| | | | ● ᠨᠠᠷᠠᠨ᠎ᠠ᠂ ᠡᠷᠳᠡᠨᠢᠬᠦᠦ | | ᠣᠷᠴᠢᠮ ᠤᠨ ᠡᠳᠦᠷ ᠤᠨ ᠲᠤᠷᠰᠢ᠂ ᠠᠯᠠᠱᠠ ᠠᠶᠢᠮᠠᠭ ᠤᠨ ᠡᠯ᠎ᠡ ᠭᠠᠵᠠᠷ ᠤᠨ ᠬᠢᠨ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ ᠪᠠᠶᠢᠨ᠎ᠠ᠃ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠪᠠᠶᠠᠨᠬᠥ᠋ᠳᠡᠭᠡ ᠭᠠᠴᠠᠭᠠᠨ ᠤ ᠨᠠᠮ ᠤᠨ | ᠡᠭᠦᠷ ᠤᠨ ᠬᠢᠨ ᠲᠤᠰᠬᠠᠢ ᠰᠡᠳᠦᠪ ᠢᠶᠠᠷ ᠰᠤᠷᠤᠯᠴᠠᠬᠤ ᠬᠤᠷᠠᠯ ᠬᠤᠷᠠᠯᠳᠤᠭᠤᠯᠵᠤ᠂ ᠪᠦᠭᠦ ᠨᠠᠮ ᠤᠨ ᠭᠡᠰᠢᠭᠦᠳ | ᠭᠤᠷᠪᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ ᠶᠢᠨ ᠪᠦᠭᠦ ᠠᠭᠤᠯᠭ᠎ᠠ ᠶᠢ ᠲᠥᠪᠯᠡᠷᠡᠭᠦᠯᠦᠨ ᠰᠤᠷᠤᠯᠴᠠᠬᠤ᠂ | ᠰᠤᠳᠤᠯᠤᠨ ᠶᠠᠷᠢᠯᠴᠠᠬᠤ ᠵᠡᠷᠭᠡ ᠤᠯᠠᠨ ᠵᠦᠢᠯ ᠤᠨ ᠭᠡᠯᠪᠡᠷᠢ ᠪᠠᠷ ᠳᠠᠮᠵᠢᠭᠤᠯᠤᠨ᠂ ᠰᠢ ᠶᠢᠨ ᠫᠢᠩ ᠶᠡᠷᠦᠩᠬᠡᠢ | ᠱᠦᠵᠢ ᠶᠢᠨ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠣᠷᠣᠯᠴᠠᠵᠣ | ᠣᠶᠢᠯᠠᠭᠠᠭᠰᠠᠨ ᠪᠠᠶᠢᠨ᠎ᠠ᠃ ᠤᠯᠠᠨ ᠢᠶᠠᠷ ᠢᠶᠠᠨ ᠤᠬᠠᠮᠰᠠᠷ ᠠᠴᠠ ᠪᠠᠨ ᠦᠵᠡᠯ ᠰᠠᠨᠠᠭ᠎ᠠ ᠪᠣᠯᠣᠨ ᠦᠢᠯᠡ | ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠨ᠂ | ᠭᠦᠨᠵᠡᠭᠡᠢ ᠣᠶᠢᠯᠠᠭᠠᠨ ᠣᠨᠣᠪᠴᠢᠲᠠᠢ ᠡᠵᠡᠮᠰᠢᠵᠦ᠂ ᠪᠠᠶᠠᠨᠬᠥ᠋ᠳᠡᠭᠡ ᠭᠠᠴᠠᠭ᠎ᠠ ᠶᠢᠨ ᠬᠥᠭᠵᠢᠯᠲᠡ ᠳᠤ ᠥᠪᠡᠷ ᠤᠨ | ᠬᠤᠪᠢ ᠨᠡᠮᠡᠷᠢ ᠪᠠᠨ ᠦᠵᠡᠭᠦᠯᠦᠨ᠎ᠡ ᠭᠡᠵᠦ ᠢᠯᠡᠳᠬᠡᠵᠡᠭᠡᠵᠦ ᠪᠠᠶᠢᠯ᠎ᠠ᠃ | ᠪᠠᠶᠠᠨᠬᠤᠲᠠ ᠪᠠᠯᠭᠠᠰᠤᠨ ᠤ ᠦᠰᠦᠷᠦᠩᠭᠦᠢ ᠭᠠᠴᠠᠭᠠᠨ ᠤ ᠨᠠᠮ ᠤᠨ ᠡᠭᠦᠷ᠂ ᠲᠠᠷᠢᠶᠠᠯᠠᠩ ᠭᠠᠴᠠᠭᠠᠨ ᠤ | ᠨᠠᠮ ᠤᠨ ᠡᠭᠦᠷ ᠨᠢ ᠠᠯᠠᠱᠠ ᠠᠶᠢᠮᠠᠭ ᠤᠨ ᠡᠮᠡᠭᠲᠡᠶᠢᠴᠦᠳ ᠤᠨ ᠬᠤᠯᠪᠣᠭᠠᠨ ᠤ ᠨᠠᠮ ᠤᠨ ᠡᠭᠦᠷ ᠲᠠᠢ ᠬᠠᠮᠲᠤᠷᠠᠨ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ | ᠠᠯᠤᠰ ᠭᠡᠳᠦ ᠶᠢᠨ ᠠᠴᠢ ᠬᠤᠯᠪᠣᠭᠳᠠᠯ᠂ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠤ ᠡᠵᠡᠮᠰᠢᠬᠦ ᠴᠢᠬᠤᠯᠠᠲᠠᠢ | ᠴᠢᠬᠤᠯᠠ ᠶᠡᠭᠡ ᠠᠰᠠᠭᠤᠳᠠᠯ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠴᠢᠬᠤᠯᠠ ᠶᠡᠭᠡ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠲᠠᠶᠢᠯᠤᠮᠵᠢ ᠬᠢᠭᠰᠡᠨ ᠪᠥᠭᠡᠳ ︽ᠲᠣᠭᠲᠠᠭᠠᠯ︾ ᠳᠠᠬᠢ | ᠡᠮᠡᠭᠲᠡᠶᠢᠴᠦᠳ ᠬᠡᠦᠬᠡᠳ᠂ ᠭᠡᠷ ᠪᠦᠯᠢ ᠲᠠᠢ ᠬᠤᠯᠪᠣᠭᠳᠠᠭᠰᠠᠨ ᠠᠭᠤᠯᠭ᠎ᠠ ᠶᠢᠨ ᠲᠣᠭᠤᠷᠢᠨ ᠳᠤ ᠪᠦᠭᠦ ᠲᠠᠯ᠎ᠠ ᠶᠢᠨ | ᠪᠥᠭᠡᠳ ᠭᠦᠨᠵᠡᠭᠡᠢ ᠲᠠᠶᠢᠯᠪᠤᠷᠢᠯᠠᠯᠲᠠ ᠬᠢᠭᠰᠡᠨ ᠪᠠᠶᠢᠨ᠎ᠠ᠃ | ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠲᠦᠷᠭᠡᠨ ᠤ ᠬᠥᠳᠡᠭᠡ ᠨᠡᠶᠢᠭᠡᠮ | ᠲᠣᠭᠤᠷᠢᠭ ᠤᠨ ᠨᠠᠮ ᠤᠨ ᠡᠭᠦᠷ ︽ᠨᠤᠲᠤᠭ ᠤᠨ ᠢᠶᠠᠨ ᠰᠢᠨ᠎ᠡ ᠬᠤᠪᠢᠷᠠᠯᠲᠠ ᠶᠢ ᠬᠠᠷᠠᠶ᠎ᠠ︾ ᠭᠡᠬᠦ ᠭᠤᠣᠯ ᠰᠡᠳᠦᠪᠲᠦ | ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠵᠦ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ | ᠲᠠᠢ ᠤᠶᠠᠯᠳᠤᠭᠤᠯᠤᠨ ᠰᠤᠷᠤᠯᠴᠠᠵᠤ᠂ ᠨᠤᠲᠤᠭ ᠣᠷᠣᠨ ᠤ ᠪᠠᠨ ᠵᠠᠮ ᠨᠡᠪᠲᠡᠷᠡᠯᠭᠡ᠂ ᠡᠮ ᠡᠮᠨᠡᠯᠭᠡ᠂ ᠣᠷᠣᠨ | ᠰᠠᠭᠤᠴᠠ᠂ ᠴᠢᠮᠡᠭᠡ ᠬᠤᠯᠪᠤᠭ᠎ᠠ᠂ ᠰᠤᠷᠭᠠᠨ ᠬᠥᠮᠦᠵᠢᠯ ᠵᠡᠷᠭᠡ ᠲᠠᠯ᠎ᠠ ᠶᠢᠨ ᠬᠤᠪᠢᠷᠠᠯᠲᠠ ᠶᠢ ᠡᠷᠭᠢᠴᠡᠭᠦᠯᠦᠨ | ᠶᠠᠷᠢᠭᠰᠠᠨ ᠪᠠᠶᠢᠨ᠎ᠠ᠃ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠨ ᠵᠠᠩ ᠵᠢᠢ ᠭᠦᠸᠧ᠂ ᠣᠲᠣ ᠮᠠᠯᠴᠢᠨ | ᠲᠠᠷᠢᠶᠠᠴᠢᠨ ᠤ ᠠᠮᠢᠳᠤᠷᠠᠯ ᠤᠨ ᠬᠢᠷᠢ ᠲᠦᠪᠰᠢᠨ ᠳᠡᠭᠡᠭᠰᠢᠯᠡᠵᠦ᠂ ᠡᠯ᠎ᠡ ᠵᠦᠢᠯ ᠤᠨ ᠨᠥᠬᠦᠪᠦᠷᠢ ᠶᠢ ᠭᠦᠷᠳᠡᠨ | ᠠᠮᠢᠳᠤᠷᠠᠯ ᠤᠨ ᠳᠠᠷᠤᠭᠠᠰᠤ ᠬᠥᠩᠭᠡᠷᠡᠵᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ | ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠨᠢ ᠣᠯᠠᠨ ᠲᠦᠮᠡᠨ ᠤ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠵᠤ᠂ ᠵᠠᠮ᠂ ᠤᠰᠤ᠂ ᠴᠠᠭᠢᠯᠭᠠᠨ᠂ ᠲᠣᠣᠷ ᠰᠦᠯᠵᠢᠶ᠎ᠡ ᠵᠡᠷᠭᠡ ᠶᠢ ᠮᠠᠯᠵᠢᠬᠤ ᠲᠠᠷᠢᠶᠠᠯᠠᠬᠤ ᠣᠷᠣᠨ ᠳᠤ | ᠨᠡᠪᠲᠡᠷᠡᠭᠦᠯᠦᠭᠰᠡᠨ ᠨᠢ ᠪᠦᠷ ᠨᠠᠮ ᠤᠨ ᠰᠠᠶᠢᠨ ᠲᠦᠷᠦ ᠶᠢᠨ ᠪᠣᠳᠣᠯᠭ᠎ᠠ ᠶᠢᠨ ᠠᠴᠢ ᠰᠢᠤ ᠭᠡᠵᠦ ᠪᠠᠶᠢᠯ᠎ᠠ᠃ | ᠠᠯᠠᠱᠠ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠡᠮᠡᠭᠲᠡᠶᠢᠴᠦᠳ ᠤᠨ ᠬᠤᠯᠪᠤᠭ᠎ᠠ ᠠᠴᠠ | ᠰᠤᠮᠤ ᠭᠠᠴᠠᠭ᠎ᠠ ᠬᠤᠶᠠᠷ ᠱᠠᠲᠤᠨ ᠤ ᠡᠮᠡᠭᠲᠡᠶᠢᠴᠦᠳ ᠤᠨ ᠬᠤᠯᠪᠤᠭ᠎ᠠ ᠶᠢᠨ ᠺᠠᠳ᠋ᠷᠴᠤᠳ ᠢ ᠵᠣᠬᠢᠶᠠᠨ ᠪᠠᠶᠢᠭᠤᠯᠤᠨ | ᠥᠪᠥᠷ ᠮᠣᠩᠭᠤᠯ ᠤᠨ ᠺᠠᠳ᠋ᠷᠴᠤᠳ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ ︽ᠤᠮᠠᠷᠠᠲᠤ ᠶᠢᠨ ᠡᠭᠦᠯᠡᠨ | ᠬᠢᠴᠢᠶᠡᠯ ᠤᠨ ᠲᠠᠩᠬᠢᠮ︾ ᠤᠨ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠰᠢᠭᠤᠳ ᠨᠡᠪᠲᠡᠷᠡᠭᠦᠯᠭᠡ ᠶᠢᠨ ᠪᠣᠯᠪᠠᠰᠤᠷᠠᠯ ᠳᠤ ᠣᠷᠣᠯᠴᠠᠪᠠ᠃ ᠪᠠᠯᠭᠠᠰᠤᠨ ᠤ | ᠡᠮᠡᠭᠲᠡᠶᠢᠴᠦᠳ ᠤᠨ ᠬᠤᠯᠪᠤᠭ᠎ᠠ ᠤᠯᠠᠨ ᠭᠡᠯᠪᠡᠷᠢ᠂ ᠤᠯᠠᠨ ᠳᠡᠰ ᠳᠠᠪᠬᠤᠷᠭ᠎ᠠ ᠶᠢᠨ ᠰᠤᠷᠤᠯᠴᠠᠯᠭ᠎ᠠ ᠤᠬᠠᠭᠤᠯᠭ᠎ᠠ ᠶᠢᠨ | ᠠᠵᠢᠯᠯᠠᠭ᠎ᠠ ᠪᠠᠷ ᠳᠠᠮᠵᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠬᠠᠯᠠᠭᠤᠨ ᠥᠷᠨᠢᠯᠲᠡ ᠶᠢ ᠪᠤᠢ ᠪᠣᠯᠭᠠᠪᠠ᠃ ᠤᠯᠠᠨ ᠢᠶᠠᠷ ᠢᠶᠠᠨ᠂ ᠡᠮᠡᠭᠲᠡᠶᠢᠴᠦᠳ ᠤᠨ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠮᠠᠯ ᠠᠵᠤ ᠠᠬᠤᠢ ᠲᠠᠷᠢᠶᠠᠯᠠᠩ ᠢ ᠰᠢᠨᠵᠢᠯᠡᠬᠦ | ᠤᠬᠠᠭᠠᠨᠴᠢ ᠪᠠᠷ ᠬᠥᠭᠵᠢᠭᠦᠯᠬᠦ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠬᠠᠮᠠᠭᠠᠯᠠᠬᠤ᠂ ᠦᠨᠳᠦᠰᠦᠨ | ᠱᠠᠲᠤᠨ ᠤ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ | ᠱᠠᠲᠤᠨ ᠤ ᠤᠯᠠᠨ ᠲᠦᠮᠡᠨ ᠳᠤ ᠣᠳᠣᠬᠢᠴᠢᠯᠠᠯᠲᠠ ᠶᠢᠨ ᠦᠷ᠎ᠡ ᠪᠦᠲᠦᠭᠡᠯ ᠢ ᠡᠳ᠋ᠯᠡᠭᠦᠯᠭᠦ ᠪᠠᠷ ᠴᠢᠷᠮᠠᠶᠢᠨ᠎ᠠ ᠭᠡᠵᠡᠭᠡᠵᠦ | ᠪᠠᠶᠢᠯ᠎ᠠ᠃ | | |