ᠠᠯᠠᠱᠠ ᠶᠢᠨ ᠲᠡᠮᠡᠭᠡᠨ ᠤ ᠠᠵᠤ ᠦᠢᠯᠡᠰ ᠰᠢᠨᠵᠢᠯᠡᠭᠡ ᠮᠡᠷᠭᠡᠵᠢᠯ ᠤᠨ ᠰᠤᠳᠤᠯᠭᠠᠨ ᠤ ᠭᠤᠷᠪᠠᠨ ᠳᠠᠪᠬᠤᠷ ᠪᠣᠭᠤᠮᠲᠠ ᠶᠢ ᠠᠮᠵᠢᠯᠲᠠ ᠲᠠᠢ ᠰᠢᠪᠲᠤᠯᠪᠠ
ᠨᠡᠶᠢᠲᠡᠯᠡᠭᠰᠡᠨ ᠴᠠᠭ᠄
2024/12/30
 ᠨᠠᠷᠠᠨ᠎ᠠ᠂ ᠡᠷᠳᠡᠨᠢᠬᠦᠦ                                      ᠣᠶᠢᠷ᠎ᠠ ᠶᠢᠨ ᠵᠢᠯ ᠳᠤ᠂ ᠠᠶᠢᠮᠠᠭ ᠤᠨ ᠰᠢᠨᠵᠢᠯᠡᠭᠡ ᠮᠡᠷᠭᠡᠵᠢᠯ ᠤᠨ ᠲᠣᠪᠴᠢᠶ᠎ᠠ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠪᠠ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠴᠢᠳᠠᠪᠤᠷᠢᠲᠠᠨ ᠢ ᠬᠥᠮᠥᠵᠢᠭᠦᠯᠬᠦ᠂ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠠᠰᠢᠭᠯᠠᠬᠤ ᠭᠤᠷᠪᠠᠨ ᠳᠠᠪᠬᠤᠷ ᠪᠣᠭᠤᠮᠲᠠ ᠶᠢ ᠠᠮᠵᠢᠯᠲᠠ ᠲᠠᠢ ᠰᠢᠪᠲᠤᠯᠵᠤ᠂ ᠠᠵᠤ ᠦᠢᠯᠡᠰ ᠤᠨ ᠬᠥᠭᠵᠢᠯᠲᠡ ᠶᠢᠨ ᠥᠷᠭᠡᠴᠡ ᠪᠠ ᠭᠦᠨᠴᠡ ᠶᠢ ᠨᠡᠮᠡᠭᠳᠡᠭᠦᠯᠪᠡ᠃              ᠴᠢᠳᠠᠪᠤᠷᠢᠲᠠᠨ ᠢᠶᠠᠷ ᠡᠩᠨᠡᠭᠡ ᠶᠢ ᠬᠥᠮᠥᠵᠢᠭᠦᠯᠦᠨ ᠬᠦᠴᠦᠷᠬᠡᠭᠵᠢᠭᠦᠯᠵᠦ᠂ ᠦᠷ᠎ᠡ ᠪᠦᠲᠦᠭᠡᠯ ᠢ ᠪᠣᠳᠠᠲᠠᠶᠢᠵᠢᠭᠤᠯᠬᠤ ᠪᠣᠭᠤᠮᠲᠠ ᠶᠢ ᠰᠢᠪᠲᠤᠯᠪᠠ᠃ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠵᠢᠷᠤᠮᠲᠤ ᠫᠷᠤᠹᠧᠰᠰᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠢ ᠤᠷᠢᠨ ᠣᠷᠣᠭᠤᠯᠵᠤ᠂ ᠠᠯᠠᠱᠠ ᠪᠠᠷᠠᠭᠤᠨ ᠬᠤᠰᠢᠭᠤᠨ ᠳᠤ ᠥᠪᠡᠷᠲᠡᠭᠡᠨ ᠵᠠᠰᠠᠬᠤ ᠣᠷᠣᠨ ᠤ ᠰᠢᠨ᠎ᠡ ᠭᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ - ᠥᠪᠥᠷ ᠮᠣᠩᠭᠤᠯ ᠤᠨ ᠳᠤᠮᠳᠠᠳᠤ ᠺᠠᠽᠠᠬᠰᠲ᠋ᠠᠨ ᠤ ᠲᠡᠮᠡᠭᠡᠨ ᠤ ᠰᠤᠳᠤᠯᠭᠠᠨ ᠤ ᠬᠦᠷᠢᠶᠡᠯᠡᠩ ᠢ ᠪᠠᠶᠢᠭᠤᠯᠤᠨ᠂ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠳᠠᠭᠠᠭᠠᠨ ᠠᠪᠴᠤ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢ ᠨᠥᠯᠥᠭᠡᠯᠡᠨ ᠳᠠᠶᠢᠴᠢᠯᠠᠪᠠ᠃ ᠰᠤᠳᠤᠯᠤᠨ ᠨᠡᠭᠡᠭᠡᠬᠦ ᠪᠦᠯᠭᠦᠮ ᠳᠤ ᠣᠲᠣ 10 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠪᠠᠶᠢᠬᠤ ᠪᠥᠭᠡᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠠᠮᠲᠤᠷᠠᠨ ᠳ᠋ᠣᠺᠲ᠋ᠣᠷ᠂ ᠠᠰᠫᠢᠷᠠᠨᠲ 117 ᠬᠥᠮᠥᠨ ᠢ ᠭᠦᠮᠥᠵᠢᠭᠦᠯᠵᠡᠢ; ᠲᠡᠮᠡᠭᠡᠨ ᠤ ᠬᠠᠮᠢᠶ᠎ᠠ ᠪᠦᠬᠦᠢ ᠦᠢᠯᠡᠳᠬᠦᠨ ᠤ ᠬᠡᠷᠡᠭᠵᠢᠭᠦᠯᠬᠦ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ 100 ᠭᠠᠷᠤᠢ ᠡᠷᠳᠡᠮ ᠰᠢᠨᠵᠢᠯᠡᠭᠡᠨ ᠤ ᠥᠭᠦᠯᠡᠯ ︵ᠡᠭᠦᠨ ᠳᠤ SCI ᠳᠤ 58 ᠥᠭᠦᠯᠡᠯ ᠨᠡᠶᠢᠲᠡᠯᠡᠪᠡ︶ ᠨᠡᠶᠢᠲᠡᠯᠡᠵᠦ᠂ 19 ᠨᠣᠮ ᠬᠡᠪᠯᠡᠭᠦᠯᠦᠨ᠂ 13 ᠲᠤᠰᠬᠠᠢ ᠠᠰᠢᠭ ︵ᠨᠢᠭᠡᠨᠲᠡ 8 ᠵᠦᠢᠯ ᠳᠤ ᠡᠷᠬᠡ ᠣᠯᠭᠤᠪᠠ︶  ᠢ ᠭᠤᠶᠤᠴᠢᠯᠠᠵᠤ ᠂ ᠢᠩᠭᠡᠨ ᠰᠦ᠂ ᠲᠡᠮᠡᠭᠡᠨ ᠥᠭᠡᠬᠦ᠂ ᠲᠡᠮᠡᠭᠡᠨ ᠮᠢᠬᠠᠨ ᠤ ᠪᠦᠲᠦᠭᠡᠭᠳᠡᠬᠦᠨ ᠵᠡᠷᠭᠡ 30 ᠭᠠᠷᠤᠢ ᠵᠦᠢᠯ ᠢ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠪᠠᠶᠢᠨ᠎ᠠ᠃              ᠰᠢᠨᠵᠢᠯᠡᠬᠦ ᠤᠬᠠᠭᠠᠨ ᠤ ᠰᠤᠳᠤᠯᠭᠠᠨ ᠢ ᠴᠢᠬᠤᠯᠠᠴᠢᠯᠠᠵᠤ᠂ ᠮᠡᠷᠭᠡᠵᠢᠯ ᠤᠨ ᠪᠣᠭᠤᠮᠲᠠ ᠶᠢ ᠰᠢᠪᠲᠤᠯᠪᠠ ᠃ ᠪᠦᠯᠭᠦᠮ ᠤᠨ ᠪᠦᠷᠢᠯᠳᠦᠭᠦᠨ ᠨᠠᠷ ᠲᠡᠮᠡᠭᠡᠨ ᠤ ᠭᠧᠨ ᠤ ᠪᠦᠯᠦᠭ᠂ ᠨᠠᠨᠦᠮᠧᠲᠷ ᠤᠨ ᠡᠰᠡᠷᠭᠦᠴᠡᠭᠴᠢ᠂ ᠲᠡᠮᠡᠭᠡᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠢᠩᠭᠡᠨ ᠰᠦ ᠶᠢᠨ ᠹᠢᠽᠢᠺ ᠬᠢᠮᠢ ᠶᠢᠨ ᠣᠨᠴᠠᠯᠢᠭ ᠢ ᠰᠤᠳᠤᠯᠬᠤ᠂ ᠲᠦᠷᠦᠯ ᠵᠦᠢᠯ ᠢ ᠲᠣᠭᠲᠠᠭᠠᠨ ᠬᠡᠷᠡᠭᠵᠢᠭᠦᠯᠦᠭᠰᠡᠨ ᠦᠷ᠎ᠡ ᠪᠦᠲᠦᠭᠡᠯ ᠢ ᠬᠤᠪᠢᠷᠠᠭᠤᠯᠬᠤ᠂ ᠰᠠᠭᠤᠷᠢ ᠰᠤᠳᠤᠯᠭᠠᠨ᠂ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠣᠷᠣᠨ ᠠᠶᠢᠮᠠᠭ ᠤᠨ ᠲᠡᠰ ᠤᠨ 13 ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠪᠡᠶᠡᠯᠡᠭᠦᠯᠵᠦ᠂ ᠠᠯᠢ ᠤᠯᠠᠨ ᠰᠢᠨ᠎ᠡ ᠶᠢ ᠡᠭᠦᠳᠦᠭᠰᠡᠨ ᠰᠤᠳᠤᠯᠭᠠᠨ ᠤ ᠦᠷ᠎ᠡ ᠪᠦᠲᠦᠭᠡᠯ ᠢ ᠣᠯᠵᠠᠢ᠃ ︽ᠲᠡᠮᠡᠭᠡᠨ ᠤ ᠭᠧᠨ ᠤ ᠪᠦᠯᠦᠭᠯᠡᠯ ᠤᠨ ᠳ᠋ᠠᠶᠢᠲ᠋ᠠ ᠬᠥᠮᠥᠷᠭᠡ ᠶᠢᠨ ᠪᠠᠶᠢᠭᠤᠯᠤᠯᠲᠠ︾ ᠪᠠ ︽ᠲᠡᠮᠡᠭᠡᠨ ᠤ ᠬᠦᠨᠳᠦ ᠬᠡᠯᠬᠢᠶᠡᠲᠦ ᠠᠨᠲ᠋ᠢᠪᠤᠳᠢ ︵ᠨᠠᠨᠦᠮᠧᠲᠷ ᠤᠨ ᠠᠨᠲ᠋ᠢᠪᠤᠳᠢ︶  ᠶᠢᠨ ᠰᠣᠶᠣᠯ ᠤᠨ ᠬᠥᠮᠥᠷᠭᠡ ᠶᠢᠨ ᠪᠠᠶᠢᠭᠤᠯᠤᠯᠲᠠ︾ ᠭᠡᠬᠦ ᠬᠤᠶᠠᠷ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠨᠢ ᠳᠡᠯᠡᠬᠡᠢ ᠶᠢᠨ ᠬᠤᠭᠤᠰᠤᠨ ᠢ ᠨᠥᠬᠦᠪᠦᠷᠢᠯᠡᠪᠡ᠃ ᠳᠡᠯᠡᠬᠡᠢ ᠳᠡᠭᠡᠷᠡᠬᠢ ᠬᠠᠮᠤᠭ ᠤᠨ ᠲᠣᠮᠣ ᠪᠥᠭᠡᠳ ᠴᠣᠷ ᠤᠨ ᠭᠠᠭᠴᠠ ᠲᠡᠮᠡᠭᠡᠨ ᠤ ᠭᠧᠨ ᠤ ᠪᠦᠯᠦᠭ ᠤᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ᠂ ᠲᠡᠮᠡᠭᠡᠨ ᠤ ᠡᠰᠡᠷᠭᠦᠴᠡᠭᠴᠢ ᠶᠢᠨ ᠭᠧᠨ ᠤ ᠬᠠᠮᠤᠭ ᠤᠨ ᠪᠦᠷᠢᠨ ᠪᠦᠲᠦᠨ ᠮᠡᠳᠡᠭᠡ ᠵᠠᠩᠭᠢ ᠶᠢ ᠴᠤᠭᠯᠠᠭᠤᠯᠤᠨ᠂ ᠲᠡᠮᠡᠭᠡᠨ ᠤ ᠨᠠᠨᠦᠮᠧᠲᠷ ᠤᠨ ᠡᠰᠡᠷᠭᠦᠴᠡᠭᠴᠢ ᠶᠢᠨ ᠬᠠᠪᠤᠳᠠᠷ᠂ ᠢᠳᠡᠭᠡᠨ ᠳᠤ ᠬᠤᠣᠷᠳᠠᠭᠳᠠᠬᠤ᠂ ᠬᠠᠯᠳᠠᠪᠤᠷᠢᠯᠠᠯ ᠤᠨ ᠴᠢᠨᠠᠷᠲᠠᠢ ᠡᠪᠡᠳᠴᠢᠨ ᠵᠡᠷᠭᠡ ᠳᠤ ᠦᠵᠡᠭᠦᠯᠭᠦ ᠡᠮᠴᠢᠯᠡᠭᠡᠨ ᠤ ᠰᠡᠷᠭᠡᠶᠢᠯᠡᠨ ᠵᠠᠰᠠᠬᠤ ᠦᠢᠯᠡᠳᠦᠯ ᠢ ᠢᠯᠡᠷᠡᠭᠦᠯᠪᠡ; ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠷᠥᠯ ︽ᠲᠡᠮᠡᠭᠡᠨ ᠤ ᠭᠧᠨ ᠤ ᠡᠬᠢ ᠪᠠᠶᠠᠯᠢᠭ ᠤᠨ ᠠᠰᠢᠭᠯᠠᠯᠲᠠ ᠵᠢᠴᠢ ᠠᠵᠤ ᠦᠢᠯᠡᠰᠵᠢᠯᠲᠡ ᠶᠢᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠬᠢᠭᠡᠳ ᠦᠯᠢᠭᠡᠷ ᠵᠢᠱᠢᠶ᠎ᠡ︾ ᠨᠢ 2022 ᠣᠨ ᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠢ ᠭᠦᠷᠳᠡᠪᠡ᠃ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ᠂ ᠰᠢᠨ᠎ᠡ ᠭᠡᠯᠪᠡᠷᠢ ᠶᠢᠨ ᠲᠡᠵᠢᠭᠡᠨ ᠦᠷᠡᠵᠢᠭᠦᠯᠬᠦ ᠵᠠᠭᠪᠤᠷ ᠢ ᠡᠭᠦᠳᠦᠨ ᠪᠠᠶᠢᠭᠤᠯᠬᠤ᠂ ᠵᠦᠢ ᠵᠣᠬᠢᠰᠲᠠᠢ ᠪᠠᠷ ᠲᠡᠵᠢᠭᠡᠯ ᠨᠥᠬᠦᠪᠦᠷᠢᠯᠡᠬᠦ ᠪᠠ ᠰᠢᠨᠵᠢᠯᠡᠬᠦ ᠤᠬᠠᠭᠠᠨᠴᠢ ᠪᠠᠷ ᠳᠠᠰᠬᠠᠵᠤ ᠰᠤᠷᠭᠠᠬᠤ ᠵᠡᠷᠭᠡ ᠠᠷᠭ᠎ᠠ ᠵᠠᠮ ᠢᠶᠠᠷ ᠢᠩᠭᠡᠨ ᠰᠦ ᠶᠢᠨ ᠭᠠᠷᠤᠯᠲᠠ ᠳᠣᠣᠷ᠎ᠠ ᠪᠠᠶᠢᠬᠤ ᠮᠡᠷᠭᠡᠵᠢᠯ ᠤᠨ ᠪᠣᠭᠤᠮᠢ ᠶᠢ ᠰᠢᠪᠲᠤᠯᠤᠭᠰᠠᠨ ᠪᠥᠭᠡᠳ ᠢᠩᠭᠡᠨ ᠰᠦ ᠶᠢᠨ ᠪᠦᠲᠦᠭᠡᠭᠳᠡᠬᠦᠨ ᠢ ᠠᠵᠤ ᠦᠢᠯᠡᠰᠵᠢᠭᠦᠯᠬᠦ ᠲᠠᠯ᠎ᠠ ᠪᠠᠷ ᠮᠡᠷᠭᠡᠵᠢᠯ ᠤᠨ ᠰᠤᠳᠤᠯᠭᠠᠨ ᠥᠷᠨᠢᠭᠦᠯᠪᠡ; ᠥᠪᠡᠷᠲᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠲᠤᠰᠬᠠᠢ ᠵᠦᠢᠯ ᠤᠨ ︽ᠲᠡᠮᠡᠭᠡᠨ ᠤ ᠥᠭᠡᠬᠦ ᠰᠦ ᠶᠢᠨ ᠭᠤᠶᠣᠯᠠᠯ ᠤᠨ ᠡᠳ᠋ ᠤᠨ ᠭᠦᠨᠵᠡᠭᠡᠢ ᠰᠤᠳᠤᠯᠤᠯ ᠪᠠ ᠠᠵᠤ ᠦᠢᠯᠡᠰᠵᠢᠯᠲᠡ ᠶᠢᠨ ᠰᠢᠮᠡᠵᠢᠭᠦᠯᠬᠦ᠂ ᠴᠢᠭᠢᠭ ᠬᠠᠳᠠᠭᠠᠯᠠᠬᠤ᠂ ᠤᠰᠤ ᠨᠥᠬᠦᠬᠦ ᠴᠢᠳᠠᠮᠵᠢ ᠲᠠᠢ ᠢᠩᠭᠡᠨ ᠰᠦ ᠶᠢᠨ ᠴᠠᠶᠢᠪᠠᠩ᠂ ᠲᠡᠮᠡᠭᠡᠨ ᠪᠦᠭᠦ ᠶᠢᠨ ᠭᠠᠷ ᠤᠨ ᠲᠣᠰᠣ ᠪᠠ ᠲᠡᠮᠡᠭᠡᠨ ᠪᠦᠭᠦ ᠶᠢᠨ ᠤᠷᠤᠭᠤᠯ ᠤᠨ ᠪᠤᠳᠤᠭ ᠵᠡᠷᠭᠡ ᠰᠢᠨ᠎ᠡ ᠮᠠᠶ᠋ᠢᠭ ᠤᠨ ᠭᠤᠶᠣᠯᠠᠯ ᠤᠨ ᠡᠳ᠋ ᠢ ᠠᠮᠵᠢᠯᠲᠠ ᠲᠠᠢ ᠰᠤᠳᠤᠯᠤᠨ ᠨᠡᠭᠡᠭᠡᠭᠰᠡᠨ ᠪᠥᠭᠡᠳ ᠮᠡᠷᠭᠡᠵᠢᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠬᠦᠷᠴᠦ᠂ ︽ᠤᠯᠤᠰ ᠠᠴᠠ ᠨᠢᠭᠡᠨᠲᠡ ᠬᠡᠷᠡᠭᠯᠡᠵᠦ ᠪᠠᠶᠢᠭ᠎ᠠ ᠭᠤᠶᠣᠯᠠᠯ ᠤᠨ ᠡᠳ᠋ ᠤᠨ ᠲᠦᠭᠦᠬᠡᠢ ᠮᠠᠲ᠋ᠧᠷᠢᠶᠠᠯ ᠤᠨ ᠭᠠᠷᠴᠠᠭ︾ ᠲᠤ ᠣᠷᠣᠭᠤᠯᠤᠭᠰᠠᠨ ᠪᠠᠶᠢᠨ᠎ᠠ᠃              ᠵᠠᠬ᠎ᠠ ᠳᠡᠯᠭᠡᠭᠦᠷ ᠲᠤ ᠭᠠᠷᠭᠠᠨ᠂ ᠦᠷ᠎ᠡ ᠪᠦᠲᠦᠭᠡᠯ ᠢ ᠨᠠᠶᠢᠳᠠᠪᠤᠷᠢᠵᠢᠭᠤᠯᠬᠤ ᠪᠣᠭᠤᠮᠲᠠ ᠶᠢ ᠰᠢᠪᠲᠤᠯᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ 2 ᠵᠦᠢᠯ ᠢ ᠵᠠᠬ᠎ᠠ ᠳᠡᠯᠭᠡᠭᠦᠷ ᠲᠤ ᠭᠠᠷᠭᠠᠨ᠂ ᠲᠤᠰᠬᠠᠢ ᠡᠷᠬᠡ ᠶᠢᠨ ᠮᠡᠷᠭᠡᠵᠢᠯ᠂ ᠢᠩᠭᠡᠨ ᠰᠦ ᠶᠢᠨ ᠪᠠᠷᠢᠮᠵᠢᠶ᠎ᠠ᠂ ᠡᠳ᠋ᠰᠢᠭᠦᠯᠦᠨ ᠪᠤᠯᠪᠠᠰᠤᠷᠠᠭᠤᠯᠬᠤ ᠤᠷ᠎ᠠ ᠮᠡᠷᠭᠡᠵᠢᠯ ᠵᠡᠷᠭᠡ ᠶᠢ ᠥᠪᠥᠷ ᠮᠣᠩᠭᠤᠯ ᠤᠨ ᠱᠠ ᠮᠦᠸᠧ ᡁᠢ ᠱᠧᠨ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ᠂ ᠥᠪᠥᠷ ᠮᠣᠩᠭᠤᠯ ᠤᠨ ᠲᠢᠶᠠᠨ ᠲᠦᠸᠧ ᠠᠮᠢᠳᠤ ᠪᠣᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠠᠴᠠ ᠠᠮᠵᠢᠯᠲᠠ ᠲᠠᠢ ᠪᠠᠷ ᠤᠯᠠᠷᠢᠭᠤᠯᠤᠨ ᠨᠠᠶᠢᠳᠠᠪᠤᠷᠢᠵᠢᠭᠤᠯᠪᠠ᠃ ᠪᠠᠺᠲ᠋ᠧᠷᠢ ᠤᠰᠠᠳᠬᠠᠭᠰᠠᠨ ᠢᠩᠭᠡᠨ ᠰᠦ᠂ ᠢᠩᠭᠡᠨ ᠤᠭᠤᠷᠠᠭ ᠤᠨ ᠲᠠᠯᠬ᠎ᠠ ᠪᠠ ᠲᠡᠮᠡᠭᠡᠨ ᠰᠦ ᠶᠢᠨ ᠬᠠᠪᠲᠠᠭᠠᠢ ᠵᠡᠷᠭᠡ 3 ᠦᠢᠯᠡᠳᠪᠦᠷᠢᠯᠡᠯ ᠤᠨ ᠱᠤᠭᠤᠮ ᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠢᠩᠭᠡᠨ ᠤ ᠰᠢᠩᠭᠡᠨ ᠤᠭᠤᠷᠠᠭ᠂ ᠢᠩᠭᠡᠨ ᠤᠭᠤᠷᠠᠭ ᠤᠨ ᠲᠠᠯᠬ᠎ᠠ᠂ ᠬᠡᠦᠬᠡᠳ ᠤᠨ ᠬᠡᠷᠡᠭᠯᠡᠭᠡᠨ ᠤ ᠢᠩᠭᠡᠨ ᠰᠦ ᠶᠢᠨ ᠲᠠᠯᠬ᠎ᠠ ᠵᠡᠷᠭᠡ 5 ᠵᠦᠢᠯ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠢᠩᠭᠡᠨ ᠤᠭᠤᠷᠠᠭ ᠤᠨ ᠨᠢᠭᠤᠷ ᠤᠨ ᠲᠣᠰᠣ᠂ ᠨᠢᠭᠤᠷ ᠤᠨ ᠵᠤᠯᠤᠮ᠎ᠠ ᠵᠡᠷᠭᠡ 28 ᠵᠦᠢᠯ ᠤᠨ ᠰᠢᠷᠢᠰ ᠭᠤᠶᠣᠯᠠᠯ ᠤᠨ ᠡᠳ᠋ ᠢ ᠰᠤᠳᠤᠯᠵᠤ ᠦᠢᠯᠡᠳᠦᠨ᠂ ᠢᠩᠭᠡᠨ ᠰᠦ ᠶᠢᠨ ᠦᠢᠯᠡᠳᠬᠦᠨ ᠢ ᠠᠵᠤ ᠦᠢᠯᠡᠰᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠦᠭᠡᠳ᠂ ᠵᠥᠪᠭᠡᠨ 2023 ᠣᠨ ᠤ ᠨᠢᠭᠡ ᠵᠢᠯ ᠤᠨ ᠦᠢᠯᠡᠳᠬᠦᠨ ᠤ ᠥᠷᠲᠡᠭ 8300 ᠲᠦᠮᠡᠨ ᠲᠥᠭᠦᠷᠢᠭ ᠲᠤ ᠭᠦᠷᠦᠭᠰᠡᠨ ᠪᠠᠶᠢᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号