ᠨᠠᠷᠠᠨ᠎ᠠ᠂ ᠡᠷᠳᠡᠨᠢᠬᠦᠦ | | | ᠣᠶᠢᠷ᠎ᠠ ᠳᠤ᠂ ︽ᠮᠠᠨ ᠤ ᠭᠡᠷ ᠤᠨ ᠣᠷᠣᠢ ᠠᠴᠠ ᠪᠣᠷᠣᠭᠠᠨ ᠭᠤᠭᠤᠵᠢᠵᠤ ᠪᠠᠶᠢᠨ᠎ᠠ︾᠂ ︽ᠡᠨᠡ | ᠬᠡᠰᠡᠭ ᠭᠠᠵᠠᠷ ᠴᠦᠮᠦᠷᠢᠭᠦ ᠮᠠᠶ᠋ᠢᠭ ᠲᠠᠢ︾ ᠭᠡᠵᠦ ᠠᠯᠠᠱᠠ ᠵᠡᠭᠦᠨ ᠬᠤᠰᠢᠭᠤᠨ ᠤ ᠡᠮᠦᠨ᠎ᠡ ᠲᠣᠭᠤᠷᠢᠯᠲᠠ ᠵᠡᠭᠡᠯᠢ | ᠭᠤᠳᠤᠮᠵᠢ ᠶᠢᠨ ᠰᠠᠭᠤᠭᠠᠯᠢ ᠬᠤ᠋ ᠠᠪᠤᠭᠠᠢ ᠪᠣᠯᠣᠨ ᠯᠢᠦᠢ ᠠᠪᠤᠭᠠᠢ ᠲᠣᠰ ᠲᠣᠰ ᠰᠠᠭᠤᠭ᠎ᠠ ᠨᠡᠶᠢᠭᠡᠮ ᠲᠣᠭᠤᠷᠢᠭ ᠤᠨ | ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠲᠤ ᠬᠦᠷᠴᠦ ᠣᠷᠣᠨ ᠰᠠᠭᠤᠴᠠ ᠶᠢᠨ ᠠᠰᠠᠷ ᠲᠤ | ᠢᠯᠡᠷᠡᠭᠰᠡᠨ ᠠᠰᠠᠭᠤᠳᠠᠯ ᠢᠶᠠᠨ ᠲᠤᠰᠬᠠᠵᠠᠢ᠃ | ᠨᠡᠶᠢᠭᠡᠮ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠴᠡᠭ ᠠᠴᠠ | ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ ᠵᠠᠬᠢᠳᠠᠯ ᠰᠣᠷᠪᠤᠯᠵᠢᠯᠠᠭ᠎ᠠ ᠶᠢᠨ | ᠣᠷᠣᠯᠠᠨ ᠭᠦᠢᠴᠡᠳᠭᠡᠭᠴᠢ ᠠᠶᠢᠯᠴᠢᠯᠠᠨ ᠰᠤᠷᠪᠤᠯᠵᠢᠯᠠᠬᠤ ᠶᠢᠨ ᠬᠠᠮᠲᠤ ᠠᠳᠠᠯ ᠠᠬᠤᠢ ᠶᠢᠨ ᠺᠤᠮᠫᠠᠨᠢ ᠪᠠ ᠨᠡᠭᠡᠭᠡᠨ | ᠬᠥᠭᠵᠢᠭᠦᠯᠬᠦ ᠬᠤᠳᠠᠯᠳᠤᠭᠠᠴᠢᠨ ᠠᠴᠠ ᠪᠠᠶᠢᠳᠠᠯ ᠢ ᠣᠶᠢᠯᠠᠭᠠᠨ᠂ ᠣᠯᠠᠨ ᠰᠠᠯᠠᠭ᠎ᠠ ᠮᠥᠴᠢᠷ ᠢ ᠵᠣᠬᠢᠴᠠᠭᠤᠯᠵᠤ᠂ | ᠰᠢᠢᠳᠪᠦᠷᠢᠯᠡᠬᠦ ᠲᠥᠰᠥᠯ ᠢ ᠵᠥᠪᠳᠡᠯᠴᠡᠭᠡᠳ᠂ ᠤᠳᠠᠯ ᠦᠭᠡᠢ ᠬᠤᠶᠠᠷ ᠰᠠᠭᠤᠭᠠᠯᠢ ᠠᠷᠠᠳ ᠤᠨ ᠲᠤᠰᠬᠠᠭᠰᠠᠨ | ᠠᠰᠠᠭᠤᠳᠠᠯ ᠢ ᠵᠣᠬᠢᠰᠲᠠᠢ ᠰᠢᠢᠳᠪᠦᠷᠢᠯᠡᠵᠡᠢ᠃ | ᠡᠨᠡ ᠵᠢᠯ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠡᠮᠦᠨ᠎ᠡ ᠲᠣᠭᠤᠷᠢᠯᠲᠠ ᠵᠡᠭᠡᠯᠢ ᠭᠤᠳᠤᠮᠵᠢ | ᠶᠢᠨ ᠬᠢᠨ ᠨᠠᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠴᠦ ᠠᠷᠠᠳ ᠤᠨ ᠠᠮᠢᠳᠤᠷᠠᠯ ᠳᠤ ᠦᠢᠯᠡᠴᠢᠯᠡᠬᠦ ᠲᠦᠷᠦᠯ | ᠵᠦᠢᠯ ᠤᠨ ᠲᠣᠭᠤᠷᠢᠨ ᠳᠤ᠂ ᠠᠷᠠᠳ ᠤᠨ ᠰᠠᠨᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠣᠶᠢᠯᠠᠭᠠᠨ᠂ ᠵᠠᠬᠢᠳᠠᠯ | ᠰᠣᠷᠪᠤᠯᠵᠢᠯᠠᠭ᠎ᠠ ᠶᠢᠨ ᠭᠤᠮᠣᠳᠠᠯ ᠲᠣᠭᠠᠴᠢᠯᠲᠠ ᠶᠢᠨ ︽ᠠᠰᠠᠭᠤᠳᠠᠯ ᠤᠨ ᠨᠠᠷᠢᠨ ᠳᠠᠩᠰᠠ︾ ᠶᠢ ᠡᠮᠬᠢᠯᠡᠵᠦ᠂ | ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠱᠠᠲᠤ ᠬᠤᠪᠢᠶᠠᠨ ᠣᠷᠣᠯᠠᠨ ᠭᠦᠢᠴᠡᠳᠬᠡᠬᠦ ᠳᠦᠷᠢᠮ ᠢ ᠪᠠᠶᠢᠭᠤᠯᠪᠠ᠃ | ᠵᠡᠭᠡᠯᠢ ᠭᠤᠳᠤᠮᠵᠢ ᠵᠢᠴᠢ ᠬᠠᠷᠢᠶ᠎ᠠ 6 ᠨᠡᠶᠢᠭᠡᠮ ᠲᠣᠭᠤᠷᠢᠭ ᠲᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ | ᠭᠦᠢᠴᠡᠳᠬᠡᠬᠦ ᠴᠡᠭ ᠢ ᠪᠠᠶᠢᠭᠤᠯᠤᠨ᠂ ᠬᠠᠮᠲᠤ ᠪᠠᠷ ᠪᠠᠶᠢᠭᠤᠯᠬᠤ ᠨᠢᠭᠡᠴᠢ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠨ︾᠂ ᠬᠠᠤᠯᠢ ᠴᠠᠭᠠᠵᠠ ᠶᠢᠨ ᠵᠥᠪᠯᠡᠭᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠶᠢᠷ᠎ᠠ | ᠬᠠᠯᠠᠮᠵᠢ ᠶᠢᠨ ᠠᠵᠤ ᠠᠬᠤᠶᠢᠯᠠᠯ ᠵᠡᠷᠭᠡ ᠨᠡᠶᠢᠭᠡᠮ ᠲᠣᠭᠤᠷᠢᠭ ᠤᠨ ᠬᠦᠴᠦᠨ ᠢ ᠨᠡᠶᠢᠯᠡᠭᠦᠯᠵᠦ᠂ ᠵᠠᠬᠢᠳᠠᠯ | ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠶᠢᠨ ᠡᠩᠨᠡᠭᠡ ᠳᠤ ᠣᠷᠣᠭᠤᠯᠤᠨ᠂ ᠣᠷᠣᠯᠠᠨ ᠭᠦᠢᠴᠡᠳᠭᠡᠭᠴᠢ ᠪᠠᠷ | ᠳᠠᠮᠵᠢᠭᠤᠯᠤᠨ ᠲᠡᠷᠭᠡ ᠵᠣᠭᠰᠤᠭᠠᠬᠤ ᠭᠠᠵᠠᠷ ᠢ ᠥᠭᠡᠷᠡᠴᠢᠯᠡᠬᠦ᠂ ᠪᠣᠬᠢᠷ ᠤᠰᠤᠨ ᠤ ᠬᠤᠭᠤᠯᠠᠢ ᠶᠢ ᠥᠭᠡᠷᠡᠴᠢᠯᠡᠬᠦ᠂ | ᠰᠠᠭᠤᠭᠠᠯᠢ ᠠᠷᠠᠳ ᠤᠨ ᠤᠤᠭᠤᠬᠤ ᠤᠰᠤᠨ ᠤ ᠠᠮᠤᠷ ᠲᠦᠪᠰᠢᠨ᠂ ᠵᠠᠮ ᠤᠨ ᠭᠡᠷᠡᠯᠲᠦᠭᠦᠯᠭᠡ ᠶᠢᠨ ᠳ᠋ᠧᠩ ᠢ ᠰᠣᠯᠢᠬᠤ | ᠵᠡᠷᠭᠡ ᠨᠢᠭᠡ ᠪᠦᠯᠦᠭ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠦᠢᠯᠡᠰ ᠪᠠ ᠤᠯᠠᠨ ᠲᠦᠮᠡᠨ ᠤ | ᠲᠤᠰᠬᠠᠯ ᠴᠢᠩᠭ᠎ᠠ ᠬᠦᠴᠢᠷ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠪᠡ᠃ | ᠣᠳᠣᠬᠠᠨ ᠳᠤ᠂ ᠡᠮᠦᠨ᠎ᠡ ᠲᠣᠭᠤᠷᠢᠯᠲᠠ ᠵᠡᠭᠡᠯᠢ ᠭᠤᠳᠤᠮᠵᠢ ᠶᠢᠨ ᠬᠢᠨ ᠵᠠᠬᠢᠳᠠᠯ ᠰᠣᠷᠪᠤᠯᠵᠢᠯᠠᠭ᠎ᠠ ᠶᠢᠨ | ᠣᠷᠣᠯᠠᠨ ᠭᠦᠢᠴᠡᠳᠬᠡᠬᠦ ᠠᠵᠢᠯ ᠤᠨ ᠲᠣᠭᠲᠠᠴᠠ ᠪᠠᠷ ᠳᠠᠮᠵᠢᠭᠤᠯᠤᠨ᠂ ᠣᠯᠠᠨ ᠰᠠᠯᠠᠭ᠎ᠠ ᠮᠥᠴᠢᠷ ᠬᠤᠯᠪᠤᠭᠠᠯᠠᠨ | ᠬᠥᠳᠡᠯᠦᠯᠴᠡᠵᠦ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ︽ᠨᠢᠭᠡ ᠯᠡ ᠥᠷᠲᠡᠭᠡᠨ ᠤ ᠮᠠᠶ᠋ᠢᠭ ᠢᠶᠠᠷ ᠭᠥᠯᠢᠶᠡᠨ | ᠠᠪᠬᠤ᠂ ᠨᠢᠭᠡ ᠯᠡ ᠥᠷᠲᠡᠭᠡ ᠪᠠᠷ ᠰᠢᠢᠳᠪᠦᠷᠢᠯᠡᠬᠦ᠂ ᠨᠢᠭᠡ ᠯᠡ ᠳᠡᠭᠡᠷ᠎ᠡ ᠰᠢᠢᠳᠪᠦᠷᠢᠯᠡᠬᠦ︾ ᠶᠢ ᠪᠡᠶᠡᠯᠡᠭᠦᠯᠦᠨ᠂ | ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠵᠦᠢᠯᠡᠰ ᠢ ᠨᠢᠭᠡ ᠯᠡ ᠤᠳᠠᠭ᠎ᠠ ᠳᠤ ᠰᠢᠢᠳᠪᠦᠷᠢᠯᠡᠬᠦ | ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠵᠡᠢ᠃ ᠣᠳᠣᠬᠠᠨ ᠪᠤᠯᠲᠠᠯ᠎ᠠ᠂ ᠡᠮᠦᠨ᠎ᠡ ᠲᠣᠭᠤᠷᠢᠯᠲᠠ ᠵᠡᠭᠡᠯᠢ ᠭᠤᠳᠤᠮᠵᠢ | 95 ᠬᠤᠪᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠣᠷᠣᠯᠠᠨ ᠰᠢᠢᠳᠪᠦᠷᠢᠯᠡᠵᠦ᠂ ᠰᠢᠢᠳᠪᠦᠷᠢᠯᠡᠭᠰᠡᠨ ᠨᠣᠷᠮ᠎ᠠ ᠨᠢ | 100% ᠳᠤ ᠭᠦᠷᠪᠡ᠃ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠨ᠂ ᠵᠠᠬᠢᠳᠠᠯ | ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠪᠠᠷ ᠳᠠᠮᠵᠢᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ | ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠵᠡᠢ᠃ | | |