ᠤᠰᠤ ᠤᠮᠳᠠ ᠶᠢᠨ ᠢᠨᠵᠧᠨᠧᠷᠢᠩ ᠠᠯᠠᠱᠠ ᠠᠶᠢᠮᠠᠭ ᠤᠨ 4000 ᠭᠠᠷᠤᠢ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠪᠣᠯᠣᠨ᠎ᠠ
ᠨᠡᠶᠢᠲᠡᠯᠡᠭᠰᠡᠨ ᠴᠠᠭ᠄
2024/12/30
           ᠴᠡᠪᠡᠷ ᠲᠤᠩᠭᠠᠯᠠᠭ ᠤᠰᠤ ᠶᠢ ᠮᠠᠯᠴᠢᠳ ᠤᠨ ᠭᠡᠷ ᠲᠤ ᠬᠦᠷᠭᠡᠯ᠎ᠡ ᠊᠊᠊᠊᠊                                         ● ᠨᠠᠷᠠᠨ᠎ᠠ᠂ ᠡᠷᠳᠡᠨᠢᠬᠦᠦ         ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠠᠮᠤᠷ ᠲᠦᠪᠰᠢᠨ ᠪᠣᠯ ᠲᠦᠭ ᠲᠦᠮᠡᠨ ᠠᠶᠢᠯ ᠡᠷᠦᠭᠡ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠬᠤ ᠪᠥᠭᠡᠳ ᠪᠠᠰᠠ ᠴᠤ ᠠᠷᠠᠳ ᠤᠨ ᠰᠡᠳᠬᠢᠯ ᠤᠨ ᠢᠨᠵᠧᠨᠧᠷᠢᠩ ᠪᠤᠯᠬᠤ ᠶᠤᠮ᠃ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠵᠢᠯ᠂ ᠠᠯᠠᠱᠠ ᠠᠶᠢᠮᠠᠭ ᠤᠨ ᠡᠯ᠎ᠡ ᠱᠠᠲᠤᠨ ᠤ ᠤᠰᠤᠨ ᠤ ᠶᠠᠪᠤᠳᠠᠯ ᠤᠨ ᠰᠠᠯᠠᠭ᠎ᠠ ᠮᠥᠴᠢᠷ ᠣᠯᠠᠨ ᠲᠦᠮᠡᠨ ᠤ ᠤᠰᠤ ᠤᠮᠳᠠ ᠶᠢᠨ ᠠᠰᠠᠭᠤᠳᠠᠯ ᠪᠠ ᠤᠰᠤ ᠬᠠᠩᠭᠠᠬᠤ ᠪᠠᠭᠤᠷᠠᠢ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠠᠢ ᠠᠷᠭ᠎ᠠ ᠠᠪᠴᠠᠯ ᠢ ᠬᠡᠷᠡᠭᠵᠢᠭᠦᠯᠦᠨ᠂ ᠣᠨᠢᠨ ᠳᠡᠭᠡᠷ᠎ᠡ ᠨᠢ ᠬᠦᠴᠦᠯᠡᠵᠦ᠂ ᠮᠠᠯᠵᠢᠬᠤ ᠲᠠᠷᠢᠶᠠᠯᠠᠬᠤ ᠣᠷᠣᠨ ᠤ ᠤᠯᠠᠠ ᠲᠦᠮᠡᠨ ︽ᠠᠮᠤᠷ ᠲᠦᠪᠰᠢᠨ ᠤᠰᠤ︾ ᠤᠤᠭᠤᠬᠤ ᠶᠢ ᠪᠠᠲᠤᠯᠠᠵᠤ ᠪᠠᠶᠢᠨ᠎ᠠ᠃              ᠠᠯᠠᠱᠠ ᠵᠡᠭᠦᠨ ᠬᠤᠰᠢᠭᠤᠨ ᠤ ᠪᠠᠶᠠᠨᠨᠢᠷᠤᠭᠤᠨ ᠰᠤᠮᠤ ᠶᠢᠨ ᠰᠢᠷᠠᠪᠤᠯᠠᠭ ᠭᠠᠴᠠᠭᠠᠨ ᠤ ᠨᠢᠭᠡᠨ ᠤᠰᠤ ᠬᠤᠷᠠᠮᠳᠤᠭᠤᠯᠬᠤ ᠬᠤᠳᠳᠤᠭ ᠤᠨ ᠪᠠᠷᠢᠯᠭ᠎ᠠ ᠶᠢᠨ ᠭᠠᠵᠠᠷ ᠲᠤ ᠠᠵᠢᠯᠴᠢᠳ ᠶᠠᠭᠠᠷᠠᠯᠲᠠᠢ ᠠᠵᠢᠯᠯᠠᠵᠤ ᠪᠠᠶᠢᠯ᠎ᠠ᠃ ᠳᠤᠰ ᠭᠠᠴᠠᠭ᠎ᠠ ᠨᠢ ᠭᠤᠪᠢ ᠨᠤᠲᠤᠭ ᠤᠨ ᠴᠤᠯ ᠮᠠᠯᠵᠢᠬᠤ ᠭᠠᠴᠠᠭ᠎ᠠ ᠪᠣᠯᠬᠤᠷ ᠮᠠᠯᠴᠢᠳ ᠲᠠᠷᠠᠬᠠᠢ ᠪᠤᠲᠠᠷᠬᠠᠢ ᠰᠠᠭᠤᠷᠢᠰᠢᠵᠤ᠂ ᠤᠯᠠᠨ ᠵᠢᠯ ᠤᠨ ᠲᠤᠷᠰᠢ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤ ᠪᠠᠨ ᠨᠡᠯᠢᠶᠡᠳ ᠬᠤᠯᠠ ᠪᠠᠶᠢᠭ᠎ᠠ ᠤᠰᠤᠨ ᠤ ᠡᠬᠢ ᠪᠠᠶᠠᠯᠢᠭ ᠬᠠᠷᠢᠴᠠᠩᠭᠤᠢ ᠲᠥᠪᠯᠡᠷᠡᠭᠰᠡᠨ ᠭᠠᠵᠠᠷ ᠠᠴᠠ ᠲᠠᠲᠠᠵᠤ᠂ ᠬᠠᠳᠠᠭᠠᠯᠠᠵᠤ ᠬᠡᠷᠡᠭᠯᠡᠳᠡᠭ ᠪᠠᠶᠢᠨ᠎ᠠ᠃              ᠮᠠᠯᠴᠢᠨ ᠲᠠᠷᠢᠶᠠᠴᠢᠨ ᠤ ᠤᠰᠤ ᠬᠡᠷᠡᠭᠯᠡᠬᠦ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ᠂ ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤᠨᠢ ᠬᠠᠶᠢᠨ ᠰᠢᠨᠵᠢᠯᠡᠵᠦ᠂ ᠪᠦᠭᠦ ᠬᠤᠰᠢᠭᠤᠨ ᠤ ᠬᠡᠪᠴᠢᠶᠡᠨ ᠳᠤ 50 ᠬᠤᠳᠳᠤᠭ᠂ 36 ᠤᠰᠤᠨ ᠵᠣᠭᠤᠷᠢ ᠶᠢ ᠰᠢᠨ᠎ᠡ ᠪᠠᠷ ᠪᠠᠶᠢᠭᠤᠯᠵᠤ᠂ 116 ᠺᠢᠯᠣᠮᠧᠲᠷ ᠬᠤᠭᠤᠯᠠᠢ ᠳᠡᠪᠢᠰᠬᠦ ᠪᠠᠷ ᠲᠥᠯᠥᠪᠯᠡᠵᠦ᠂ ᠪᠦᠲᠦᠭᠡᠨ ᠪᠠᠶᠢᠭᠤᠯᠬᠤ ᠶᠢᠨ ᠳᠠᠭᠠᠤ ᠦᠢᠯᠡᠳᠦᠯ ᠢ ᠨᠢ ᠪᠠᠳᠠᠷᠠᠭᠤᠯᠬᠤ ᠪᠠᠷ ᠴᠢᠷᠮᠠᠶᠢᠨ᠂ ᠠᠯᠠᠱᠠ ᠵᠡᠭᠦᠨ ᠬᠤᠰᠢᠭᠤᠨ ᠤ 6 ᠰᠤᠮᠤ ᠪᠠᠯᠭᠠᠰᠤᠨ ᠤ 23 ᠭᠠᠴᠠᠭᠠᠨ ᠤ 800 ᠬᠥᠮᠥᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ ᠭᠡᠵᠦ ᠪᠤᠢ᠃ ︽ᠥᠩᠭᠡᠷᠡᠭᠰᠡᠨ ᠳᠤ ᠪᠢᠳᠡ ᠠᠷᠪᠠᠨ ᠬᠡᠳᠦᠨ ᠺᠢᠯᠣᠮᠧᠲᠷ ᠤᠨ ᠬᠤᠯᠠ ᠠᠴᠠ ᠤᠰᠤ ᠲᠠᠲᠠᠳᠠᠭ ᠪᠠᠶᠢᠵᠠᠢ᠂ ᠣᠲᠣ ᠤᠰᠤ ᠬᠤᠷᠠᠮᠳᠤᠭᠤᠯᠬᠤ ᠬᠤᠳᠳᠤᠭ ᠢ ᠮᠠᠯᠲᠠᠵᠤ ᠥᠭᠭᠦᠭᠰᠡᠨ ᠢᠶᠠᠷ᠂ ᠭᠡᠷ ᠲᠡᠭᠡᠨ ᠤᠰᠤ ᠣᠷᠣᠭᠤᠯᠵᠤ᠂ ᠪᠢᠳᠡ ᠪᠠᠰᠠ ᠲᠦᠭᠡᠭᠡᠯ ᠤᠰᠤ ᠶᠢ ᠬᠡᠷᠡᠭᠯᠡᠬᠦ ᠪᠣᠯᠤᠭᠰᠠᠨ᠂ ᠲᠡᠷᠡ ᠮᠥᠷᠲᠡᠭᠡᠨ ᠠᠷᠢᠭᠤᠨ ᠴᠡᠪᠡᠷ ᠢ ᠪᠠᠲᠤᠯᠠᠵᠤ᠂ ᠳᠤᠷ᠎ᠠ ᠪᠠᠷ ᠤᠰᠤ ᠬᠡᠷᠡᠭᠯᠡᠬᠦ ᠶᠢ ᠪᠡᠶᠡᠯᠡᠭᠦᠯᠦᠭᠰᠡᠨ︾ ᠭᠡᠵᠦ ᠰᠢᠷᠠᠪᠤᠯᠠᠭ ᠭᠠᠴᠠᠭᠠᠨ ᠤ ᠮᠠᠯᠴᠢᠨ ᠰᠠᠶᠢᠨᠪᠠᠶᠠᠷ ᠪᠠᠶᠠᠷᠲᠠᠢ ᠬᠡᠯᠡᠨ᠎ᠡ᠃              ᠠᠯᠠᠱᠠ ᠪᠠᠷᠠᠭᠤᠨ ᠬᠤᠰᠢᠭᠤᠨ ᠤ ᠮᠠᠨᠳᠤᠯ ᠰᠤᠮᠤᠨ ᠤ ᠱᠠᠯᠠ ᠶᠢᠨ ᠬᠤᠳᠳᠤᠭ ᠲᠠᠬᠢ ᠲᠥᠪᠯᠡᠷᠡᠩᠭᠦᠢ ᠤᠰᠤ ᠬᠠᠩᠭᠠᠬᠤ ᠬᠤᠭᠤᠯᠠᠢ ᠶᠢ ᠤᠳᠠᠭᠠᠨ ᠵᠢᠯ ᠵᠠᠰᠠᠭᠰᠠᠨ ᠦᠭᠡᠢ ᠠᠴᠠ ᠬᠡᠪ ᠤᠨ ᠪᠠᠶᠢᠳᠠᠯ ᠢᠶᠠᠷ ᠤᠰᠤ ᠬᠠᠩᠭᠠᠵᠤ ᠳᠡᠶᠢᠯᠭᠦ ᠦᠭᠡᠢ ᠪᠣᠯᠵᠠᠢ᠃ ᠡᠨᠡ ᠵᠢᠯ᠂ ᠲᠣᠰ ᠰᠤᠮᠤ 60 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠥᠪᠯᠡᠷᠡᠩᠭᠦᠢ ᠤᠰᠤ ᠬᠠᠩᠭᠠᠬᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠂ ᠰᠤᠮᠤᠨ ᠤ 3000 ᠮᠧᠲᠷ ᠤᠨ ᠤᠰᠤᠨ ᠤ ᠬᠤᠭᠤᠯᠠᠢ ᠪᠠ ᠬᠡᠰᠡᠭ ᠳᠤᠯᠠᠭᠠᠯᠠᠭ᠎ᠠ ᠬᠠᠩᠭᠠᠬᠤ ᠬᠤᠭᠤᠯᠠᠢ ᠶᠢ ᠰᠣᠯᠢᠬᠤ ᠶᠢᠨ ᠬᠠᠮᠲᠤ ᠤᠰᠤᠨ ᠤ ᠬᠡᠮᠵᠢᠭᠦᠷ᠂ ᠠᠵᠢᠭᠯᠠᠯᠲᠠ ᠶᠢᠨ ᠬᠤᠳᠳᠤᠭ ᠵᠡᠷᠭᠡ ᠶᠢ ᠢᠵᠢ ᠪᠦᠷᠢᠳᠦᠭᠦᠯᠦᠭᠰᠡᠨ ᠪᠠᠶᠢᠨ᠎ᠠ᠃ ᠣᠳᠣᠬᠠᠨ ᠳᠤ᠂ ᠠᠯᠠᠱᠠ ᠪᠠᠷᠠᠭᠤᠨ ᠬᠤᠰᠢᠭᠤ ᠨᠡᠶᠢᠲᠡ 75 ᠤᠰᠤᠨ ᠰᠤᠷᠪᠤᠯᠵᠢ ᠶᠢᠨ ᠬᠤᠳᠳᠤᠭ᠂ 47 ᠤᠰᠤ ᠬᠠᠳᠠᠭᠠᠯᠠᠬᠤ ᠵᠣᠭᠤᠷᠢ ᠶᠢ ᠰᠢᠨ᠎ᠡ ᠪᠠᠷ ᠪᠠᠶᠢᠭᠤᠯᠵᠤ᠂ ᠲᠦᠭᠡᠭᠡᠯ ᠤᠰᠤ ᠣᠷᠣᠭᠤᠯᠬᠤ 22 ᠢᠵᠢ ᠲᠥᠬᠦᠭᠡᠷᠦᠮᠵᠢ ᠶᠢ ᠤᠭᠰᠠᠷᠠᠨ᠂ ᠬᠢᠯᠢ ᠶᠢᠨ 22 ᠡᠷᠦᠭᠡ ᠶᠢᠨ ᠠᠯᠤᠰ ᠠᠴᠠ ᠤᠰᠤ ᠲᠠᠲᠠᠬᠤ ᠠᠰᠠᠭᠤᠳᠠᠯ ᠢ ᠰᠢᠢᠳᠪᠦᠷᠢᠯᠡᠪᠡ᠃              ᠣᠶᠢᠷ᠎ᠠ ᠶᠢᠨ ᠡᠳᠦᠷ ᠠᠴᠠ᠂ ᠡᠵᠡᠨ᠎ᠡ ᠬᠤᠰᠢᠭᠤ ᠪᠠᠶᠠᠠᠲᠣᠣᠷᠠᠢ ᠰᠤᠮᠤ ᠶᠢᠨ ᠣᠩᠭᠤᠴᠠ ᠶᠢᠨ ᠲᠣᠣᠷᠠᠢ ᠭᠠᠴᠠᠭ᠎ᠠ ᠪᠣᠯᠣᠨ ᠰᠤᠪᠨᠠᠭᠤᠷ ᠰᠤᠮᠤ ᠶᠢᠨ ᠤᠯᠠᠭᠠᠨᠲᠤᠭ ᠭᠠᠴᠠᠭᠠᠨ ᠤ ᠤᠰᠤ ᠬᠠᠩᠭᠠᠬᠤ ᠬᠤᠭᠤᠯᠠᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠤᠯᠠᠨ ᠲᠦᠮᠡᠨ ᠳᠤ ᠡᠷᠲᠡᠬᠡᠨ ︽ᠠᠮᠤᠷ ᠲᠦᠪᠰᠢᠨ ᠤᠰᠤ︾ ᠬᠠᠩᠭᠠᠬᠤ ᠪᠠᠷ ᠴᠢᠷᠮᠠᠶᠢᠵᠤ ᠪᠤᠢ᠃ ᠣᠩᠭᠤᠴᠠ ᠶᠢᠨ ᠲᠣᠣᠷᠠᠢ ᠭᠠᠴᠠᠭᠠᠨ ᠤ ᠤᠰᠤ ᠬᠠᠩᠭᠠᠬᠤ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠡᠮᠬᠢ ᠴᠡᠭᠴᠡ ᠲᠠᠢ ᠶᠠᠪᠤᠭᠳᠠᠨ᠂ ᠬᠤᠭᠤᠯᠠᠢ ᠶᠢᠨ ᠲᠣᠣᠷ ᠤᠨ ᠪᠠᠶᠢᠷᠢᠯᠠᠭᠤᠯᠤᠯᠲᠠ ᠶᠢ ᠳᠠᠭᠢᠨ ᠵᠢᠷᠤᠭᠯᠠᠨ ᠲᠥᠯᠥᠪᠯᠡᠵᠦ᠂ ᠨᠢᠭᠡ ᠴᠣᠭᠴᠠᠵᠢᠭᠤᠯᠤᠭᠰᠠᠨ ᠣᠶᠤᠨᠴᠢ ᠠᠷᠢᠭᠤᠳᠬᠠᠬᠤ ᠲᠥᠬᠦᠭᠡᠷᠦᠮᠵᠢ ᠶᠢ ᠢᠵᠢ ᠪᠦᠷᠢᠳᠦᠭᠦᠯᠦᠨ ᠤᠭᠰᠠᠷᠠᠵᠤ᠂ ᠲᠤᠬᠠᠢ ᠶᠢᠨ ᠭᠠᠵᠠᠷ ᠤᠨ ᠤᠰᠤᠨ ᠤ ᠬᠡᠮᠵᠢᠶ᠎ᠡ ᠬᠦᠷᠦᠯᠴᠡᠬᠦ ᠦᠭᠡᠢ ᠪᠠᠶᠢᠬᠤ᠂ ᠮᠠᠰᠢᠨ ᠬᠤᠳᠳᠤᠭ ᠤᠨ ᠡᠯᠡᠰᠦ ᠰᠢᠪᠠᠷ ᠤᠨ ᠠᠭᠤᠯᠤᠭᠳᠠᠴᠠ ᠶᠡᠭᠡ ᠪᠠᠶᠢᠬᠤ ᠪᠠ ᠤᠰᠤᠠ ᠤ ᠬᠤᠭᠤᠯᠠᠢ ᠬᠠᠭᠤᠴᠢᠷᠠᠵᠤ ᠪᠠᠶᠢᠬᠤ ᠵᠡᠷᠭᠡ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ ᠣᠳᠣᠬᠠᠨ ᠪᠤᠯᠲᠠᠯ᠎ᠠ 137 ᠡᠷᠦᠭᠡ ᠶᠢᠨ 411 ᠮᠠᠯᠴᠢᠨ ᠲᠠᠷᠢᠶᠠᠴᠢᠨ ᠳᠤ ᠨᠢᠭᠡᠨᠲᠡ ᠴᠡᠪᠡᠷ ᠲᠤᠩᠭᠠᠯᠠᠭ ᠤᠰᠤ ᠶᠢ ᠬᠠᠩᠭᠠᠭᠰᠠᠨ ᠪᠠᠶᠢᠨ᠎ᠠ᠃              ᠰᠤᠪᠨᠠᠭᠤᠷ ᠰᠤᠮᠤ ᠶᠢᠨ ᠤᠯᠠᠭᠠᠨᠲᠤᠭ ᠭᠠᠴᠠᠭᠠᠨ ᠤ ᠤᠰᠤ ᠬᠠᠩᠭᠠᠬᠤ ᠥᠭᠡᠷᠡᠴᠢᠯᠡᠯᠲᠡ ᠶᠢᠨ ᠢᠨᠵᠧᠨᠧᠷᠢᠩ ᠴᠦ ᠪᠠᠴᠢᠮ ᠶᠠᠭᠠᠷᠠᠯᠲᠠᠢ ᠶᠠᠪᠤᠭᠳᠠᠵᠤ ᠪᠠᠶᠢᠯ᠎ᠠ᠃ ᠳᠤᠰ ᠪᠠᠷᠢᠯᠭ᠎ᠠ ᠳᠠᠭᠤᠰᠤᠭᠰᠠᠨ ᠤ ᠳᠠᠷᠠᠭ᠎ᠠ ᠲᠤᠬᠠᠢ ᠶᠢᠨ ᠭᠠᠵᠠᠷ ᠤᠨ 81 ᠡᠷᠦᠭᠡ ᠶᠢᠨ 243 ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠪᠣᠯᠣᠨ᠎ᠠ᠃              ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠢᠨᠵᠧᠨᠧᠷᠢᠩ ᠢ ᠬᠡᠷᠡᠭᠵᠢᠭᠦᠯᠦᠭᠰᠡᠨ ᠨᠢ ᠮᠠᠯᠴᠢᠨ ᠲᠠᠷᠢᠶᠠᠴᠢᠨ ᠤ ᠤᠰᠤ ᠬᠡᠷᠡᠭᠯᠡᠬᠦ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠭᠰᠡᠨ ᠪᠥᠭᠡᠳ ᠪᠠᠰᠠ ᠮᠠᠯ ᠠᠵᠤ ᠠᠬᠤᠢ ᠶᠢ ᠠᠵᠤ ᠦᠢᠯᠡᠰᠵᠢᠭᠦᠯᠦᠨ ᠬᠥᠭᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠡᠨᠡ ᠵᠢᠯ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ 4236 ᠲᠦᠮᠡᠨ ᠲᠥᠭᠦᠷᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠣᠯᠬᠤ ᠪᠠᠷ ᠢᠳᠡᠪᠬᠢᠲᠡᠢ ᠴᠢᠷᠮᠠᠶᠢᠵᠤ᠂ ᠮᠠᠯᠵᠢᠬᠤ ᠲᠠᠷᠢᠶᠠᠯᠠᠬᠤ ᠣᠷᠣᠨ ᠤ 10 ᠳᠦᠷᠦᠯ ᠤᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠵᠢᠴᠢ 50 ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠷᠥᠯ ᠵᠦᠢᠯ ᠢ ᠬᠡᠷᠡᠭᠵᠢᠭᠦᠯᠦᠨ᠂ ᠠᠯᠠᠱᠠ ᠠᠶᠢᠮᠠᠭ ᠤᠨ 4000 ᠭᠠᠷᠤᠢ ᠮᠠᠯᠴᠢᠨ ᠲᠠᠷᠢᠶᠠᠴᠢᠨ ᠳᠤ ᠠᠮᠤᠷ ᠲᠦᠪᠰᠢᠨ᠂ ᠴᠢᠨᠠᠷ ᠰᠠᠶᠢᠨ ᠤᠰᠤ ᠬᠠᠩᠭᠠᠬᠤ ᠪᠠᠷ ᠴᠢᠷᠮᠠᠶᠢᠵᠤ ᠪᠠᠶᠢᠨ᠎ᠠ᠃ ᠣᠳᠣᠬᠠᠨ ᠳᠤ᠂ ᠪᠦᠭᠦ ᠪᠡᠯᠡ ᠣᠷᠣᠭᠤᠯᠤᠯᠲᠠ ᠶᠢᠨ 45% ᠶᠢ ᠪᠡᠶᠡᠯᠡᠭᠦᠯᠵᠡᠢ᠃            
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号