ᠰᠢᠨᠡᠳᠤᠬᠤᠢ ᠭᠠᠴᠠᠭ᠎ᠠ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2024/12/30
ᠨᠠᠷᠠᠨ᠎ᠠ᠂ ᠡᠷᠳᠡᠨᠢᠬᠦᠦ                                       ᠡᠨᠡ ᠵᠢᠯ᠂ ᠲᠡᠭᠷᠢ ᠡᠯᠡᠰᠦᠨ ᠤ ᠬᠥᠪᠡᠭᠡᠨ ᠳᠠᠬᠢ ᠪᠠᠶᠠᠨᠬᠤᠲᠠ ᠪᠠᠯᠭᠠᠰᠤ ᠶᠢᠨ ᠰᠢᠨᠡᠳᠤᠬᠤᠢ ᠭᠠᠴᠠᠭ᠎ᠠ ᠳᠥᠭᠦᠮ ᠳᠥᠲᠡ ᠵᠠᠮ ᠬᠠᠷᠢᠯᠴᠠᠭ᠎ᠠ ᠪᠠ ᠣᠷᠣᠨ ᠪᠠᠶᠢᠷᠢ ᠶᠢᠨ ᠳᠠᠪᠠᠭᠤᠯᠢᠭ᠂ ᠦᠢᠯᠡᠴᠢᠯᠡᠭᠡᠨ ᠤ ᠴᠢᠳᠠᠮᠵᠢ ᠪᠠᠷ ᠢᠶᠠᠨ ᠵᠢᠭᠤᠯᠴᠢᠯᠠᠯ ᠤᠨ ᠦᠢᠯᠡᠰ ᠢ ᠶᠡᠬᠡᠪᠡᠷ ᠬᠥᠭᠵᠢᠭᠦᠯᠵᠦ ᠪᠠᠶᠢᠨ᠎ᠠ᠃              ᠰᠢᠨᠡᠳᠤᠬᠤᠢ ᠭᠠᠴᠠᠭ᠎ᠠ ᠶᠢᠨ ᠮᠠᠯᠴᠢᠨ ᠸᠠᠩ ᠬᠤᠢ᠂ ᠮᠠᠯᠴᠢᠨ ᠠᠶᠢᠯ ᠤᠨ ᠵᠤᠭᠠᠴᠠᠯ ᠤᠨ ᠭᠠᠵᠠᠷ ᠲᠠᠭᠠᠨ ᠵᠤᠭᠠᠴᠠᠭᠰᠠᠳ ᠤᠨ ᠢᠷᠡᠭᠦᠯᠦᠭᠰᠡᠨ ᠬᠤᠨᠣᠵᠤ ᠠᠮᠠᠷᠠᠬᠤ᠂ ᠬᠤᠭᠤᠯᠠ ᠵᠠᠬᠢᠶᠠᠯᠠᠬᠤ ᠪᠤᠶᠤ ᠡᠯᠡᠰᠦ ᠮᠠᠩᠬᠠᠨ ᠤ ᠵᠤᠭᠠᠴᠠᠯ ᠤᠨ ᠲᠤᠬᠠᠢ ᠠᠰᠠᠭᠤᠨ ᠯᠠᠪᠯᠠᠬᠤ ᠤᠲᠠᠰᠤ ᠶᠢ ᠲᠤᠰᠴᠤ ᠶᠠᠭᠠᠷᠠᠨ᠎ᠠ᠃ ᠳᠡᠷᠡ᠄ ︽ᠡᠳᠦᠷ ᠪᠦᠷᠢ 100 ᠭᠠᠷᠤᠢ ᠵᠤᠭᠠᠴᠠᠭᠴᠢ ᠶᠢ ᠳᠤᠰᠴᠦ ᠵᠣᠴᠢᠯᠠᠵᠤ ᠪᠤᠢ᠃ ᠣᠯᠠᠩᠬᠢ ᠨᠢ ᠭᠡᠷ ᠪᠦᠯᠢ ᠪᠠᠷ ᠢᠶᠠᠨ ᠢᠷᠡᠵᠦ᠂ ᠬᠥᠭᠰᠢᠳ ᠨᠠᠰᠤᠲᠠᠶᠢᠴᠤᠳ᠂ ᠦᠷ᠎ᠡ ᠬᠡᠦᠬᠡᠳ ᠢᠶᠠᠨ ᠳᠠᠭᠠᠭᠤᠯᠤᠨ᠂ ᠵᠤᠭᠠᠴᠠᠵᠤ ᠨᠠᠭᠠᠳᠴᠤ ᠪᠠᠶᠢᠨ᠎ᠠ᠃ ᠡᠮᠦᠨᠡᠲᠦ ᠣᠷᠣᠨ ᠤ ᠴᠥᠭᠡᠨ ᠪᠤᠰᠤ ᠵᠤᠭᠠᠴᠠᠭᠰᠠᠳ ᠪᠠᠰᠠ ᠠᠭᠤᠷ ᠠᠮᠢᠰᠬᠤᠯ ᠤᠨ ᠵᠥᠷᠢᠶ᠎ᠡ ᠶᠢ ᠣᠶᠢᠯᠠᠭᠠᠬᠤ ᠪᠠᠷ ᠢᠷᠡᠵᠦ ᠪᠠᠶᠢᠨ᠎ᠠ᠃ ︿ᠲᠠᠪᠤᠨ ᠨᠠᠭᠤᠷ ᠢ ᠳᠤᠭᠤᠯᠬᠤ﹀ ᠥᠪᠡᠷ ᠢᠶᠠᠨ ᠲᠡᠷᠭᠡ ᠵᠢᠯᠤᠭᠤᠳᠬᠤ ᠵᠠᠮ ᠱᠤᠭᠤᠮ ᠡᠬᠢᠯᠡᠨ ᠬᠥᠭᠵᠢᠭᠰᠡᠨ ᠠᠴᠠ ᠨᠠᠭᠠᠰᠢ᠂ ᠭᠠᠳᠠᠷ ᠣᠷᠣᠨ ᠠᠴᠠ ᠲᠤᠰᠬᠠᠶᠢᠯᠠᠨ ᠢᠷᠡᠵᠦ ᠵᠤᠭᠠᠴᠠᠨ ᠨᠠᠭᠠᠳᠬᠤ ᠬᠥᠮᠥᠰ ᠣᠯᠠᠰᠢᠷᠠᠪᠠ᠃ ︿ᠲᠠᠪᠤᠨ ᠨᠠᠭᠤᠷ ᠢ ᠲᠤᠭᠤᠯᠬᠤ﹀ ᠪᠣᠯ ᠠᠯᠠᠱᠠ ᠶᠢᠨ ᠲᠡᠭᠷᠢ ᠡᠯᠡᠰᠦᠨ ᠳᠠᠬᠢ ᠪᠠᠷᠲᠠᠭ᠎ᠠ ᠰᠢᠨᠵᠢᠯᠡᠬᠦ ᠰᠣᠩᠭᠤᠳᠠᠭ ᠵᠠᠮ ᠱᠤᠭᠤᠮ ᠪᠣᠯᠣᠨ᠎ᠠ᠂ ᠲᠡᠷᠡ ᠨᠢ ᠬᠤᠨᠳᠣ ᠨᠠᠭᠤᠷ᠂ ᠤᠯᠠᠭᠠᠨ ᠨᠠᠭᠤᠷ᠂ ᠰᠦᠮᠡᠲᠦ ᠨᠠᠭᠤᠷ᠂ ᠨᠡᠷᠡᠨ ᠨᠠᠭᠤᠷ᠂ ᠬᠠᠯᠲᠠᠷ ᠨᠠᠭᠤᠷ ᠵᠡᠷᠭᠡ ᠲᠣᠰ ᠲᠣᠰ ᠤᠨ ᠣᠨᠴᠠᠯᠢᠭ ᠲᠠᠢ ᠡᠯᠡᠰᠦ ᠮᠠᠩᠬᠠᠨ ᠤ ᠨᠠᠭᠤᠷ ᠪᠦᠷᠢᠳᠦ ᠶᠢ ᠬᠤᠯᠪᠣᠵᠤ ᠪᠠᠶᠢᠳᠠᠭ︾ ᠭᠡᠵᠡᠢ᠃              ᠡᠨᠡ ᠬᠦ ᠵᠠᠮ ᠱᠤᠭᠤᠮ ᠨᠢ ᠵᠤᠭᠠᠴᠠᠭᠰᠠᠳ ᠲᠤ ᠡᠯᠡᠰᠦ ᠮᠠᠩᠬᠠᠨ ᠤ ᠰᠦᠷᠯᠢᠭ ᠰᠠᠶᠢᠬᠠᠨ ᠪᠠ ᠷᠢᠳᠢ ᠰᠢᠳᠢ ᠶᠢ ᠣᠶᠢᠯᠠᠭᠠᠭᠤᠯᠬᠤ ᠪᠠᠷ ᠪᠠᠷᠠᠬᠤ ᠦᠭᠡᠢ᠂ ᠪᠠᠰᠠ ᠵᠠᠮ ᠳᠠᠭᠠᠤ ᠨᠠᠭᠤᠷ ᠪᠦᠷᠢᠳᠦ ᠶᠢᠨ ᠨᠠᠮ ᠰᠡᠯᠡᠭᠦᠨ᠂ ᠦᠵᠡᠰᠭᠦᠯᠡᠩ ᠰᠠᠶᠢᠬᠠᠨ ᠢ ᠮᠡᠳᠡᠷᠡᠭᠦᠯᠵᠦ ᠪᠠᠶᠢᠳᠠᠭ᠃ ᠭᠢᠷᠢᠨ ᠮᠤᠵᠢ ᠶᠢᠨ ᠴᠠᠩᠴᠦ᠋ᠨ ᠬᠤᠳᠠ ᠠᠴᠠ ᠢᠷᠡᠭᠰᠡᠨ ᠰᠦ᠋ ᠰᠢᠶᠣᠣ ᠲᠢᠶᠠᠨ᠄ ︽ᠡᠨᠡ ᠤᠳᠠᠭ᠎ᠠ ᠠᠪᠤ ᠡᠵᠢ ᠲᠠᠢ ᠪᠠᠨ ᠬᠠᠮᠲᠤ ᠠᠯᠠᠱᠠ ᠳᠤ ᠢᠷᠡᠭᠡᠳ᠂ ᠡᠯᠡᠰᠦ ᠮᠠᠩᠬᠠᠨ ᠤ ᠭᠤᠶᠢᠳᠠ ᠰᠠᠶᠢᠬᠠᠨ ᠦᠵᠡᠮᠵᠢ ᠶᠢ ᠰᠣᠨᠢᠷᠬᠠᠨ᠂ ︿ᠬᠤᠷᠳᠤᠴᠠ ᠪᠣᠯᠣᠨ ᠬᠥᠭᠰᠡᠬᠦ ᠰᠡᠳᠬᠢᠯᠭᠡ﹀ ᠶᠢᠨ ᠮᠥᠷᠭᠦᠯᠳᠦᠯ ᠢ ᠪᠡᠶ᠎ᠡ ᠪᠠᠷ ᠢᠶᠠᠨ ᠮᠡᠳᠡᠷᠡᠵᠦ᠂ ᠮᠠᠷᠲᠠᠭᠳᠠᠰᠢ ᠦᠭᠡᠢ ᠳᠤᠷᠠᠳᠬᠠᠯ ᠲᠠᠢ ᠪᠣᠯᠣᠯ᠎ᠠ︾ ᠭᠡᠵᠦ ᠪᠠᠶᠢᠯ᠎ᠠ᠃              ᠰᠢᠨᠡᠳᠤᠬᠤᠢ ᠭᠠᠴᠠᠭ᠎ᠠ ᠨᠢ ᠪᠠᠶᠠᠨᠬᠤᠲᠠ ᠠᠴᠠ ᠪᠠᠷᠠᠭᠤᠨᠰᠢ 27 ᠺᠢᠯᠣᠮᠧᠲᠷ ᠵᠠᠶᠢᠲᠠᠢ ᠪᠠᠶᠢᠷᠢᠯᠠᠵᠤ᠂ ᠲᠡᠭᠷᠢ ᠡᠯᠡᠰᠦᠨ ᠳᠤ ᠬᠦᠷᠬᠦ ᠵᠠᠮ ᠳᠡᠭᠡᠷ᠎ᠡ ᠪᠠᠶᠢᠳᠠᠭ᠃ ᠭᠠᠴᠠᠭ᠎ᠠ ᠶᠢᠨ ᠣᠯᠠᠩᠬᠢ ᠠᠷᠠᠳ ᠮᠠᠯᠴᠢᠨ ᠠᠶᠢᠯ ᠤᠨ ᠵᠤᠭᠠᠴᠠᠯ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠪᠠᠭᠤᠳᠠᠯ ᠵᠢᠴᠢ ᠮᠠᠩᠬᠠᠨ ᠳᠠᠪᠠᠯᠭᠠᠨ ᠢ ᠥᠭᠰᠥᠬᠦ ᠵᠢᠯᠣᠭᠤᠴᠢ᠂ ᠵᠠᠮᠴᠢᠯᠠᠭᠴᠢ ᠵᠡᠷᠭᠡ ᠡᠯᠡᠰᠦ ᠮᠠᠩᠬᠠᠨ ᠤ ᠵᠤᠭᠠᠴᠠᠯ ᠤᠨ ᠦᠢᠯᠡᠴᠢᠯᠡᠭᠡ ᠬᠢᠵᠦ ᠪᠠᠶᠢᠨ᠎ᠠ᠃              ᠰᠢᠨᠡᠳᠤᠬᠤᠢ ᠭᠠᠴᠠᠭ᠎ᠠ ᠶᠢᠨ ᠨᠠᠮ ᠤᠨ ᠡᠭᠦᠷ ᠤᠨ ᠱᠦᠵᠢ ᠶᠠᠩ ᠳ᠋ᠧ ᠷᠦᠩ᠄ ︽ᠪᠦᠭᠦ ᠭᠠᠴᠠᠭ᠎ᠠ ᠳᠤ ᠵᠤᠭᠠᠴᠠᠯ ᠤᠨ ᠭᠠᠵᠠᠷ ᠲᠠᠢ ᠦᠢᠯᠡᠴᠢᠯᠡᠭᠡ ᠵᠠᠯᠭᠠᠵᠤ ᠪᠠᠶᠢᠭ᠎ᠠ ᠡᠷᠦᠭᠡ 4᠂ ᠠᠷᠠᠳ ᠤᠨ ᠰᠠᠭᠤᠴᠠ ᠡᠷᠭᠢᠯᠡᠵᠦ ᠪᠠᠶᠢᠭ᠎ᠠ ᠡᠷᠦᠭᠡ 25᠂ ᠢᠳᠡᠭᠡᠨ ᠤᠮᠳᠠᠭᠠᠨ ᠤ ᠦᠢᠯᠡᠰ ᠡᠷᠭᠢᠯᠡᠵᠦ ᠪᠠᠶᠢᠭ᠎ᠠ ᠡᠷᠦᠭᠡ 2 ᠪᠤᠢ᠃ ᠲᠡᠳᠡ ᠭᠠᠴᠠᠭᠠᠨ ᠤ 40 ᠭᠠᠷᠤᠢ ᠬᠥᠮᠥᠨ ᠢ ᠳᠠᠶᠢᠴᠢᠯᠠᠨ ᠠᠵᠢᠯ ᠣᠯᠭᠤᠪᠠ᠃ ᠵᠢᠭᠤᠯᠴᠢᠯᠠᠯ ᠤᠨ ᠣᠷᠣᠯᠭ᠎ᠠ ᠨᠢ ᠨᠢᠭᠡᠨᠲᠡ ᠭᠠᠴᠠᠭᠠᠨ ᠤ ᠮᠠᠯᠴᠢᠨ ᠲᠠᠷᠢᠶᠠᠴᠢᠨ ᠤ ᠬᠠᠮᠤᠭ ᠤᠨ ᠭᠤᠣᠯ ᠣᠷᠣᠯᠭ᠎ᠠ ᠶᠢᠨ ᠢᠷᠡᠯᠲᠡ ᠪᠣᠯᠤᠭᠰᠠᠨ ᠪᠠᠶᠢᠨ᠎ᠠ︾ ᠭᠡᠵᠡᠢ ᠃              ᠣᠶᠢᠷ᠎ᠠ ᠶᠢᠨ ᠵᠢᠯ ᠳᠤ᠂ ᠰᠢᠨᠡᠳᠤᠬᠤᠢ ᠭᠠᠴᠠᠭ᠎ᠠ ᠶᠢᠨ ᠬᠢᠨ ︽ᠨᠠᠮ ᠤᠨ ᠡᠭᠦᠷ + ᠬᠤᠷᠰᠢᠶ᠎ᠠ + ᠨᠠᠮ ᠤᠨ ᠭᠡᠰᠢᠭᠦᠨ ᠤ ᠭᠤᠣᠯᠯᠠᠭᠴᠢ ᠡᠷᠦᠭᠡ + ᠪᠠᠶᠠᠵᠢᠯ ᠤᠨ ᠳᠠᠭᠠᠭᠤᠯᠤᠭᠴᠢ + ᠨᠠᠮ ᠤᠨ ᠭᠡᠰᠢᠭᠦᠨ + ᠮᠠᠯᠴᠢᠨ ᠲᠠᠷᠢᠶᠠᠴᠢᠨ ᠡᠷᠦᠭᠡ︾ ᠶᠢᠨ ᠬᠠᠮᠲᠤᠷᠠᠨ ᠡᠵᠡᠩᠨᠡᠵᠦ ᠬᠠᠮᠲᠤ ᠪᠠᠷ ᠪᠠᠶᠠᠵᠢᠬᠤ ᠵᠠᠭᠪᠤᠷ ᠢ ᠠᠪᠴᠤ᠂ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦ ᠮᠠᠩᠬᠠᠨ ᠳᠤ ᠥᠷᠢᠰᠦᠯᠳᠦᠬᠦ ᠤᠷᠤᠯᠳᠤᠭᠠᠨ ᠳᠤ ᠲᠦᠰᠢᠭᠯᠡᠨ᠂ ᠳᠥᠭᠦᠮ ᠳᠥᠲᠡ ᠵᠠᠮ ᠬᠠᠷᠢᠯᠴᠠᠭ᠎ᠠ᠂ ᠡᠯᠪᠡᠭ ᠳᠡᠯᠪᠡᠭ ᠡᠯᠡᠰᠦ ᠮᠠᠩᠬᠠᠨ ᠤ ᠡᠬᠢ ᠪᠠᠶᠠᠯᠢᠭ᠂ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠥᠩᠭᠡ ᠦᠵᠡᠮᠵᠢ ᠶᠢᠨ ᠳᠠᠪᠠᠭᠤᠯᠢᠭ ᠲᠤ ᠲᠦᠰᠢᠭᠯᠡᠨ᠂ ᠣᠨᠴᠠᠯᠢᠭᠲᠤ ᠲᠡᠵᠢᠭᠡᠨ ᠦᠷᠡᠵᠢᠭᠦᠯᠬᠦ᠂ ᠵᠢᠮᠢᠰ ᠨᠣᠭᠤᠭ᠎ᠠ ᠳᠠᠷᠢᠬᠤ᠂ ᠲᠣᠭᠤᠷᠢᠨ ᠦᠵᠡᠵᠦ ᠲᠡᠭᠦᠬᠦ᠂ ᠡᠯᠡᠰᠦ ᠮᠠᠩᠬᠠᠨ ᠤ ᠪᠠᠷᠲᠠᠭ᠎ᠠ ᠰᠢᠨᠵᠢᠯᠡᠬᠦ᠂ ᠵᠤᠭ᠎ᠠ ᠴᠡᠩᠭᠡᠯ᠂ ᠠᠷᠠᠳ ᠤᠨ ᠵᠠᠩ ᠳᠠᠳᠬᠠᠯ ᠢ ᠣᠶᠢᠯᠠᠭᠠᠬᠤ ᠶᠢ ᠨᠢᠭᠡ ᠴᠣᠭᠴᠠᠵᠢᠭᠤᠯᠤᠭᠰᠠᠨ ᠵᠢᠭᠤᠯᠴᠢᠯᠠᠯ ᠤᠨ ᠦᠢᠯᠡᠰ ᠢ ᠢᠳᠡᠪᠬᠢᠲᠡᠢ ᠬᠥᠭᠵᠢᠭᠦᠯᠵᠦ ᠪᠠᠶᠢᠨ᠎ᠠ᠃ ᠡᠳᠦᠭᠡ᠂ ᠰᠢᠨᠡᠳᠤᠬᠤᠢ ᠭᠠᠴᠠᠭ᠎ᠠ ᠶᠢᠨ ᠤᠯᠠᠨ ᠲᠦᠮᠡᠨ ᠤ ᠠᠮᠢᠳᠤᠷᠠᠯ ᠡᠳᠦᠷ ᠠᠴᠠ ᠡᠳᠦᠷ ᠥᠭᠡᠳᠡᠯᠡᠨ ᠬᠥᠭᠵᠢᠵᠦ᠂ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃  
 
ᠢᠷᠡᠯᠲᠡ᠄ ᠪᠠᠶᠠᠨᠬᠤᠲᠠ ᠶᠢᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号