ᠠᠯᠠᠱᠠ ᠵᠡᠭᠦᠨ ᠬᠤᠰᠢᠭᠤ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠪᠠᠷ ᠳᠠᠮᠵᠢᠨ ᠠᠷᠠᠳ ᠤᠨ ᠵᠣᠪᠠᠨᠢᠯ ᠢ ᠰᠢᠢᠳᠪᠦᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/12/30
                                                 ᠪᠠᠶᠠᠨᠬᠤᠲᠠ ᠶᠢᠨ ᠮᠡᠳᠡᠭᠡ ᠣᠶᠢᠷ᠎ᠠ ᠳᠤ᠂ ︽ᠮᠠᠨ ᠤ ᠭᠡᠷ ᠤᠨ ᠣᠷᠣᠢ ᠠᠴᠠ ᠪᠣᠷᠣᠭᠠᠨ ᠭᠤᠭᠤᠵᠢᠵᠤ ᠪᠠᠶᠢᠨ᠎ᠠ︾᠂ ︽ᠡᠨᠡ ᠬᠡᠰᠡᠭ ᠭᠠᠵᠠᠷ ᠴᠦᠮᠦᠷᠢᠭᠦ ᠮᠠᠶ᠋ᠢᠭ ᠲᠠᠢ︾ ᠭᠡᠵᠦ ᠠᠯᠠᠱᠠ ᠵᠡᠭᠦᠨ ᠬᠤᠰᠢᠭᠤᠨ ᠤ ᠡᠮᠦᠨ᠎ᠡ ᠲᠣᠭᠤᠷᠢᠯᠲᠠ ᠵᠡᠭᠡᠯᠢ ᠭᠤᠳᠤᠮᠵᠢ ᠶᠢᠨ ᠰᠠᠭᠤᠭᠠᠯᠢ ᠬᠤ᠋ ᠠᠪᠤᠭᠠᠢ ᠪᠣᠯᠣᠨ ᠯᠢᠦᠢ ᠠᠪᠤᠭᠠᠢ ᠲᠣᠰ ᠲᠣᠰ ᠰᠠᠭᠤᠭ᠎ᠠ ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠲᠤ ᠬᠦᠷᠴᠦ ᠣᠷᠣᠨ ᠰᠠᠭᠤᠴᠠ ᠶᠢᠨ ᠠᠰᠠᠷ ᠲᠤ ᠢᠯᠡᠷᠡᠭᠰᠡᠨ ᠠᠰᠠᠭᠤᠳᠠᠯ ᠢᠶᠠᠨ ᠲᠤᠰᠬᠠᠵᠠᠢ᠃              ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠠᠴᠠ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠠᠶᠢᠯᠴᠢᠯᠠᠨ ᠰᠤᠷᠪᠤᠯᠵᠢᠯᠠᠬᠤ ᠶᠢᠨ ᠬᠠᠮᠲᠤ ᠠᠳᠠᠯ ᠠᠬᠤᠢ ᠶᠢᠨ ᠺᠤᠮᠫᠠᠨᠢ ᠪᠠ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠠᠴᠠ ᠪᠠᠶᠢᠳᠠᠯ ᠢ ᠣᠶᠢᠯᠠᠭᠠᠨ᠂ ᠣᠯᠠᠨ ᠰᠠᠯᠠᠭ᠎ᠠ ᠮᠥᠴᠢᠷ ᠢ ᠵᠣᠬᠢᠴᠠᠭᠤᠯᠵᠤ᠂ ᠰᠢᠢᠳᠪᠦᠷᠢᠯᠡᠬᠦ ᠲᠥᠰᠥᠯ ᠢ ᠵᠥᠪᠳᠡᠯᠴᠡᠭᠡᠳ᠂ ᠤᠳᠠᠯ ᠦᠭᠡᠢ ᠬᠤᠶᠠᠷ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠡᠢ᠃              ᠡᠨᠡ ᠵᠢᠯ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠡᠮᠦᠨ᠎ᠡ ᠲᠣᠭᠤᠷᠢᠯᠲᠠ ᠵᠡᠭᠡᠯᠢ ᠭᠤᠳᠤᠮᠵᠢ  ᠶᠢᠨ ᠬᠢᠨ ᠨᠠᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠴᠦ ᠠᠷᠠᠳ ᠤᠨ ᠠᠮᠢᠳᠤᠷᠠᠯ ᠳᠤ ᠦᠢᠯᠡᠴᠢᠯᠡᠬᠦ ᠲᠦᠷᠦᠯ ᠵᠦᠢᠯ ᠤᠨ ᠲᠣᠭᠤᠷᠢᠨ ᠳᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠣᠶᠢᠯᠠᠭᠠᠨ᠂ ᠵᠠᠬᠢᠳᠠᠯ ᠰᠣᠷᠪᠤᠯᠵᠢᠯᠠᠭ᠎ᠠ ᠶᠢᠨ ᠭᠤᠮᠣᠳᠠᠯ ᠲᠣᠭᠠᠴᠢᠯᠲᠠ ᠶᠢᠨ ︽ᠠᠰᠠᠭᠤᠳᠠᠯ ᠤᠨ ᠨᠠᠷᠢᠨ ᠳᠠᠩᠰᠠ︾ ᠶᠢ ᠡᠮᠬᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠱᠠᠲᠤ ᠬᠤᠪᠢᠶᠠᠨ ᠣᠷᠣᠯᠠᠨ ᠭᠦᠢᠴᠡᠳᠬᠡᠬᠦ ᠳᠦᠷᠢᠮ ᠢ ᠪᠠᠶᠢᠭᠤᠯᠪᠠ᠃ ᠵᠡᠭᠡᠯᠢ ᠭᠤᠳᠤᠮᠵᠢ ᠵᠢᠴᠢ ᠬᠠᠷᠢᠶ᠎ᠠ 6 ᠨᠡᠶᠢᠭᠡᠮ ᠲᠣᠭᠤᠷᠢᠭ ᠲᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠢ ᠪᠠᠶᠢᠭᠤᠯᠤᠨ᠂ ᠬᠠᠮᠲᠤ ᠪᠠᠷ ᠪᠠᠶᠢᠭᠤᠯᠬᠤ ᠨᠢᠭᠡᠴᠢ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠬᠠᠤᠯᠢ ᠴᠠᠭᠠᠵᠠ ᠶᠢᠨ ᠵᠥᠪᠯᠡᠭᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠵᠡᠷᠭᠡ ᠨᠡᠶᠢᠭᠡᠮ ᠲᠣᠭᠤᠷᠢᠭ ᠤᠨ ᠬᠦᠴᠦᠨ ᠢ ᠨᠡᠶᠢᠯᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠡᠩᠨᠡᠭᠡ ᠳᠤ ᠣᠷᠣᠭᠤᠯᠤᠨ᠂ ᠣᠷᠣᠯᠠᠨ ᠭᠦᠢᠴᠡᠳᠭᠡᠭᠴᠢ ᠪᠠᠷ ᠳᠠᠮᠵᠢᠭᠤᠯᠤᠨ ᠲᠡᠷᠭᠡ ᠵᠣᠭᠰᠤᠭᠠᠬᠤ ᠭᠠᠵᠠᠷ ᠢ ᠥᠭᠡᠷᠡᠴᠢᠯᠡᠬᠦ᠂ ᠪᠣᠬᠢᠷ ᠤᠰᠤᠨ ᠤ ᠬᠤᠭᠤᠯᠠᠢ ᠶᠢ ᠥᠭᠡᠷᠡᠴᠢᠯᠡᠬᠦ᠂ ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ᠂ ᠵᠠᠮ ᠤᠨ ᠭᠡᠷᠡᠯᠲᠦᠭᠦᠯᠭᠡ ᠶᠢᠨ ᠳ᠋ᠧᠩ ᠢ ᠰᠣᠯᠢᠬᠤ ᠵᠡᠷᠭᠡ ᠨᠢᠭᠡ ᠪᠦᠯᠦᠭ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠦᠢᠯᠡᠰ ᠪᠠ ᠤᠯᠠᠨ ᠲᠦᠮᠡᠨ ᠤ ᠲᠤᠰᠬᠠᠯ ᠴᠢᠩᠭ᠎ᠠ ᠬᠦᠴᠢᠷ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠪᠡ᠃              ᠣᠳᠣᠬᠠᠨ ᠳᠤ᠂ ᠡᠮᠦᠨ᠎ᠡ ᠲᠣᠭᠤᠷᠢᠯᠲᠠ ᠵᠡᠭᠡᠯᠢ ᠭᠤᠳᠤᠮᠵᠢ ᠶᠢᠨ ᠬᠢᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ᠲᠣᠭᠲᠠᠴᠠ ᠪᠠᠷ ᠳᠠᠮᠵᠢᠭᠤᠯᠤᠨ᠂ ᠣᠯᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ︽ᠨᠢᠭᠡ ᠯᠡ ᠥᠷᠲᠡᠭᠡᠨ ᠤ ᠮᠠᠶ᠋ᠢᠭ ᠢᠶᠠᠷ ᠭᠥᠯᠢᠶᠡᠨ ᠠᠪᠬᠤ᠂ ᠨᠢᠭᠡ ᠯᠡ ᠥᠷᠲᠡᠭᠡ ᠪᠠᠷ ᠰᠢᠢᠳᠪᠦᠷᠢᠯᠡᠬᠦ᠂ ᠨᠢᠭᠡ ᠯᠡ ᠳᠡᠭᠡᠷ᠎ᠡ ᠰᠢᠢᠳᠪᠦᠷᠢᠯᠡᠬᠦ︾ ᠶᠢ ᠪᠡᠶᠡᠯᠡᠭᠦᠯᠦᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠦᠢᠯᠡᠰ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠡᠢ᠃ ᠣᠳᠣᠬᠠᠨ ᠪᠤᠯᠲᠠᠯ᠎ᠠ᠂ ᠡᠮᠦᠨ᠎ᠡ ᠲᠣᠭᠤᠷᠢᠯᠲᠠ ᠵᠡᠭᠡᠯᠢ ᠭᠤᠳᠤᠮᠵᠢ 95 ᠬᠤᠪᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠣᠷᠣᠯᠠᠨ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ 100% ᠳᠤ ᠭᠦᠷᠪᠡ᠃ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠨ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠪᠠᠷ ᠳᠠᠮᠵᠢᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠵᠡᠢ᠃              
 
ᠢᠷᠡᠯᠲᠡ᠄ ᠠᠯᠠᠱᠠ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠠᠯᠪᠠᠨ ᠤ ᠸᠢᠴᠠᠲ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号