| -- ᠪᠦᠭᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠡᠷᠢᠭᠦᠨ ᠤ ᠬᠠᠮᠲᠤ | ᠨᠡᠶᠢᠲᠡ ᠠᠯᠠᠱᠠ ᠶᠢᠨ ᠴᠠᠭᠢᠯᠭᠠᠨ ᠬᠠᠩᠭᠠᠬᠤ ᠺᠤᠮᠫᠠᠨᠢ ᠶᠢ ᠲᠡᠮᠳᠡᠭᠯᠡᠪᠡ | | ᠨᠠᠷᠠᠨ᠎ᠠ᠂ ᠡᠷᠳᠡᠨᠢᠬᠦᠦ | | ᠠᠯᠠᠱᠠ ᠵᠡᠭᠦᠨ ᠬᠤᠰᠢᠭᠤᠨ ᠤ ᠰᠢᠯᠢᠭᠤᠤᠯ ᠤᠨ ᠴᠧᠨ ᠸᠠᠩ ᠲᠡᠵᠢᠭᠡᠨ ᠦᠷᠡᠵᠢᠭᠦᠯᠬᠦ ᠲᠠᠯᠠᠪᠠᠢ ᠶᠢᠨ | ᠴᠠᠭᠢᠯᠭᠠᠨ ᠬᠦᠴᠦᠳᠡᠯ ᠢ ᠳᠡᠭᠡᠭᠰᠢᠯᠡᠭᠦᠯᠦᠭᠰᠡᠨ ᠢᠶᠠᠷ ᠡᠪᠡᠰᠦ ᠨᠤᠨᠳᠠᠭᠯᠠᠬᠤ ᠮᠠᠰᠢᠨ᠂ ᠡᠪᠡᠰᠦ ᠬᠡᠷᠴᠢᠬᠦ ᠮᠠᠰᠢᠨ ᠵᠡᠷᠭᠡ | ᠲᠣᠮᠣ ᠭᠡᠯᠪᠡᠷᠢ ᠶᠢᠨ ᠲᠠᠷᠢᠶᠠᠯᠠᠩ ᠤᠨ ᠪᠠᠭᠠᠵᠢ ᠬᠡᠷᠡᠭᠰᠡᠯ ᠢ ᠬᠡᠪ ᠤᠨ ᠪᠠᠶᠢᠳᠠᠯ ᠢᠶᠠᠷ ᠠᠵᠢᠯᠯᠠᠭᠤᠯᠵᠤ ᠳᠡᠶᠢᠯᠦᠭᠡᠳ | ᠴᠠᠬᠢᠯᠭᠠᠨᠵᠢᠯᠲᠠ ᠶᠢᠨ ᠴᠠᠭ ᠦᠶ᠎ᠡ ᠳᠤ ᠣᠷᠣᠵᠠᠢ᠃ ᠬᠠᠷᠢᠭᠤᠴᠠᠯᠭᠠᠲᠠᠨ ᠶᠠᠩ ᠴᠧᠩ ᠱᠧᠩ᠄ ︽ᠠᠯᠠᠱᠠ ᠶᠢᠨ | ᠴᠠᠭᠢᠯᠭᠠᠨ ᠬᠠᠩᠭᠠᠬᠤ ᠺᠤᠮᠫᠠᠨᠢ ᠪᠢᠳᠡᠨ ᠳᠤ ᠴᠠᠭᠢᠯᠭᠠᠨ ᠱᠤᠭᠤᠮ ᠢ ᠥᠭᠡᠷᠡᠴᠢᠯᠡᠵᠦ ᠥᠭᠭᠦᠭᠰᠡᠨ ᠢᠶᠠᠷ ᠮᠠᠯᠴᠢᠨ | ᠲᠠᠷᠢᠶᠠᠴᠢᠨ ᠤ ᠦᠢᠯᠡᠳᠪᠦᠷᠢᠯᠡᠯ ᠤᠨ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠵᠦ᠂ ᠠᠮᠢᠳᠤᠷᠠᠯ ᠤᠨ ᠴᠢᠨᠠᠷ | ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ︾ ᠭᠡᠵᠦ ᠪᠠᠶᠠᠷᠯᠠᠨ ᠶᠠᠷᠢᠨ᠎ᠠ᠃ ᠰᠢᠷᠠᠪᠦᠷᠢᠳᠦ ᠳᠠᠬᠢ 35 | ᠺᠢᠯᠣᠸᠠᠲ ᠤᠨ ᠴᠠᠭᠢᠯᠭᠠᠨ ᠬᠤᠪᠢᠰᠬᠠᠬᠤ ᠥᠷᠲᠡᠭᠡᠨ ᠤ ᠴᠠᠭᠢᠯᠭᠠᠨ ᠱᠤᠭᠤᠮ ᠢ ᠠᠮᠵᠢᠯᠲᠠ ᠲᠠᠢ | ᠥᠭᠡᠷᠡᠴᠢᠯᠡᠭᠰᠡᠨ ᠢᠶᠠᠷ ᠠᠳᠡᠬᠢ 500ᠭᠠᠷᠤᠢ ᠡᠷᠦᠭᠡ ᠮᠠᠯᠴᠢᠨ ᠲᠠᠷᠢᠶᠠᠴᠢᠨ ᠤ ᠲᠠᠷᠢᠶᠠᠯᠠᠩ ᠮᠠᠯ ᠠᠵᠤ ᠠᠬᠤᠢ ᠳᠤ | ᠬᠡᠷᠡᠭᠯᠡᠬᠦ ᠴᠠᠭᠢᠯᠭᠠᠨ ᠤ ᠬᠦᠴᠦᠳᠡᠯ ᠳᠣᠣᠷ᠎ᠠ ᠪᠠᠶᠢᠭᠰᠠᠨ ᠠᠰᠠᠭᠤᠳᠠᠯ ᠢ ᠰᠢᠢᠳᠪᠦᠷᠢᠯᠡᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠮᠤᠷ ᠲᠦᠪᠰᠢᠨ ᠲᠣᠭᠲᠠᠭᠤᠨ ᠬᠠᠨᠤᠮᠵᠢᠲᠠᠶ ᠴᠠᠭᠢᠯᠭᠠᠨ ᠢ | ᠬᠡᠷᠡᠭᠯᠡᠭᠦᠯᠦᠭᠰᠡᠨ ᠪᠠᠶᠢᠨ᠎ᠠ᠃ ᠡᠨᠡ ᠪᠣᠯ ᠠᠯᠠᠱᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠴᠠᠭᠢᠯᠭᠠᠨ ᠤ ᠲᠣᠣᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ | ᠬᠦᠴᠦ ᠨᠡᠮᠡᠷᠢᠯᠡᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠪᠠ ᠰᠢᠨ᠎ᠡ ᠬᠥᠳᠡᠭᠡ ᠳᠤᠰᠬᠤᠨ ᠢ | ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠭᠰᠡᠨ ᠬᠤᠷᠢᠶᠠᠩᠭᠤᠢ ᠳᠦᠷᠰᠦ ᠪᠣᠯᠣᠨ᠎ᠠ᠃ | ᠠᠯᠠᠱᠠ ᠶᠢᠨ 27 ᠲᠦᠮᠡᠨ ᠬᠠᠪᠲᠠᠭᠠᠢ ᠳᠥᠷᠪᠡᠯᠵᠢᠨ ᠺᠢᠯᠣᠮᠧᠲᠷ ᠥᠷᠭᠡᠨ ᠠᠭᠤᠳᠠᠮ ᠨᠤᠲᠤᠭ | ᠳᠡᠪᠢᠰᠬᠡᠷ ᠲᠤ᠂ ᠪᠦᠭᠦ ᠤᠷᠳᠤ ᠨᠢ 7077.59 ᠺᠢᠯᠣᠮᠧᠲᠷ ᠪᠦᠬᠦᠢ 184 ᠵᠤᠷᠪᠤᠰ 35 ᠺᠢᠯᠤᠸᠤᠯᠲ ᠠᠴᠠ | ᠳᠡᠭᠡᠭᠰᠢᠬᠢ ᠴᠠᠭᠢᠯᠭᠠᠨ ᠬᠦᠷᠭᠡᠬᠦ ᠬᠡᠯᠬᠢᠶ᠎ᠡ ᠬᠥᠨᠳᠡᠯᠡᠨ ᠭᠤᠯᠳᠤ ᠪᠠᠷ ᠰᠤᠯᠪᠢᠴᠠᠨ ᠰᠤᠨᠤᠯᠵᠠᠵᠤ᠂ ᠪᠦᠭᠦ ᠠᠶᠢᠮᠠᠭ ᠤᠨ | ᠦᠨᠳᠦᠰᠦᠲᠡᠨ ᠨᠦᠭᠦᠳ ᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠴᠠᠭᠢᠯᠭᠠᠨ ᠬᠠᠩᠭᠠᠬᠤ ᠡᠭᠦᠷᠭᠡ ᠶᠢ | ᠡᠭᠦᠷᠭᠡᠯᠡᠵᠦ᠂ 1662 ᠴᠠᠭᠢᠯᠭᠠᠨ ᠬᠦᠴᠦᠨ ᠤ ᠠᠵᠢᠯᠲᠠᠨ ᠴᠠᠭᠢᠯᠭᠠᠨ ᠬᠦᠴᠦᠳᠡᠯ ᠤᠨ ᠡᠯ᠎ᠡ ᠲᠡᠰ ᠤᠨ ᠴᠠᠭᠢᠯᠭᠠᠨ | ᠬᠤᠪᠢᠰᠬᠠᠬᠤ 89 ᠦᠷᠲᠡᠭᠡ ᠶᠢ ᠡᠳᠦᠷ ᠰᠥᠨᠢ ᠦᠭᠡᠢ ᠠᠵᠢᠯᠯᠠᠭᠤᠯᠵᠤ᠂ ᠴᠠᠭᠢᠯᠭᠠᠨ ᠡᠨᠧᠷᠭᠢ ᠪᠠᠷ | ᠪᠦᠯᠬᠦᠮᠳᠡᠯ ᠤᠨ ᠵᠠᠮ ᠢ ᠭᠡᠷᠡᠯᠳᠦᠭᠦᠯᠵᠦ ᠪᠤᠢ᠃ | 2016 ᠣᠨ ᠠᠴᠠ ᠨᠠᠭᠠᠰᠢ᠂ ᠠᠯᠠᠱᠠ ᠶᠢᠨ ᠴᠠᠭᠢᠯᠭᠠᠨ ᠬᠠᠩᠭᠠᠬᠤ ᠺᠤᠮᠫᠠᠨᠢ ᠤᠷᠢᠳ ᠬᠤᠵᠢᠳ | ᠪᠦᠭᠦ ᠠᠶᠢᠮᠠᠭ ᠤᠨ40 ᠰᠤᠮᠤ ᠭᠠᠴᠠᠭ᠎ᠠ ᠳᠤ ᠠᠰᠢᠭ ᠬᠦᠷᠲᠡᠭᠡᠭᠰᠡᠨ ᠴᠠᠭᠢᠯᠭᠠᠨ ᠬᠦᠴᠦᠨ ᠢᠶᠠᠷ ᠶᠠᠳᠠᠭᠤ ᠶᠢ | ᠲᠡᠳᠬᠦᠬᠦ 20 ᠲᠦᠷᠦᠯ ᠵᠦᠢᠯ ᠢ ᠪᠡᠶᠡᠯᠡᠭᠦᠯᠪᠡ; ᠶᠡᠷᠦᠩᠬᠡᠢ ᠪᠠᠭᠲᠠᠭᠠᠮᠵᠢ ᠨᠢ 355.5 ᠲᠦᠮᠡᠨ ᠺᠢᠯᠣᠸᠠᠲ ᠲᠤ | ᠬᠦᠷᠬᠦ ᠲᠥᠪᠯᠡᠷᠡᠭᠦᠯᠦᠭᠰᠡᠨ ᠪᠠᠲᠤᠯᠠᠭ᠎ᠠ ᠶᠢᠨ ᠴᠢᠨᠠᠷᠲᠠᠢ ᠭᠡᠷᠡᠯ ᠰᠠᠯᠬᠢᠨ ᠤ ᠡᠨᠧᠷᠭᠢ ᠶᠢᠨ 21 ᠲᠥᠷᠥᠯ ᠵᠦᠢᠯ ᠢ | ᠴᠠᠭᠢᠯᠭᠠᠨ ᠲᠣᠣᠷ ᠲᠤ ᠨᠡᠶᠢᠯᠡᠭᠦᠯᠦᠨ ᠠᠵᠢᠯᠯᠠᠭᠤᠯᠪᠠ; 5762 ᠲᠦᠮᠡᠨ ᠲᠥᠭᠦᠷᠢᠭ ᠤᠨ ᠪᠡᠯᠡ ᠣᠷᠣᠭᠤᠯᠵᠤ᠂ | ᠪᠦᠭᠦ ᠠᠶᠢᠮᠠᠭ ᠤᠨ 24 ᠰᠤᠮᠤ ᠪᠠᠯᠭᠠᠰᠤ᠂ 48 ᠭᠠᠴᠠᠭ᠎ᠠ ᠲᠣᠰᠬᠤᠨ ᠤ ᠰᠢᠨ᠎ᠡ ᠡᠨᠧᠷᠭᠢ ᠶᠢ ᠲᠣᠣᠷ ᠲᠤ | ᠰᠢᠯᠵᠢᠭᠦᠯᠬᠦ ᠴᠠᠭᠢᠯᠭᠠᠨ ᠤ ᠢᠨᠵᠧᠨᠧᠷᠢᠩ ᠢ ᠪᠡᠶᠡᠯᠡᠭᠦᠯᠵᠦ᠂ 547 ᠡᠷᠦᠭᠡ ᠦᠨᠳᠦᠰᠦᠲᠡᠨ ᠨᠦᠭᠦᠳ ᠤᠨ ᠮᠠᠯᠴᠢᠨ | ᠲᠠᠷᠢᠶᠠᠴᠢᠨ ᠳᠤ ᠠᠵᠤ ᠦᠢᠯᠡᠰ ᠢᠶᠠᠨ ᠬᠥᠭᠵᠢᠭᠦᠯᠦᠨ ᠪᠠᠶᠠᠵᠢᠬᠤ ᠬᠤᠷᠳᠤᠴᠠ ᠶᠢ ᠲᠦᠷᠭᠡᠳᠬᠡᠪᠡ᠃ ᠲᠤᠰ ᠺᠤᠮᠫᠠᠨᠢ | ᠤᠷᠢᠳ ᠬᠤᠵᠢᠳ ︽ᠪᠦᠭᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠵᠢᠱᠢᠶ᠎ᠡ ᠦᠵᠡᠭᠦᠯᠭᠦ ᠨᠢᠭᠡᠴᠢ︾᠂ ︽ᠳᠣᠯᠣᠳᠤᠭᠠᠷ ᠪᠦᠯᠦᠭ ᠤᠨ ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠭᠦ ᠨᠢᠭᠡᠴᠢ︾ ᠵᠡᠷᠭᠡ ᠢᠷᠠᠭᠤ ᠠᠯᠳᠠᠷ ᠢ ᠭᠥᠷᠳᠡᠭᠰᠡᠨ ᠪᠥᠭᠡᠳ ᠠᠯᠠᠱᠠ | ᠠᠶᠢᠮᠠᠭ ᠤᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠠᠴᠠ ᠪᠦᠭᠦ ᠠᠶᠢᠮᠠᠭ ᠤᠨ ᠡᠭᠦᠳᠦᠨ | ᠪᠠᠶᠢᠭᠤᠯᠬᠤ ᠠᠵᠢᠯ ᠤᠨ ᠵᠢᠱᠢᠶ᠎ᠡ ᠦᠵᠡᠭᠦᠯᠭᠦ ᠨᠢᠭᠡᠴᠢ ᠪᠠᠷ ᠲᠣᠭᠲᠠᠭᠠᠵᠠᠢ᠃ | ︽ᠨᠠᠮ ᠤᠨ ᠪᠠᠶᠢᠭᠤᠯᠤᠯᠲᠠ + ᠴᠠᠭᠢᠯᠭᠠᠨ ᠲᠣᠣᠷ ᠢᠶᠠᠷ ᠦᠨᠳᠦᠰᠦᠲᠡᠨ ᠤ ᠪᠦᠯᠬᠦᠮᠳᠡᠯ ᠤᠨ | ᠰᠡᠳᠬᠢᠯ ᠢᠶᠠᠨ ᠨᠢᠭᠡᠳᠬᠡᠬᠦ ᠬᠥᠭᠦᠷᠭᠡ ᠶᠢ ᠪᠣᠰᠬᠠᠬᠤ︾ ᠢᠨᠵᠧᠨᠧᠷᠢᠩ ᠢ ᠬᠡᠷᠡᠭᠵᠢᠭᠦᠯᠬᠦ ᠶᠠᠪᠤᠴᠠ ᠳᠤ᠂ ᠠᠯᠠᠱᠠ ᠶᠢᠨ | ᠴᠠᠭᠢᠯᠭᠠᠨ ᠬᠠᠩᠭᠠᠬᠤ ᠺᠤᠮᠫᠠᠨᠢ ᠶᠢᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠠᠭᠢᠯᠭᠠᠨ ᠬᠦᠴᠦᠨ ᠤ | ᠠᠵᠢᠯ ᠤᠨ ᠪᠣᠳᠠᠲᠤ ᠪᠠᠶᠢᠳᠠᠯ ᠲᠠᠢ ᠭᠦᠨᠵᠡᠭᠡᠢ ᠠᠭᠤᠰᠤᠯᠴᠠᠭᠤᠯᠵᠤ᠂ ︽ᠠᠯᠠᠱᠠ ᠶᠢᠨ ᠴᠠᠭᠢᠯᠭᠠᠨ ᠬᠠᠩᠭᠠᠬᠤ | ᠺᠤᠮᠫᠠᠨᠢ ᠶᠢᠨ ᠨᠠᠮ ᠤᠨ ᠬᠤᠷᠢᠶᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ | ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠨ᠂ ︽ᠴᠠᠬᠢᠯᠭᠠᠨᠲᠤ ᠲᠡᠮᠡᠭᠡᠲᠦ ᠨᠤᠲᠤᠭ︾ ᠤᠨ | ᠦᠢᠯᠡᠴᠢᠯᠡᠭᠡᠨ ᠤ ᠨᠡᠷᠡᠲᠦ ᠲᠡᠮᠳᠡᠭ ᠢ ᠴᠢᠷᠮᠠᠶᠢᠨ ᠪᠠᠶᠢᠭᠤᠯᠵᠤ ᠪᠠᠶᠢᠨ᠎ᠠ᠃ ︽ᠪᠣᠬᠢᠷᠳᠤᠯ ᠦᠭᠡᠢ ᠦᠢᠯᠡᠴᠢᠯᠡᠭᠡ︾ | ᠶᠢᠨ ᠠᠵᠢᠯᠯᠠᠭ᠎ᠠ ᠶᠢ ᠥᠷᠨᠢᠭᠦᠯᠦᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠬᠦᠴᠦ ᠨᠡᠮᠡᠷᠢᠯᠡᠵᠦ᠂ ︽ | ᠮᠡᠷᠭᠡᠵᠢᠯ ᠢᠶᠠᠷ ᠬᠠᠪᠰᠤᠷᠤᠨ ᠲᠡᠳᠬᠦᠬᠦ︾ ᠶᠢ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠳᠤ | ᠦᠢᠯᠡᠴᠢᠯᠡᠭᠦᠯᠪᠡ᠃ ᠦᠢᠯᠡᠴᠢᠯᠡᠭᠡᠨ ᠤ ᠴᠣᠩᠬᠤᠨ ᠳᠤ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠭᠦ | ᠠᠵᠢᠯ ᠤᠨ ᠪᠠᠶᠢᠷᠢ ᠪᠠ ᠬᠢᠲᠠᠳ ᠮᠣᠩᠭᠤᠯ ᠬᠤᠣᠰ ᠬᠡᠯᠡᠨ ᠤ ᠰᠠᠭᠤᠳᠠᠯ ᠭᠠᠷᠭᠠᠨ᠂ ᠰᠢᠨ᠎ᠡ ᠭᠡᠯᠪᠡᠷᠢ ᠶᠢᠨ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠠᠢ᠃ ︽ᠨᠡᠭᠦᠷᠡᠰᠦ ᠶᠢ | ᠴᠠᠭᠢᠯᠭᠠᠨ ᠢᠶᠠᠷ ᠥᠭᠡᠷᠡᠴᠢᠯᠡᠬᠦ︾ ᠢᠨᠵᠧᠨᠧᠷᠢᠩ ᠢ ᠬᠡᠷᠡᠭᠵᠢᠭᠦᠯᠦᠨ᠂ 1.3 ᠲᠦᠮᠡ ᠭᠠᠷᠤᠢ ᠡᠷᠦᠭᠡ | ᠦᠨᠳᠦᠰᠦᠲᠡᠨ ᠨᠦᠭᠦᠳ ᠤᠨ ᠴᠠᠭᠢᠯᠭᠠᠨ ᠬᠡᠷᠡᠭᠯᠡᠭᠴᠢᠳ ᠲᠤ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠪᠡ᠃ | ᠡᠭᠦᠨ ᠤ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠨ᠂ | ᠴᠥᠭᠡᠨ ᠲᠣᠭᠠᠲᠤ ᠦᠨᠳᠦᠰᠦᠲᠡᠨ ᠤ ᠬᠦᠴᠢᠷᠳᠡᠯᠲᠡᠢ ᠣᠯᠠᠨ ᠲᠦᠮᠡᠨ ᠢ ᠨᠡᠶᠢᠲᠡ 400 ᠭᠠᠷᠤᠢ ᠬᠥᠮᠥᠨ ᠤᠳᠠᠭ᠎ᠠ | ᠪᠠᠶᠢᠴᠠᠭᠠᠨ ᠰᠤᠳᠤᠯᠵᠤ ᠰᠤᠷᠪᠤᠯᠵᠢᠯᠠᠨ ᠲᠣᠬᠤᠨᠢᠭᠤᠯᠵᠤ᠂ 30 ᠲᠦᠮᠡᠨ ᠲᠥᠭᠦᠷᠢᠭ ᠤᠨ ᠲᠣᠬᠤᠨᠢᠭᠤᠯᠬᠤ ᠮᠥᠩᠭᠦ | ᠪᠠ ᠪᠣᠳᠠᠰ ᠢ ᠲᠠᠷᠬᠠᠭᠠᠵᠠᠢ; ᠴᠠᠭᠠᠨ ᠭᠤᠶᠣᠣ ᠳᠠᠷᠢᠬᠤ ᠦᠢᠯᠡᠰ ᠤᠨ ᠬᠥᠭᠵᠢᠯᠲᠡ ᠶᠢ ᠬᠠᠪᠰᠤᠷᠤᠨ ᠲᠡᠳᠬᠦᠵᠦ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ | ᠰᠠᠶᠢᠵᠢᠷᠠᠭᠤᠯᠬᠤ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ | ︽ᠪᠢᠳᠡ ᠢᠮᠠᠭᠲᠠ ᠪᠦᠭᠦ ᠠᠶᠢᠮᠠᠭ ᠤᠨ ᠠᠵᠤ ᠠᠬᠤᠢ ᠶᠢᠨ ᠬᠥᠭᠵᠢᠯᠲᠡ ᠪᠠ ᠠᠷᠠᠳ ᠤᠨ | ᠠᠮᠢᠳᠤᠷᠠᠯ ᠢ ᠳᠡᠮᠵᠢᠬᠦ ᠳᠤ ᠭᠤᠣᠯ ᠬᠦᠴᠦ ᠪᠠᠨ ᠲᠠᠯᠪᠢᠨ᠂ ᠴᠠᠭᠢᠯᠭᠠᠨ ᠤ ᠲᠣᠣᠷ ᠤᠨ ᠬᠥᠭᠵᠢᠯᠲᠡ ᠶᠢᠨ | ᠲᠥᠯᠦᠪᠵᠢᠭᠦᠯᠭᠡ ᠶᠢ ᠤᠷᠢᠳᠴᠢᠯᠠᠨ ᠰᠠᠶᠢᠲᠤᠷ ᠬᠢᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠂ ᠵᠠᠬ᠎ᠠ ᠬᠢᠵᠠᠭᠠᠷ ᠣᠷᠣᠨ ᠪᠠ ᠴᠥᠭᠡᠨ ᠲᠣᠭᠠᠲᠤ ᠦᠨᠳᠦᠰᠦᠲᠡᠨ ᠤ | ᠭᠠᠵᠠᠷ ᠣᠷᠣᠨ ᠳᠤ ᠴᠠᠭᠢᠯᠭᠠᠨ ᠨᠡᠪᠲᠡᠷᠡᠭᠦᠯᠬᠦ ᠢᠨᠵᠧᠨᠧᠷᠢᠩ ᠢ ᠰᠠᠶᠢᠲᠤᠷ ᠠᠳᠬᠤᠵᠤ ᠪᠤᠢ᠃ ᠠᠯᠠᠱᠠ ᠶᠢᠨ | ᠴᠠᠭᠢᠯᠭᠠᠨ ᠬᠠᠩᠭᠠᠬᠤ ᠺᠤᠮᠫᠠᠨᠢ ᠶᠢᠨ ᠬᠢᠨ ᠦᠯᠢᠭᠡᠷ ᠳᠠᠭᠤᠷᠢᠶᠠᠯ ᠦᠵᠡᠭᠦᠯᠭᠦ ᠨᠢᠭᠡᠴᠢ ᠶᠢ ᠡᠭᠦᠳᠦᠨ ᠪᠠᠶᠢᠭᠤᠯᠬᠤ | ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠺᠤᠮᠫᠠᠨᠢ ᠶᠢᠨ ᠦᠨᠳᠦᠰᠦᠲᠡᠨ ᠨᠦᠭᠦᠳ ᠤᠨ ᠺᠠᠳ᠋ᠷ ᠠᠵᠢᠯᠲᠠᠳ ᠢ | ᠳᠠᠭᠠᠭᠤᠯᠤᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠯᠢ ᠬᠢᠵᠠᠭᠠᠷ ᠤᠨ ᠴᠥᠭᠡᠨ ᠲᠣᠭᠠᠲᠤ | ᠦᠨᠳᠦᠰᠦᠲᠡᠨ ᠤ ᠭᠠᠵᠠᠷ ᠣᠷᠣᠨ ᠤ ᠬᠥᠭᠵᠢᠯ ᠴᠡᠴᠡᠭᠯᠡᠯ ᠳᠤ ᠬᠥᠳᠡᠯᠭᠡᠬᠦ ᠬᠦᠴᠦᠨ ᠨᠡᠮᠡᠷᠢᠯᠡᠨ᠂ ᠡᠶ᠎ᠡ ᠵᠣᠬᠢᠴᠠᠩᠭᠤᠢ | ᠬᠥᠭᠵᠢᠯᠲᠡ ᠶᠢᠨ ᠰᠠᠶᠢᠨ ᠰᠠᠶᠢᠬᠠᠨ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠵᠤ ᠪᠠᠶᠢᠨ᠎ᠠ︾ ᠭᠡᠵᠦ ᠺᠤᠮᠫᠠᠨᠢ ᠶᠢᠨ | ᠶᠡᠷᠦᠩᠬᠡᠢ ᠳᠠᠭᠠᠭᠠᠮᠠᠯ᠂ ᠨᠠᠮ ᠤᠨ ᠬᠤᠷᠢᠶ᠎ᠠ ᠶᠢᠨ ᠳᠡᠳ᠋ ᠱᠦᠵᠢ ᠶᠠᠩ ᠮᠢᠩ ᠵᠢᠶᠠᠩ ᠲᠠᠨᠢᠯᠴᠠᠭᠤᠯᠵᠤ ᠪᠢᠯᠡ᠃ | | | | |