠠᠭ ᠬᠢᠵᠦ ᠠᠮᠲᠠᠯᠠᠵᠠᠭᠠᠨ᠎ᠠ᠃              ︽ᠪᠢᠳᠠ ᠲᠦᠷᠪᠡᠨ ᠡᠳᠦᠷ ᠤᠨ ᠡᠮᠦᠨ᠎ᠡ ᠠᠯᠠᠱᠠ ᠨᠤᠲᠤᠭ ᠲᠤ ᠢᠷᠡᠴᠢᠬᠡᠭᠡᠳ᠂ ᠡᠬᠢᠨ ᠤ ᠭᠤᠷᠪᠠᠨ ᠡᠳᠦᠷ ᠢ ᠡᠯᠡᠰᠦᠨ ᠳᠤ ᠪᠠᠷᠳᠠᠭ᠎ᠠ ᠲᠤᠭᠤᠯᠵᠦ ᠥᠩᠭᠡᠷᠡᠭᠦᠯᠦᠭᠰᠡᠨ᠃ ᠥᠨᠥᠳᠥᠷ ᠡᠨᠡ ᠬᠦ ᠮᠣᠩᠭᠤᠯ ᠦᠨᠳᠦᠰᠦᠲᠡᠨ ᠤ ᠰᠣᠶᠣᠯ ᠤᠨ ᠤᠭᠢ ᠰᠢᠯᠢᠳᠡᠭ ᠢ ᠬᠠᠷᠠᠭᠤᠯᠤᠭᠰᠠᠨ ᠠᠯᠠᠱᠠ ᠣᠶᠢᠷᠠᠳ ᠤᠨ ᠵᠠᠩ ᠤᠶᠢᠯᠡ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠲᠥᠪ ᠲᠤ ᠬᠡᠦᠬᠡᠳ ᠢᠶᠠᠨ ᠳᠠᠭᠠᠭᠤᠯᠵᠤ ᠢᠷᠡᠭᠡᠳ ᠲᠣᠭᠤᠷᠢᠨ ᠦᠵᠡᠬᠦ᠂ ᠪᠡᠶᠡᠴᠢᠯᠡᠨ ᠣᠷᠤᠯᠴᠠᠬᠤ ᠪᠠᠷ ᠲᠡᠮᠵᠢᠨ ᠠᠯᠠᠱᠠ ᠶᠢᠨ ᠮᠣᠩᠭᠤᠯ ᠦᠨᠳᠦᠰᠦᠲᠡᠨ ᠤ ᠠᠵᠤ ᠠᠮᠢᠳᠤᠷᠠᠯ᠂ ᠤᠯᠠᠮᠵᠢᠯᠠᠯᠲᠤ ᠰᠣᠶᠣᠯ ᠪᠠ ᠵᠠᠩ ᠠᠷᠠᠨᠰᠢᠨ ᠢ ᠣᠶᠢᠯᠠᠭᠠᠭᠤᠯᠵᠤ ᠪᠠᠶᠢᠨ᠎ᠠ᠃ ᠡᠨᠡ ᠨᠢ ᠦᠨᠳᠦᠰᠦᠲᠡᠨ ᠨᠦᠭᠦᠳ ᠤᠨ ᠬᠤᠭᠤᠷᠤᠨᠳᠤᠭᠢ ᠬᠠᠷᠢᠯᠴᠠᠭ᠎ᠠ ᠬᠤᠯᠪᠤᠭ᠎ᠠ ᠶᠢ ᠨᠢᠭᠲᠠᠷᠠᠭᠤᠯᠬᠤ᠂ ᠦᠨᠳᠦᠰᠦᠲᠡᠨ ᠨᠦᠭᠦᠳ ᠤᠨ ᠬᠤᠭᠤᠷᠤᠨᠳᠤᠭᠢ ᠣᠶᠢᠯᠠᠭᠠᠯᠴᠠᠭ᠎ᠠ ᠶᠢ ᠵᠤᠵᠠᠭᠠᠳᠬᠠᠬᠤ ᠳᠤ ᠲᠦᠯᠬᠢᠴᠡ ᠦᠢᠯᠡᠳᠦᠯ ᠲᠠᠢ︾ ᠭᠡᠵᠦ ᠲᠤᠰ ᠤᠳᠠᠭᠠᠨ ᠤ ᠵᠢᠭᠤᠯᠴᠢᠯᠠᠯ ᠤᠨ ᠠᠵᠢᠯᠯᠠᠭ᠎ᠠ ᠶᠢ ᠬᠠᠷᠢᠭᠤᠴᠠᠵᠤ ᠪᠠᠶᠢᠭ᠎ᠠ ᠰᠢᠨ ᠳ᠋ᠦᠩ ᠹᠠᠩ ᠰᠤᠷᠭᠠᠭᠤᠯᠢ ᠶᠢᠨ ᠪᠠᠭᠰᠢ ᠯᠢ ᠰᠢᠨ ᠶᠤᠸᠠᠨ ᠶᠠᠷᠢᠯ᠎ᠠ᠃              ᠠᠯᠠᠱᠠ ᠣᠶᠢᠷᠠᠳ ᠤᠨ ᠵᠠᠩ ᠤᠶᠢᠯᠡ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠲᠥᠪ ᠢ ᠠᠵᠢᠯ ᠤᠨ ᠠᠮᠠᠷᠠᠯᠲᠠ ᠪᠠᠨ ᠠᠪᠤᠭᠰᠠᠨ ᠠᠬᠠᠮᠠᠳ ᠺᠠᠳ᠋ᠷ ᠬᠠᠰᠪᠠᠭᠠᠲᠤᠷ ᠦᠨᠳᠦᠰᠦᠲᠡᠨ ᠤ ᠵᠠᠩ ᠵᠠᠩᠰᠢᠯ ᠪᠠ ᠲᠡᠦᠬᠡ ᠰᠣᠶᠣᠯ ᠤᠨ ᠰᠤᠷᠭᠠᠨ ᠬᠥᠮᠦᠵᠢᠯ ᠬᠢᠬᠦ᠂ ᠰᠤᠳᠤᠯᠭ᠎ᠠ ᠰᠣᠯᠢᠯᠴᠠᠭᠠᠨ ᠤ ᠲᠠᠪᠴᠠᠩ ᠪᠤᠯᠭᠠᠬᠤ ᠵᠣᠷᠢᠯᠭ᠎ᠠ ᠪᠠᠷ 2016 ᠣᠨ ᠳᠤ ᠡᠭᠦᠰᠬᠡᠨ ᠪᠠᠶᠢᠭᠤᠯᠵᠤ᠂ ᠵᠤᠭᠠᠴᠠᠯ᠂ ᠤᠯᠠᠮᠵᠢᠯᠠᠯᠲᠤ ᠮᠠᠯᠵᠢᠬᠤ ᠰᠣᠶᠣᠯ ᠤᠨ ᠬᠢᠴᠢᠶᠡᠯ ᠲᠠᠶᠢᠯᠤᠮᠵᠢ ᠬᠢᠬᠦ᠂ ᠬᠤᠨᠤᠭ ᠰᠠᠭᠤᠴᠠ᠂ ᠢᠳᠡᠭᠡᠨ ᠤᠮᠳᠠᠭᠠᠨ ᠵᠡᠷᠭᠡ ᠦᠢᠯᠡᠴᠢᠯᠡᠭᠡ ᠶᠢ ᠪᠦᠷᠢᠨ ᠬᠠᠮᠤᠷᠤᠭᠰᠠᠨ ᠲᠥᠪ ᠪᠣᠯᠭᠠᠨ ᠪᠦᠲᠦᠭᠡᠨ ᠪᠠᠶᠢᠭᠤᠯᠤᠭᠰᠠᠨ ᠪᠠᠶᠢᠨ᠎ᠠ᠃ ᠲᠤᠰ ᠲᠥᠪ ᠲᠤ ᠬᠠᠰᠪᠠᠭᠠᠲᠤᠷ ᠭᠤᠸᠠᠢ ᠶᠢᠨ ᠳᠥᠴᠢᠭᠡᠳ ᠵᠢᠯ ᠬᠤᠷᠢᠶᠠᠨ ᠬᠠᠳᠠᠭᠠᠯᠠᠭᠰᠠᠨ 800 ᠭᠠᠷᠤᠢ ᠨᠡᠭᠦᠳᠡᠯ ᠰᠣᠶᠣᠯ ᠪᠠ ᠠᠶᠠᠨ ᠵᠢᠩ ᠤᠨ ᠰᠣᠶᠣᠯ ᠤᠨ ᠬᠤᠪᠣᠷ ᠴᠤᠬᠠᠭ ᠬᠠᠳᠠᠭᠠᠯᠠᠮᠵᠢ᠂ 300 ᠭᠠᠷᠤᠢ ᠬᠤᠪᠢᠰᠬᠠᠯᠲᠤ ᠲᠡᠦᠬᠡ ᠰᠣᠶᠣᠯ ᠤᠨ ᠬᠠᠳᠠᠭᠠᠯᠠᠮᠵᠢ᠂ 4000 ᠭᠠᠷᠤᠢ ᠵᠢᠷᠤᠭᠲᠤ ᠳᠡᠪᠲᠡᠷ᠂ ᠬᠠᠭᠤᠴᠢᠨ ᠰᠣᠨᠢᠨ ᠰᠡᠳᠬᠦᠯ ᠢ ᠦᠵᠡᠭᠦᠯᠭᠡ ᠶᠢᠨ ᠲᠢᠩᠬᠢᠮ ᠳᠡᠭᠡᠨ ᠳᠡᠯᠭᠡᠨ ᠦᠵᠡᠭᠦᠯᠵᠦ᠂ ᠬᠤᠯᠠ ᠣᠶᠢᠷ᠎ᠠ ᠶᠢᠨ ᠵᠣᠴᠢᠳ ᠲᠤ ᠲᠡᠦᠬᠡ ᠰᠣᠶᠣᠯ ᠤᠨ ᠬᠦᠷᠲᠡᠭᠡᠯ ᠪᠤᠯᠭᠠᠵᠦ ᠪᠤᠢ᠃              ᠲᠤᠰ ᠲᠥᠪ ᠨᠢ ᠪᠠᠶᠢᠭᠤᠯᠤᠭᠳᠠᠭᠰᠠᠨ ᠠᠴᠠ ᠨᠠᠭᠠᠰᠢ ᠬᠥᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠭᠦ ᠴᠡᠭ᠂ ᠠᠯᠠᠱᠠ ᠠᠶᠢᠮᠠᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠭᠠᠵᠠᠷ᠂ ᠠᠯᠠᠱᠠ ᠶᠢᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠵᠤ ᠰᠤᠳᠤᠯᠤᠨ ᠰᠤᠷᠤᠯᠴᠠᠬᠤ ᠲᠥᠪ᠂ ᠠᠯᠠᠱᠠ ᠵᠡᠭᠦᠨ ᠬᠤᠰᠢᠭᠤᠨ ᠤ ᠦᠨᠳᠦᠰᠦᠲᠡᠨ ᠤ ᠵᠠᠩ ᠤᠶᠢᠯᠡ ᠰᠣᠶᠣᠯ ᠤᠨ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠵᠠᠯᠠᠭᠤᠴᠤᠳ ᠪᠠᠭᠠᠴᠤᠳ ᠤᠨ ᠡᠬᠡ ᠣᠷᠣᠨᠴᠢ ᠦᠵᠡᠯ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠵᠡᠷᠭᠡ ᠠᠯᠢ ᠤᠯᠠᠨ ᠪᠣᠯᠪᠠᠰᠤᠷᠠᠯ ᠦᠢᠯᠡᠳᠦᠯᠭᠡ ᠶᠢᠨ ᠰᠠᠭᠤᠷᠢᠨ ᠭᠠᠵᠠᠷ ᠤᠨ ᠦᠢᠯᠡᠳᠦᠯ ᠢᠶᠠᠨ ᠪᠠᠳᠠᠷᠠᠭᠤᠯᠵᠤ᠂ ᠠᠯᠠᠱᠠ ᠠᠶᠢᠮᠠᠭ᠂ ᠥᠪᠥᠷ ᠮᠣᠩᠭᠤᠯ ᠣᠷᠣᠨ᠂ ᠲᠡᠷᠡᠴᠢᠯᠡᠨ ᠪᠦᠭᠦ ᠤᠯᠤᠰ ᠤᠨ ᠬᠡᠪᠴᠢᠶᠡᠨ ᠤ ᠬᠡᠦᠬᠡᠳ ᠪᠠᠭᠠᠴᠤᠳ ᠤᠨ ᠵᠤᠭᠠᠴᠠᠨ ᠰᠤᠷᠤᠯᠴᠠᠬᠤ ᠰᠠᠭᠤᠷᠢᠨ ᠭᠠᠵᠠᠷ ᠪᠣᠯᠤᠭᠰᠠᠨ ᠪᠠᠶᠢᠨ᠎ᠠ᠃              ︽ᠠᠯᠠᠱᠠ ᠨᠤᠲᠤᠭ ᠲᠤ ᠢᠷᠡᠭᠡᠳ ᠡᠯᠡᠰᠦᠨ ᠳᠤ ᠪᠠᠷᠳᠠᠭ᠎ᠠ ᠲᠤᠭᠤᠯᠬᠤ ᠠᠶᠠᠯᠠᠯ ᠬᠢᠵᠦ᠂ ᠡᠯᠡᠰᠦᠨ ᠣᠷᠣᠢ ᠳᠡᠭᠡᠷ᠎ᠡ ᠬᠡᠪᠲᠡᠨ ᠤᠳᠤᠨ ᠮᠡᠴᠢᠳ ᠭᠢᠯᠠᠯᠵᠠᠭᠰᠠᠨ ᠰᠥᠨᠢ ᠶᠢᠨ ᠣᠭᠲᠠᠷᠭᠤᠢ ᠶᠢ ᠰᠢᠷᠳᠡᠭᠦ ᠳᠡᠭᠡᠨ ᠪᠦᠲᠦᠨ ᠰᠥᠨᠢ ᠤᠨᠲᠠᠮᠠᠷ ᠦᠭᠡᠢ ᠰᠠᠨᠠᠭᠳᠠᠵᠤ ᠪᠠᠶᠢᠯ᠎ᠠ᠃ ᠥᠨᠥᠳᠥᠷ ᠪᠠᠰᠠ ᠴᠠᠭᠠᠨ ᠢᠳᠡᠭᠡᠨ ᠪᠤᠯᠪᠠᠰᠤᠷᠠᠭᠤᠯᠬᠤ᠂ ᠪᠦᠭᠡ ᠪᠠᠷᠢᠯᠳᠤᠬᠤ᠂ ᠨᠤᠮᠤ ᠰᠤᠮᠤ ᠬᠠᠷᠪᠤᠬᠤ᠂ ᠮᠣᠩᠭᠤᠯ ᠭᠡᠷ ᠪᠠᠷᠢᠬᠤ ᠵᠡᠷᠭᠡ ᠬᠢᠴᠢᠶᠡᠯ ᠣᠷᠣᠬᠤ ᠪᠠᠷ ᠲᠠᠮᠵᠢᠨ ᠮᠣᠩᠭᠤᠯ ᠦᠨᠳᠦᠰᠦᠲᠡᠨ ᠤ ᠠᠮᠢᠳᠤᠷᠠᠯ ᠳᠤ ᠤᠯᠠᠮ ᠭᠦᠨᠵᠡᠭᠡᠢ ᠣᠶᠢᠯᠠᠭᠠᠯᠲᠠ ᠲᠠᠢ ᠪᠣᠯᠪᠠ᠃ ᠦᠨᠡᠬᠡᠷ ᠮᠠᠷᠲᠠᠭᠳᠠᠰᠢ ᠦᠭᠡᠢ ᠨᠢᠭᠡᠨ ᠤᠳᠠᠭᠠᠨ ᠤ ᠠᠶᠠᠯᠠᠯ ᠪᠣᠯᠤᠭᠰᠠᠨ ᠰᠢᠤ᠃ ᠠᠬᠢᠵᠤ ᠪᠠᠰᠠ ᠨᠢᠭᠡ ᠤᠳᠠᠭ᠎ᠠ ᠢᠷᠡᠬᠦ ᠬᠦᠰᠡᠯ ᠰᠡᠳᠬᠢᠯ ᠳᠤ ᠨᠢᠭᠡᠨᠲᠡ ᠤᠷᠭᠤᠭᠠᠳ ᠪᠠᠶᠢᠨ᠎ᠠ︾ ᠭᠡᠵᠦ ᠰᠢ ᠠᠨ ᠠᠴᠠ ᠢᠷᠡᠭᠰᠡᠨ ᠰᠤᠷᠤᠬᠴᠢ ᠯᠢᠦ ᠶᠢᠨ ᠴᠧᠨ ᠪᠦᠭᠡ ᠶᠢᠨ ᠰᠣᠷᠢᠶ᠎ᠠ ᠪᠠᠷᠢᠯᠳᠤᠭᠠᠨ ᠳᠤ ᠬᠤᠶᠠᠷ ᠳᠠᠪᠠᠭᠠᠳ ᠰᠡᠳᠬᠢᠯ ᠳᠣᠭᠳᠣᠯᠤᠨ ᠶᠠᠷᠢᠨ᠎ᠠ᠃ ᠤᠤᠯ ᠠᠴᠠ ᠪᠠᠨ ᠮᠣᠩᠭᠤᠯ ᠰᠣᠶᠣᠯ᠂ ᠮᠣᠩᠭᠤᠯ ᠠᠵᠤ ᠠᠮᠢᠳᠤᠷᠠᠯ ᠲᠠᠢ ᠤᠶᠢᠷᠠᠳᠴᠦ ᠪᠠᠶᠢᠭ᠎ᠠ ᠦᠭᠡᠢ ᠯᠢᠦ ᠶᠢᠨ ᠴᠧᠨ ᠣᠬᠤᠷᠬᠠᠨ ᠬᠡᠳᠦᠨ ᠡᠳᠦᠷ ᠤᠨ ᠠᠶᠠᠯᠠᠯ ᠵᠤᠭᠠᠴᠠᠯ ᠢᠶᠠᠷ ᠠᠯᠠᠱᠠ ᠨᠤᠲᠤᠭ ᠪᠠ ᠠᠯᠠᠱᠠ ᠨᠤᠲᠤᠭ ᠤᠨ ᠬᠥᠮᠥᠨ ᠠᠷᠠᠳ ᠤᠨ ᠰᠣᠶᠣᠯ ᠳᠤ ᠭᠦᠨ ᠵᠤᠵᠠᠭᠠᠨ ᠣᠶᠢᠯᠠᠭᠠᠯᠲᠠ ᠲᠠᠢ ᠪᠣᠯᠵᠤ᠂ ᠥᠪᠡᠷ ᠢᠶᠠᠨ ᠭᠠᠷ ᠬᠥᠳᠡᠯᠦᠨ ᠪᠢᠰᠢᠯᠠᠭ ᠬᠢᠬᠦ ᠪᠠᠷ ᠲᠠᠮᠵᠢᠨ ᠮᠣᠩᠭᠤᠯ ᠦᠨᠳᠦᠰᠦᠲᠡᠨ ᠤ ᠢᠳᠡᠭᠡᠨ ᠤᠮᠳᠠᠭᠠᠨ ᠢ ᠬᠦᠨᠳᠦᠯᠡᠬᠦ ᠶᠣᠰᠣᠨ ᠢ ᠣᠶᠢᠯᠠᠭᠠᠵᠤ ᠮᠡᠳᠡᠵᠡᠢ᠃              ᠠᠯᠠᠱᠠ ᠣᠶᠢᠷᠠᠳ ᠤᠨ ᠵᠠᠩ ᠤᠶᠢᠯᠡ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠲᠥᠪ ᠨᠢ ᠰᠤᠷ ᠬᠠᠷᠪᠤᠭ᠎ᠠ᠂ ᠪᠦᠭᠡ ᠶᠢᠨ ᠪᠠᠷᠢᠯᠳᠤᠭᠠᠨ ᠵᠡᠷᠭᠡ ᠡᠷ᠎ᠡ ᠶᠢᠨ ᠭᠤᠷᠪᠠᠨ ᠨᠠᠭᠠᠳᠤᠮ ᠤᠨ ᠬᠢᠴᠢᠶᠡᠯ᠂ ᠠᠶᠢᠷᠠᠭ ᠢᠰᠬᠡᠬᠦ᠂ ᠪᠢᠰᠢᠯᠠᠭ ᠬᠢᠬᠦ᠂ ᠰᠠᠭᠠᠯᠢ ᠶᠢᠨ ᠰᠢᠬᠢᠷ ᠬᠢᠬᠦ ᠵᠡᠷᠭᠡ ᠤᠯᠠᠮᠵᠢᠯᠠᠯᠲᠤ ᠴᠠᠭᠠᠨ ᠢᠳᠡᠭᠡᠨ ᠤ ᠬᠢᠴᠢᠶᠡᠯ᠂ ᠮᠣᠩᠭᠤᠯ ᠭᠡᠷ ᠪᠠᠷᠢᠬᠤ᠂ ᠬᠠᠳᠠᠭ ᠪᠠᠷᠢᠵᠤ ᠵᠣᠯᠭᠠᠬᠤ ᠵᠡᠷᠭᠡ ᠤᠯᠠᠮᠵᠢᠯᠠᠯᠲᠤ ᠶᠣᠰᠣ ᠵᠠᠩᠰᠢᠯ ᠤᠨ ᠬᠢᠴᠢᠶᠡᠯ᠂ ᠮᠣᠩᠭᠤᠯ ᠰᠢᠲᠠᠷ᠎ᠠ᠂ ᠪᠤᠭᠤ ᠵᠡᠷᠭᠡ ᠰᠢᠲᠠᠷ᠎ᠠ ᠶᠢᠨ ᠲᠦᠷᠦᠯ ᠤᠨ ᠬᠢᠴᠢᠶᠡᠯ᠂ ᠢᠰᠡᠭᠡᠢ ᠤᠷᠠᠯᠠᠯ᠂ ᠳᠠᠭᠤᠤ ᠪᠥᠵᠢᠭ ᠵᠡᠷᠭᠡ ᠨᠡᠶᠢᠳᠡ ᠬᠤᠷᠢᠭᠠᠳ ᠲᠦᠷᠦᠯ ᠤᠨ ᠮᠣᠩᠭᠤᠯ ᠰᠣᠶᠣᠯ ᠤᠨ ᠤᠭᠢ ᠰᠢᠮ᠎ᠡ ᠶᠢ ᠬᠠᠷᠠᠭᠤᠯᠬᠤ ᠬᠢᠴᠢᠶᠡᠯ ᠲᠣᠬᠢᠷᠠᠭᠤᠯᠤᠨ᠂ ᠭᠠᠳᠠᠨ᠎ᠠ ᠮᠤᠵᠢ ᠣᠷᠣᠨ ᠤ ᠬᠡᠦᠬᠡᠳ ᠲᠤ ᠠᠯᠠᠱᠠ ᠨᠤᠲᠤᠭ ᠤᠨ ᠬᠥᠮᠥᠨ ᠠᠷᠠᠳ ᠤᠨ ᠶᠣᠰᠣ ᠵᠠᠩᠰᠢᠯ ᠪᠠ ᠤᠯᠠᠮᠵᠢᠯᠠᠯᠲᠤ ᠰᠣᠶᠣᠯ ᠢ ᠲᠠᠨᠢᠭᠤᠯᠬᠤ ᠵᠣᠷᠢᠯᠭ᠎ᠠ ᠪᠠᠷ ᠡᠵᠡᠩᠨᠡᠯᠲᠡ ᠬᠢᠵᠦ᠂ ᠵᠢᠯ ᠪᠦᠷᠢ ᠤᠯᠤᠰ ᠤᠨ ᠳᠣᠲᠣᠭᠠᠳᠤ ᠶᠢᠨ ᠡᠯ᠎ᠡ ᠲᠤᠮᠳᠠᠳᠤ ᠪᠠᠭ᠎ᠠ ᠰᠤᠷᠭᠠᠭᠤᠯᠢ᠂ ᠶᠡᠭᠡ ᠳᠡᠭᠡᠳᠦ ᠰᠤᠷᠭᠠᠭᠤᠯᠢ ᠶᠢᠨ 2 ᠲᠦᠮᠡ ᠭᠠᠷᠤᠢ ᠰᠤᠷᠤᠬᠴᠢᠳ ᠢ ᠲᠤᠰᠤᠨ ᠠᠪᠴᠤ ᠵᠣᠴᠢᠯᠠᠵᠤ ᠪᠤᠢ᠃              ︽ᠮᠠᠨ ᠤ ᠲᠥᠪ ᠤᠨ ᠨᠡᠭᠦᠳᠡᠯ ᠰᠣᠶᠣᠯ ᠪᠠ ᠠᠶᠠᠨ ᠵᠢᠩ ᠤᠨ ᠰᠣᠶᠣᠯ ᠤᠨ ᠮᠦᠽᠧᠢ᠂ ᠬᠤᠪᠢᠰᠬᠠᠯᠲᠤ ᠲᠡᠦᠬᠡ ᠰᠣᠶᠣᠯ ᠤᠨ ᠮᠦᠽᠧᠢ᠂ ᠠᠯᠠᠱᠠ ᠶᠢᠨ ᠬᠠᠴᠢᠨ ᠴᠢᠯᠠᠭᠤᠨ ᠤ ᠮᠦᠽᠧᠢ ᠵᠡᠷᠭᠡ ᠭᠤᠷᠪᠠᠨ ᠮᠦᠽᠧᠢ ᠳᠤ ᠵᠢᠯ ᠪᠦᠷᠢ ᠠᠯᠠᠱᠠ ᠠᠶᠢᠮᠠᠭ ᠤᠨ ᠡᠯ᠎ᠡ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠬᠴᠢ ᠪᠠ ᠨᠤᠲᠤᠭ ᠣᠷᠣᠨ ᠤ ᠵᠤᠭᠠᠴᠠᠭᠴᠢ ᠶᠢ ᠦᠨ᠎ᠡ ᠲᠥᠯᠥᠪᠦᠷᠢ ᠦᠭᠡᠢ ᠭᠥᠯᠢᠶᠡᠨ ᠠᠪᠴᠤ ᠲᠣᠭᠤᠷᠢᠭᠤᠯᠳᠠᠭ᠃ ᠡᠯ᠎ᠡ ᠲᠦᠷᠦᠯ ᠤᠨ ᠬᠢᠴᠢᠶᠡᠯ ᠤᠨ ᠲᠠᠶᠢᠯᠤᠮᠵᠢ ᠬᠢᠳᠡᠭ ᠪᠠᠭᠰᠢ ᠨᠢ ᠪᠦᠷ ᠲᠤᠰᠬᠠᠢ ᠮᠡᠷᠭᠡᠵᠢᠯ ᠤᠨ ᠪᠠᠭᠰᠢ ᠨᠠᠷ᠃ ᠮᠣᠩᠭᠤᠯ ᠪᠦᠭᠡ ᠶᠢᠨ ᠬᠢᠴᠢᠶᠡᠯ ᠢ ᠠᠯᠳ᠋ᠬᠠᠠᠭᠤᠯᠠ᠂ ᠲᠦᠮᠡᠨᠨᠠᠰᠤᠨ ᠵᠡᠷᠭᠡ ᠨᠡᠷ᠎ᠡ ᠠᠯᠳᠠᠷ ᠲᠠᠢ ᠪᠠᠭᠰᠢ ᠵᠢᠭᠠᠵᠤ᠂ ᠬᠠᠳᠠᠭ ᠪᠠᠷᠢᠬᠤ ᠶᠣᠰᠣᠨ᠂ ᠬᠦᠨᠳᠦᠯᠡᠬᠦ ᠶᠣᠰᠣᠨ ᠤ ᠬᠢᠴᠢᠶᠡᠯ ᠢ ᠶᠢᠨ · ᠪᠤᠶᠠᠨᠵᠢᠷᠭᠠᠯ ᠭᠤᠸᠠᠢ ᠣᠷᠣᠵᠤ᠂ ᠰᠤᠷ ᠬᠠᠷᠪᠤᠭ᠎ᠠ ᠶᠢᠨ ᠬᠢᠴᠢᠶᠡᠯ ᠢ ᠲᠡᠭᠦᠰ ᠪᠠᠭᠰᠢ ᠭᠡᠬᠦᠴᠢᠯᠡᠨ ᠪᠦᠷ ᠯᠠ ᠥᠪᠡᠷ ᠤᠨ ᠮᠡᠷᠭᠡᠵᠢᠯ ᠳᠡᠭᠡᠨ ᠴᠣᠯᠭᠤᠷᠠᠵᠤ ᠶᠠᠪᠤᠭ᠎ᠠ ᠬᠥᠮᠥᠰ ᠢ ᠵᠠᠯᠠᠵᠤ ᠠᠪᠴᠢᠷᠠᠨ ᠬᠢᠴᠢᠶᠡᠯᠯᠡᠭᠦᠯᠵᠦ ᠪᠤᠢ︾ ᠭᠡᠵᠦ ᠬᠠᠰᠪᠠᠭᠠᠲᠤᠷ ᠤᠨ ᠭᠡᠷᠭᠡᠢ ᠰᠡᠴᠡᠨᠭᠤᠸ᠎ᠠ ᠲᠠᠨᠢᠯᠴᠠᠭᠤᠯᠤᠨ᠎ᠠ᠃ ᠰᠡᠴᠡᠨᠭᠤᠸ᠎ᠠ ᠤᠤᠯ ᠨᠢ ᠠᠵᠢᠯ ᠤᠨ ᠠᠮᠠᠷᠠᠯᠲᠠ ᠪᠠᠨ ᠠᠪᠤᠭᠠᠳ ᠰᠤᠯᠠ ᠰᠡᠯᠡᠭᠦᠦ ᠠᠮᠠᠷᠠᠵᠤ ᠰᠠᠭᠤᠬᠤ ᠨᠥᠬᠦᠴᠡᠯ ᠲᠠᠢ ᠪᠠᠶᠢᠯ᠎ᠠ᠃ ᠭᠡᠬᠦ ᠳᠡᠭᠡᠨ ᠡᠷ᠎ᠡ ᠨᠥᠬᠦᠷ ᠤᠨ ᠢᠶᠠᠨ ︽ᠬᠥᠮᠥᠨ ᠡᠨᠡ ᠶᠢᠷᠲᠢᠨᠴᠦ ᠳᠤ ᠢᠷᠡᠬᠦ ᠳᠡᠭᠡᠨ ᠯᠠᠪᠲᠠᠢ ᠥᠪᠡᠷ ᠤᠨ ᠭᠡᠰᠡᠨ ᠡᠭᠦᠷᠭᠡ ᠬᠠᠷᠢᠭᠤᠴᠠᠯᠭ᠎ᠠ ᠲᠠᠢ ᠢᠷᠡᠳᠡᠭ᠃ ᠦᠨᠳᠦᠰᠦᠲᠡᠨ ᠤ ᠰᠣᠶᠣᠯ ᠢᠶᠠᠨ ᠭᠠᠳᠠᠭᠰᠢ ᠤᠬᠠᠭᠤᠯᠵᠤ ᠰᠤᠷᠲᠠᠯᠴᠢᠯᠠᠬᠤ᠂ ᠬᠤᠶᠢᠴᠢ ᠦᠶ᠎ᠡ ᠳᠡᠭᠡᠨ ᠥᠪᠯᠡᠭᠦᠯᠵᠦ ᠤᠯᠠᠮᠵᠢᠯᠠᠬᠤ ᠠᠵᠢᠯ ᠢ ᠵᠠᠪᠠᠯ ᠨᠢᠭᠡ ᠬᠥᠮᠥᠨ ᠬᠢᠬᠦ ᠬᠡᠷᠡᠭᠲᠡᠢ᠃ ᠡᠨᠡ ᠨᠢ ᠪᠠᠷᠤᠭ ᠯᠠ ᠮᠠᠨᠤᠰ ᠤᠨ ᠡᠭᠦᠷᠭᠡ ᠬᠠᠷᠢᠭᠤᠴᠠᠯᠭ᠎ᠠ ᠪᠠᠶᠢᠬ᠎ᠠ︾ ᠭᠡᠰᠡᠨ ᠦᠭᠡ ᠶᠢ ᠡᠷᠡᠭᠡᠯᠵᠡᠯ ᠦᠭᠡᠢ ᠢᠲᠡᠭᠡᠵᠦ᠂ ᠠᠵᠢᠯ ᠤᠨ ᠠᠮᠠᠷᠠᠯᠲᠠ ᠪᠠᠨ ᠠᠪᠤᠮᠠᠭᠴᠠ ᠠᠯᠠᠱᠠ ᠣᠶᠢᠷᠠᠳ ᠤᠨ ᠵᠠᠩ ᠤᠶᠢᠯᠡ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠲᠥᠪ ᠲᠡᠭᠡᠨ ᠬᠠᠷᠢᠵᠤ ᠢᠷᠡᠭᠡᠳ ᠤᠯᠠᠮᠵᠢᠯᠠᠯᠲᠤ ᠴᠠᠭᠠᠨ ᠢᠳᠡᠭᠡᠨ᠂ ᠰᠦ ᠰᠠᠭᠠᠯᠢ ᠶᠢᠨ ᠬᠢᠴᠢᠶᠡᠯ ᠣᠷᠣᠬᠤ ᠪᠠ ᠭᠡᠶᠢᠴᠢᠨ ᠵᠣᠴᠢᠨ ᠲᠤᠰᠴᠦ ᠵᠣᠴᠢᠯᠠᠭ᠎ᠠ ᠬᠢᠬᠦ ᠠᠷᠰᠠᠷ ᠠᠵᠢᠯ ᠢ ᠳᠠᠭᠠᠭᠠᠵᠤ ᠠᠪᠴᠠᠢ᠃              ᠠᠯᠠᠱᠠ ᠣᠶᠢᠷᠠᠳ ᠤᠨ ᠵᠠᠩ ᠤᠶᠢᠯᠡ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠲᠥᠪ ᠨᠢ ᠮᠠᠨ ᠤ ᠤᠯᠤᠰ ᠤᠨ 150 ᠭᠠᠷᠤᠢ ᠵᠢᠭᠠᠨ ᠰᠤᠷᠭᠠᠯᠲᠠ ᠶᠢᠨ ᠰᠢᠰᠲ᠋ᠧᠮ ᠲᠠᠢ ᠬᠠᠷᠢᠴᠠᠭ᠎ᠠ ᠪᠠᠶᠢᠭᠤᠯᠤᠨ᠂ ᠵᠢᠯ ᠪᠦᠷᠢ ᠶᠢᠨ ᠵᠤᠨ ᠤ ᠠᠮᠠᠷᠠᠯᠲᠠ ᠪᠠ ᠡᠪᠦᠯ ᠤᠨ ᠠᠮᠠᠷᠠᠯᠲᠠ ᠪᠠᠷ ᠡᠯ᠎ᠡ ᠮᠤᠵᠢ᠂ ᠬᠤᠳᠠ ᠰᠢᠶᠠᠨ ᠤ ᠪᠠᠭ᠎ᠠ᠂ ᠲᠤᠮᠳᠠᠳᠤ᠂ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢ ᠶᠢ ᠠᠯᠠᠱᠠ ᠳᠤ ᠢᠷᠡᠭᠦᠯᠵᠦ᠂ ᠠᠯᠠᠱᠠ ᠨᠤᠲᠤᠭ ᠢᠶᠠᠨ ᠤᠬᠠᠭᠤᠯᠤᠨ᠂ ᠲᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠰᠤᠷᠲᠠᠯᠴᠢᠯᠠᠬᠤ ᠳᠤ ᠣᠮᠲᠣᠭᠠᠶᠢᠯᠠᠵᠤ ᠪᠣᠯᠣᠰᠢ ᠦᠭᠡᠢ ᠦᠢᠯᠡᠳᠦᠯ ᠢᠶᠠᠨ ᠪᠠᠳᠠᠷᠠᠭᠤᠯᠵᠤ᠂ ᠠᠯᠠᠱᠠ ᠠᠶᠢᠮᠠᠭ ᠤᠨ ᠦᠨᠳᠦᠰᠦᠲᠡᠨ ᠤ ᠰᠣᠶᠣᠯ ᠢ ᠪᠦᠲᠦᠭᠡᠯᠴᠢ ᠪᠠᠷ ᠬᠥᠭᠵᠢᠭᠦᠯᠦᠨ᠂ ᠵᠤᠭᠠᠴᠠᠭᠰᠠᠳ ᠲᠤ ᠨᠡᠩ ᠤᠯᠠᠨ ᠪᠡᠶᠡᠴᠢᠯᠡᠨ ᠣᠷᠤᠯᠴᠠᠬᠤ ᠭᠡᠯᠪᠡᠷᠢ ᠶᠢᠨ ᠰᠣᠶᠣᠯ ᠵᠤᠭᠠᠴᠠᠯ ᠤᠨ ᠣᠶᠢᠯᠠᠭᠠᠯᠲᠠ ᠶᠢ ᠬᠦᠷᠲᠡᠭᠡᠵᠦ ᠪᠠᠶᠢᠨ᠎ᠠ᠃              
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号