ᠶᠡᠷᠦᠩᠬᠡᠢ ᠬᠡᠮᠵᠢᠶ᠎ᠡ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠴᠤ ᠪᠦᠲᠦᠴᠡ ᠰᠢᠯᠢᠳᠡᠭᠵᠢᠵᠦ ᠲᠡᠰ ᠲᠡᠪᠰᠢᠪᠡ
ᠨᠡᠶᠢᠲᠡᠯᠡᠭᠰᠡᠨ ᠴᠠᠭ᠄
2024/12/30
                       - ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢᠨ ᠠᠵᠤ ᠠᠬᠤᠢ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢᠨ ᠲᠤᠬᠠᠢ ᠬᠦᠦᠷᠨᠢᠯ              ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠴᠧᠨ ᠸᠧᠢ ᠸᠧᠢ ᠱᠧᠨ ᠴᠧᠩ ᠽᠧᠦ ᠳ᠋ᠥᠸᠧ ᠸᠧᠢ              2024 ᠣᠨ ᠳᠤ᠂ ᠰᠢᠨ᠎ᠡ ᠳᠤᠮᠳᠠᠳᠤ ᠤᠯᠤᠰ 75 ᠵᠢᠯ ᠤᠨ ᠤᠢ ᠪᠠᠨ ᠤᠭᠲᠤᠨ ᠠᠪᠤᠯ᠎ᠠ᠃              ᠰᠠᠯᠬᠢ ᠪᠣᠷᠣᠭᠠᠨ ᠢ ᠲᠤᠭᠤᠯᠤᠨ ᠤᠷᠤᠭᠰᠢᠯᠠᠵᠤ᠂ ᠰᠢᠷᠭᠠᠭᠤ ᠴᠢᠷᠮᠠᠶᠢᠯᠭ᠎ᠠ ᠪᠠᠷ ᠰᠢᠯᠢᠳᠡᠭ ᠦᠷ᠎ᠡ ᠪᠦᠲᠦᠮᠵᠢ ᠶᠢ ᠲᠡᠮᠡᠴᠡᠨ ᠣᠯᠪᠠ᠃ 75 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠢᠳᠡᠵᠦ ᠡᠮᠦᠰᠬᠦ ᠳᠡᠭᠡᠨ ᠵᠥᠪ ᠦᠭᠡᠢ ᠪᠠᠶᠢᠭᠰᠠᠨ ᠠᠴᠠ  ᠪᠠᠨ ᠪᠦᠭᠦ ᠲᠠᠯ᠎ᠠ ᠪᠠᠷ ᠪᠠᠶᠠᠵᠢᠬᠤ ᠲᠡᠶᠢᠰᠢ ᠤᠷᠤᠭᠰᠢᠯᠠᠨ᠂ ᠶᠠᠳᠠᠭᠤ ᠪᠠᠭᠤᠷᠠᠢ ᠪᠠᠶᠢᠭᠰᠠᠨ ᠠᠴᠠ ᠪᠠᠨ ᠴᠡᠴᠡᠭᠯᠡᠨ ᠬᠥᠭᠵᠢᠵᠦ ᠪᠠᠶᠠᠵᠢᠨ ᠬᠦᠴᠦᠷᠬᠡᠭᠵᠢᠬᠦ ᠲᠡᠶᠢᠰᠢ ᠤᠷᠤᠭᠰᠢᠯᠠᠵᠤ᠂ ᠬᠥᠮᠥᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠠᠭᠤᠤ ᠶᠡᠭᠡ ᠭᠠᠶᠢᠬᠠᠮᠰᠢᠭ ᠢ ᠡᠭᠦᠳᠪᠡ᠃              ᠡᠷᠡᠯᠬᠡᠭᠯᠡᠨ ᠲᠡᠮᠡᠴᠡᠵᠦ᠂ ᠳᠠᠷᠪᠠᠭᠤᠯ ᠬᠡᠶᠢᠰᠬᠡᠨ ᠡᠷᠡᠮᠡᠬᠡᠶᠢᠯᠡᠨ ᠤᠷᠤᠭᠰᠢᠯᠠᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠪᠦᠭᠦ ᠲᠠᠯ᠎ᠠ ᠶᠢ ᠬᠠᠮᠤᠷᠤᠨ᠂ ᠶᠡᠭᠡ ᠬᠠᠨᠳᠤᠰᠢ ᠶᠢ ᠡᠵᠡᠮᠳᠡᠵᠦ᠂ ᠳᠤᠮᠳᠠᠳᠤ ᠤᠯᠤᠰ ᠤᠨ ᠠᠵᠤ ᠠᠬᠤᠢ ᠶᠢᠨ ᠲᠣᠮᠣ ᠬᠥᠯᠭᠡ ᠣᠩᠭᠤᠴᠠ ᠶᠢᠨ ᠰᠠᠯᠬᠢ ᠳᠠᠪᠠᠯᠭᠠᠨ ᠢ ᠵᠦᠰᠦᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠪᠠ᠃              ᠠᠵᠤ ᠠᠬᠤᠢ ᠶᠢᠨ ᠬᠡᠪᠴᠢᠶ᠎ᠡ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠴᠤ ᠶᠡᠷᠦᠩᠬᠡᠶᠢᠯᠡᠭᠰᠡᠨ ᠤᠯᠤᠰ ᠤᠨ ᠬᠦᠴᠦᠨ ᠲᠡᠦᠬᠡᠲᠦ ᠴᠢᠨᠠᠷᠲᠠᠢ ᠦᠰᠦᠷᠦᠯᠲᠡ ᠶᠢ ᠪᠡᠶᠡᠯᠡᠭᠦᠯᠪᠡ              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ ᠠᠵᠤ ᠠᠬᠤᠢ ᠰᠦᠷ ᠳᠠᠯᠠᠶᠢᠴᠠᠲᠠᠢ ᠬᠥᠭᠵᠢᠵᠦ᠂ ᠳᠡᠯᠡᠬᠡᠢ ᠶᠢᠷᠲᠢᠨᠴᠦ ᠶᠢ ᠳᠣᠩᠰᠣᠯᠭᠠᠭᠰᠠᠨ ᠲᠡᠦᠬᠡ ᠶᠢ ᠡᠭᠦᠳᠪᠡ᠃ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ᠂ ᠠᠮᠢᠵᠢᠷᠠᠯ ᠤᠨ ᠬᠦᠴᠦᠨ᠂ ᠳᠠᠯᠳᠠ ᠬᠦᠴᠦᠨ ᠢ ᠬᠦᠴᠦᠯᠡᠨ ᠬᠥᠭᠵᠢᠭᠡᠵᠦ᠂ ᠤᠷᠤᠭᠰᠢᠯᠠᠯᠲᠠ ᠶᠢᠨ ᠵᠠᠮ ᠳᠡᠭᠡᠷᠡᠬᠢ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠪᠦᠲᠦᠮᠵᠢᠲᠡᠶ ᠠᠷᠭᠠᠴᠠᠭᠠᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠪᠠ᠃              75 ᠵᠢᠯ ᠤᠨ ᠲᠤᠷᠰᠢ᠂ ᠮᠠᠨ ᠤ ᠤᠯᠤᠰ ᠤᠨ ᠠᠵᠤ ᠠᠬᠤᠢ ᠶᠢᠨ ᠬᠡᠪᠴᠢᠶ᠎ᠡ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠪᠠ᠃              1952 ᠣᠨ ᠳᠤ᠂ ᠮᠠᠨ ᠤ ᠤᠯᠤᠰ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠥᠪᠭᠡᠨ 679 ᠳ᠋ᠦᠩᠰᠢᠭᠤᠷ ᠲᠥᠭᠦᠷᠢᠭ ᠪᠠᠶᠢᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ  ᠠᠴᠠ ᠨᠠᠭᠠᠰᠢ᠂ ᠠᠵᠤ ᠠᠬᠤᠢ ᠲᠦᠷᠭᠡᠨ ᠬᠥᠭᠵᠢᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ 1986 ᠣᠨ ᠳᠤ 1 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ 2000 ᠣᠨ ᠳᠤ 10 ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ 2010 ᠣᠨ ᠳᠤ ᠶᠠᠫᠤᠨ ᠢ ᠳᠠᠪᠠᠭᠠᠳ ᠳᠡᠯᠡᠬᠡᠢ ᠶᠢᠨ ᠬᠤᠶᠠᠳᠤᠭᠠᠷ ᠲᠣᠮᠣ ᠠᠵᠤ ᠠᠬᠤᠢ ᠶᠢᠨ ᠴᠣᠭᠴᠠ ᠪᠣᠯᠤᠭᠰᠠᠨ ᠪᠠᠶᠢᠨ᠎ᠠ᠃              ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠢ  ᠶᠢᠨ ᠪᠣᠳᠠᠲᠤ ᠬᠦᠴᠦᠨ ᠦᠷᠭᠦᠯᠵᠢᠯᠡᠨ ᠴᠢᠩᠭᠠᠷᠠᠪᠠ᠃ 2020 ᠣᠨ ᠳᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ 100 ᠲᠦᠮᠡᠨ ᠳ᠋ᠦᠩᠰᠢᠭᠤᠷ ᠲᠥᠭᠦᠷᠢᠭ ᠤᠨ ᠶᠡᠭᠡ ᠪᠣᠭᠤᠮᠲᠠ ᠶᠢ ᠳᠠᠪᠠᠵᠤ᠂ 2023 ᠣᠨ ᠳᠤ 126 ᠲᠦᠮᠡᠨ ᠳ᠋ᠦᠩᠰᠢᠭᠤᠷ ᠲᠥᠭᠦᠷᠢᠭ ᠢ ᠳᠠᠪᠠᠪᠠ᠃ ᠥᠯᠥ ᠬᠤᠪᠢᠰᠬᠤ ᠦᠨ᠎ᠡ ᠪᠠᠷ ᠪᠤᠳᠤᠪᠠᠯ᠂ 2023 ᠣᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ 1952 ᠣᠨ ᠤ ᠬᠢ ᠠᠴᠠ 223 ᠳᠠᠭᠢᠨ ᠨᠡᠮᠡᠭᠳᠡᠵᠦ᠂ ᠵᠢᠯ ᠳᠤᠮᠳᠠᠴᠢ ᠪᠠᠷ 7.9% ᠪᠠᠷ ᠨᠡᠮᠡᠭᠳᠡᠪᠡ᠃              75 ᠵᠢᠯ ᠤᠨ ᠲᠤᠷᠰᠢ᠂ ᠮᠠᠨ ᠤ ᠤᠯᠤᠰ ᠤᠨ ᠠᠵᠤ ᠠᠬᠤᠢ ᠶᠢᠨ ᠨᠥᠯᠥᠭᠡᠯᠡᠬᠦ ᠬᠦᠴᠦᠨ ᠦᠷᠭᠦᠯᠵᠢᠯᠡᠨ ᠳᠡᠭᠡᠭᠰᠢᠯᠡᠪᠡ᠃              2023 ᠣᠨ ᠳᠤ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢᠨ ᠳᠡᠯᠡᠬᠡᠢ ᠳᠡᠭᠡᠷ᠎ᠡ ᠡᠵᠡᠯᠡᠬᠦ ᠬᠠᠷᠢᠴᠠᠯ ᠨᠢ 17% ᠣᠷᠴᠢᠮ ᠪᠣᠯᠵᠤ ᠳᠡᠭᠡᠭᠰᠢᠯᠡᠪᠡ᠃ 2013 ᠣᠨ ᠠᠴᠠ 2023 ᠣᠨ ᠪᠤᠯᠲᠠᠯ᠎ᠠ᠂ ᠳᠤᠮᠳᠠᠳᠤ ᠤᠯᠤᠰ ᠤᠨ ᠠᠵᠤ ᠠᠬᠤᠢ ᠶᠢᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠳᠤᠮᠳᠠᠴᠢ ᠨᠤᠷᠮ᠎ᠠ 30% ᠶᠢ ᠳᠠᠪᠠᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠠᠮᠤᠭ ᠶᠡᠭᠡ ᠬᠥᠳᠡᠯᠭᠡᠬᠦ ᠬᠦᠴᠦᠨ ᠤ ᠡᠬᠢ ᠰᠤᠷᠪᠤᠯᠵᠢ ᠪᠣᠯᠪᠠ᠃              ᠶᠡᠷᠦᠩᠬᠡᠢ ᠱᠦᠵᠢ ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ 100 ᠭᠠᠷᠤᠢ ᠵᠢᠯ ᠤᠨ ᠲᠤᠷᠰᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢ ᠬᠥᠭᠡᠭᠡᠴᠡᠯᠳᠦᠭᠰᠡᠨ ᠲᠡᠦᠬᠡ ᠨᠢ ᠮᠥᠨ ᠴᠦ ᠣᠳᠣᠬᠢᠴᠢᠯᠠᠯᠲᠠ ᠶᠢᠨ ᠵᠠᠮ ᠢ ᠲᠠᠰᠤᠷᠠᠯᠲᠠ ᠦᠭᠡᠢ ᠰᠦᠪᠡᠭᠴᠢᠯᠡᠭᠰᠡᠨ ᠲᠡᠦᠬᠡ ᠮᠥᠨ᠃ ᠬᠡᠳᠦᠨ ᠦᠶ᠎ᠡ ᠶᠢᠨ ᠬᠥᠮᠥᠰ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢ ᠨᠡᠭᠡᠭᠡᠪᠡ ᠭᠡᠵᠦ ᠵᠢᠭᠠᠵᠤ ᠭᠠᠷᠭᠠᠪᠠ᠃              ᠡᠸᠦ᠋ᠷᠦᠫᠡ ᠲᠢᠪ ᠤᠨ ︽ᠤᠳᠤ ᠦᠶ᠎ᠡ ᠶᠢᠨ ᠭᠠᠳᠠᠭᠠᠳᠤ ᠬᠠᠷᠢᠯᠴᠠᠭ᠎ᠠ︾ ᠰᠦᠯᠵᠢᠶ᠎ᠡ ᠶᠢᠨ ᠵᠣᠬᠢᠶᠠᠯ  ᠳᠤ᠂ 75 ᠵᠢᠯ ᠤᠨ ᠲᠤᠷᠰᠢ᠂ ᠳᠤᠮᠳᠠᠳᠤ ᠤᠯᠤᠰ ᠨᠢᠭᠡᠨ ᠶᠠᠳᠠᠭᠤ ᠬᠦᠴᠢᠷᠳᠡᠯᠲᠡᠢ ᠤᠯᠤᠰ ᠪᠠᠶᠢᠭᠰᠠᠨ ᠠᠴᠠ ᠪᠠᠨ ᠳᠡᠯᠡᠬᠡᠢ ᠶᠢᠨ ᠬᠤᠶᠠᠳᠤᠭᠠᠷ ᠲᠣᠮᠣ ᠠᠵᠤ ᠠᠬᠤᠢ ᠶᠢᠨ ᠴᠣᠭᠴᠠ ᠪᠣᠯᠣᠨ ᠬᠤᠪᠢᠷᠠᠵᠤ᠂ ᠳᠡᠯᠡᠬᠡᠢ ᠳᠡᠭᠡᠷᠡᠬᠢ ᠬᠠᠮᠤᠭ ᠤᠨ ᠲᠣᠮᠣ ᠦᠢᠯᠡᠳᠬᠦ ᠦᠢᠯᠡᠰ ᠤᠨ ᠰᠢᠰᠲ᠋ᠧᠮ ᠲᠠᠢ ᠪᠣᠯᠵᠠᠢ ᠭᠡᠵᠦ ᠦᠨᠡᠯᠡᠨ ᠬᠡᠯᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠤᠯᠤᠰ ᠤᠨ ᠠᠷᠠᠳ ᠲᠦᠮᠡᠨ ᠤ ᠴᠢᠷᠮᠠᠶᠢᠯᠭ᠎ᠠ ᠦᠷ᠎ᠡ ᠪᠦᠲᠦᠭᠡᠯ ᠣᠯᠵᠤ᠂ ᠳᠤᠮᠳᠠᠳᠤ ᠤᠯᠤᠰ ᠲᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠱᠠᠲᠤᠨ ᠳᠤ ᠠᠮᠵᠢᠯᠲᠠ ᠲᠠᠢ ᠪᠠᠷ ᠠᠯᠬᠤᠨ ᠣᠷᠣᠪᠠ᠃              ᠠᠵᠤ ᠠᠬᠤᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ ᠴᠢᠨᠠᠷ ᠰᠠᠶᠢᠲᠠᠢ ᠬᠥᠭᠵᠢᠯᠲᠡ  ᠶᠢ ᠯᠠᠪᠳᠠᠭᠤᠨ ᠪᠠᠲᠤᠲᠠᠢ ᠠᠬᠢᠭᠤᠯᠪᠠ              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠮᠠᠨ ᠤ ᠤᠯᠤᠰ ᠤᠨ ᠠᠵᠤ ᠠᠬᠤᠢ ᠶᠢᠨ ᠪᠦᠲᠦᠴᠡ ᠳᠠᠩ ᠴᠤᠯᠭᠤᠢ ᠪᠠᠶᠢᠭᠰᠠᠨ ᠠᠴᠠ ᠠᠯᠢᠪᠠ ᠠᠵᠢᠯ ᠦᠢᠯᠡᠰ ᠬᠥᠭᠵᠢᠨ ᠮᠠᠨᠳᠤᠵᠤ᠂ ᠠᠵᠤ ᠠᠬᠤᠢ ᠶᠢᠨ ᠬᠥᠭᠵᠢᠯᠲᠡ ᠶᠢᠨ ᠪᠦᠭᠦ ᠲᠠᠯᠠᠲᠤ ᠴᠢᠨᠠᠷ᠂ ᠵᠣᠬᠢᠴᠠᠩᠭᠤᠢ ᠴᠢᠨᠠᠷ ᠪᠠ ᠦᠷᠭᠦᠯᠵᠢᠯᠡᠬᠦ ᠴᠢᠨᠠᠷ ᠲᠠᠰᠤᠷᠠᠯᠲᠠ ᠦᠭᠡᠢ ᠴᠢᠩᠭᠠᠷᠠᠪᠠ᠃              ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ  ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠴᠢᠨᠠᠷ ᠰᠠᠶᠢᠲᠠᠢ ᠬᠥᠭᠵᠢᠯᠲᠡ ᠶᠢᠨ ᠬᠠᠷᠠᠯᠲᠠ ᠶᠢ ᠪᠠᠲᠤ ᠡᠵᠡᠮᠳᠡᠨ᠂ ᠠᠵᠤ ᠠᠬᠤᠢ ᠶᠢᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠣᠬᠢᠷᠠᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠠᠷᠭ᠎ᠠ ᠭᠡᠯᠪᠡᠷᠢ ᠶᠢ ᠬᠤᠪᠢᠷᠠᠭᠤᠯᠬᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠲᠠᠯ᠎ᠠ ᠪᠠᠷ ᠮᠥᠨ ᠴᠢᠨᠠᠷ ᠤᠨ ᠠᠬᠢᠴᠠ ᠲᠠᠢ ᠪᠣᠯᠪᠠ᠃              ᠡᠨᠡ ᠪᠣᠯ ᠠᠵᠤ ᠠᠬᠤᠢ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠦᠭᠰᠡᠨ 75 ᠵᠢᠯ ᠪᠣᠯᠣᠨ᠎ᠠ -              ᠠᠵᠤ ᠦᠢᠯᠡᠰ ᠤᠨ ᠪᠦᠲᠦᠴᠡ ᠳᠤ ᠭᠦᠨᠵᠡᠭᠡᠢ ᠬᠤᠪᠢᠷᠠᠯᠲᠠ ᠭᠠᠷᠴᠤ᠂ ᠲᠠᠷᠢᠶᠠᠯᠠᠩ ᠢᠶᠠᠷ ᠭᠤᠣᠯ ᠪᠤᠯᠭᠠᠵᠤ ᠪᠠᠶᠢᠭᠰᠠᠨ ᠠᠴᠠ ᠭᠤᠷᠪᠠᠨ ᠠᠵᠤ ᠦᠢᠯᠡᠰ ᠬᠠᠮᠵᠢᠯᠴᠠᠨ ᠬᠥᠭᠵᠢᠬᠦ ᠲᠡᠶᠢᠰᠢ ᠬᠤᠪᠢᠷᠠᠬᠤ ᠶᠢ ᠪᠡᠶᠡᠯᠡᠭᠦᠯᠪᠡ︔ ᠬᠡᠷᠡᠭᠴᠡᠭᠡ ᠶᠢᠨ ᠪᠦᠲᠦᠴᠡ ᠦᠷᠭᠦᠯᠵᠢᠯᠡᠨ ᠰᠠᠶᠢᠵᠢᠷᠠᠵᠤ᠂ ᠬᠡᠷᠡᠭᠴᠡᠭᠡ ᠮᠠᠭᠤᠳᠠᠵᠤ ᠪᠠᠶᠢᠭᠰᠠᠨ ᠠᠴᠠ ︽ᠪᠡᠯᠡ ᠤᠷᠤᠭᠤᠯᠤᠯᠲᠠ ᠬᠡᠷᠡᠭᠯᠡᠭᠡ ᠭᠠᠳᠠᠭᠠᠳᠤ ᠭᠠᠷᠭᠠᠯᠲᠠ︾ ᠶᠢ ᠬᠠᠮᠲᠤ ᠪᠠᠷ ᠬᠦᠴᠦᠯᠡᠬᠦ ᠲᠡᠶᠢᠰᠢ ᠬᠤᠪᠢᠷᠠᠬᠤ ᠶᠢ ᠪᠡᠶᠡᠯᠡᠭᠦᠯᠪᠡ︔ ᠬᠤᠳᠠ ᠬᠥᠳᠡᠭᠡ ᠶᠢ ᠰᠠᠯᠭᠠᠬᠤ ᠠᠴᠠ ᠨᠢᠭᠡᠳᠦᠯᠲᠡᠢ ᠲᠥᠯᠥᠪᠯᠡᠨ ᠠᠬᠢᠭᠤᠯᠬᠤ ᠭᠦᠷᠲᠡᠯ᠎ᠡ᠂ ᠣᠷᠣᠨ ᠪᠦᠰᠡ ᠶᠢᠨ ᠪᠦᠲᠦᠴᠡ ᠶᠢ ᠰᠢᠯᠢᠳᠡᠭᠵᠢᠭᠦᠯᠵᠦ ᠲᠠᠭᠢᠨ ᠴᠣᠭᠴᠠᠯᠠᠪᠠ᠃              ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ ᠶᠢ ᠲᠦᠷᠭᠡᠨ ᠪᠥᠭᠡᠳ ᠯᠠᠪᠳᠠᠭᠤᠨ ᠢᠶᠠᠷ ᠠᠬᠢᠭᠤᠯᠪᠠ᠃ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠬᠤ ᠲᠦᠢᠷᠭᠡᠳᠴᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠥᠷᠨᠢᠩᠭᠦᠢ ᠬᠥᠭᠵᠢᠵᠦ᠂ ᠦᠢᠯᠡᠴᠢᠯᠡᠭᠡᠨ ᠤ ᠦᠢᠯᠡᠰ ᠤᠨ ᠬᠡᠪᠴᠢᠶ᠎ᠡ ᠦᠷᠭᠦᠯᠵᠢᠯᠡᠨ ᠪᠤᠵᠠᠭᠠᠶᠢᠷᠠᠪᠠ᠃              2023 ᠣᠨ ᠤ ᠡᠴᠦᠰ ᠤᠨ ᠬᠡᠷᠡᠭᠯᠡᠭᠡᠨ ᠤ ᠵᠠᠷᠤᠯᠭ᠎ᠠ ᠠᠴᠠ ᠠᠵᠤ ᠠᠬᠤᠢ ᠶᠢᠨ ᠨᠡᠮᠡᠭᠳᠡᠯ ᠳᠤ ᠬᠤᠪᠢ ᠨᠡᠮᠡᠷᠢ ᠦᠵᠡᠭᠦᠯᠦᠭᠰᠡᠨ ᠨᠣᠷᠮ᠎ᠠ 82.5% ᠳᠤ ᠬᠦᠷᠴᠦ᠂ ᠬᠡᠷᠡᠭᠯᠡᠭᠡ ᠶᠢᠨ ︽ᠭᠤᠣᠯ ᠬᠥᠳᠡᠯᠭᠡᠭᠦᠷ︾ ᠤᠨ ᠦᠢᠯᠡᠳᠦᠯ ᠤᠯᠠᠮ ᠨᠢᠭᠡ ᠠᠯᠬᠤᠮ ᠴᠢᠩᠭᠠᠷᠠᠪᠠ᠃                ᠡᠨᠡ ᠪᠣᠯ ᠬᠥᠭᠵᠢᠯᠲᠡ ᠶᠢᠨ ᠣᠷᠣᠨ ᠵᠠᠢ ᠳᠠᠰᠤᠷᠠᠯᠳᠠ ᠦᠭᠡᠢ ᠥᠷᠭᠡᠵᠢᠭᠰᠡᠨ 75 ᠵᠢᠯ ᠪᠣᠯᠣᠨ᠎ᠠ -              ᠶᠡᠭᠡ ᠬᠡᠪᠴᠢᠶ᠎ᠡ ᠪᠠᠷ ︽ᠣᠷᠣᠭᠤᠯᠵᠤ ᠪᠠᠶᠢᠭᠰᠠᠨ︾ ᠠᠴᠠ ᠶᠡᠭᠡ ᠠᠯᠬᠤᠮ ᠢᠶᠠᠷ ︽ᠭᠠᠳᠠᠭᠰᠢ ᠭᠠᠷᠤᠭᠰᠠᠨ︾ ᠭᠦᠷᠲᠡᠯ᠎ᠡ᠂ ᠲᠠᠭᠢᠭᠠᠳ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠤᠭᠰᠠᠨ ᠭᠦᠷᠲᠡᠯ᠎ᠡ᠂ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠣᠷᠣᠨ ᠵᠠᠢ ᠲᠠᠰᠤᠷᠠᠯᠳᠠ ᠦᠭᠡᠢ ᠥᠷᠭᠡᠵᠢᠪᠡ᠃              ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠯᠤᠰ ᠤᠨ ᠪᠠᠷᠠᠭᠠᠨ ᠤ ᠠᠷᠠᠯᠵᠢᠶᠠᠨ ᠤ ᠬᠡᠪᠴᠢᠶ᠎ᠡ ᠲᠠᠰᠤᠷᠠᠯᠳᠠ ᠦᠭᠡᠢ ᠰᠢᠨ᠎ᠡ ᠲᠡᠮᠳᠡᠭᠯᠡᠯ ᠢ ᠡᠭᠦᠳᠪᠡ᠃ 2023 ᠣᠨ ᠳᠤ᠂ ᠭᠠᠳᠠᠭᠠᠳᠤ  ᠶᠢᠨ ᠬᠤᠳᠠᠯᠳᠤᠭᠠᠴᠢᠨ ᠤ ᠰᠢᠭᠤᠳ ᠪᠡᠯᠡ ᠣᠷᠣᠭᠤᠯᠤᠯᠲᠠ ᠶᠢ 1633 ᠳ᠋ᠦᠩᠰᠢᠭᠤᠷ ᠳ᠋ᠣᠯᠯᠠᠷ ᠠᠰᠢᠭᠯᠠᠵᠤ᠂ 1983 ᠣᠨ ᠤ ᠬᠢ ᠠᠴᠠ 176 ᠲᠠᠭᠢᠨ ᠨᠡᠮᠡᠭᠳᠡᠨ᠂ ᠬᠡᠪᠴᠢᠶ᠎ᠡ ᠨᠢ ᠤᠯᠠᠨ ᠵᠢᠯ ᠳᠠᠷᠠᠭᠠᠯᠠᠨ ᠳᠡᠯᠡᠬᠡᠢ ᠳᠤ ᠲᠦᠷᠦᠭᠦᠯᠡᠪᠡ᠃ ︽ᠨᠢᠭᠡ ᠪᠦᠰᠡ ᠨᠢᠭᠡ ᠵᠠᠮ︾ ᠤᠨ ᠨᠠᠶᠢᠵᠠ ᠶᠢᠨ ᠲᠣᠭᠤᠷᠢᠭ ᠢ ᠪᠠᠬᠢᠵᠢᠭᠦᠯᠦᠨ ᠥᠷᠭᠡᠳᠬᠡᠵᠦ᠂ 22 ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠪᠦᠯᠦᠭ ᠤᠳᠠᠭ᠎ᠠ ᠬᠤᠪᠢᠶᠠᠨ ᠪᠠᠶᠢᠭᠤᠯᠵᠤ᠂ ᠪᠦᠭᠦ ᠲᠠᠯ᠎ᠠ ᠪᠠᠷ ᠨᠡᠭᠡᠭᠡᠯᠲᠡ ᠬᠢᠬᠦ ᠰᠢᠨ᠎ᠡ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠪᠡ᠃              ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠰᠤᠷᠠᠯᠲᠠ ᠦᠭᠡᠢ ᠨᠡᠮᠡᠭᠳᠡᠵᠦ ᠠᠷᠠᠳ ᠤᠨ ᠠᠮᠢᠳᠤᠷᠠᠯ ᠤᠨ ᠬᠢᠷᠢ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠮᠠᠨ ᠤ ᠤᠯᠤᠰ ᠢᠮᠠᠭᠲᠠ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠶᠢ ᠠᠵᠤ ᠠᠬᠤᠢ ᠶᠢᠨ ᠬᠥᠭᠵᠢᠯᠲᠡ ᠶᠢᠨ ᠵᠣᠷᠢᠯᠲᠠ ᠪᠠ ᠲᠤᠰᠤᠯᠲᠠ ᠪᠣᠯᠭᠠᠭᠰᠠᠭᠠᠷ ᠢᠷᠡᠵᠠᠢ᠃              ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ  ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠳᠤᠲᠠᠭᠤᠳᠠᠯ ᠢ ᠲᠠᠰᠤᠷᠠᠯᠳᠡ ᠦᠭᠡᠢ ᠨᠥᠬᠦᠪᠦᠷᠢᠯᠡᠨ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠨᠡᠩ ᠭᠦᠢᠴᠡᠳ᠂ ᠵᠢᠷᠭᠠᠯᠲᠤ ᠲᠥᠷᠥᠭᠳᠡᠯ ᠨᠡᠩ ᠦᠷᠭᠦᠯᠵᠢᠯᠡᠬᠦ᠂ ᠠᠮᠤᠷ ᠲᠦᠪᠰᠢᠨ ᠤ ᠲᠥᠷᠥᠭᠳᠡᠯ ᠨᠡᠩ ᠪᠠᠲᠤᠯᠠᠭ᠎ᠠ ᠲᠠᠢ ᠪᠣᠯᠵᠠᠢ᠃              ᠲᠤᠶᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠪᠡ -              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠤᠯᠤᠰ ᠶᠠᠳᠠᠭᠤ ᠪᠠᠭᠤᠷᠠᠢ᠂ ᠠᠷᠠᠳ ᠲᠦᠮᠡᠨ ᠨᠡᠶᠢᠳᠡᠮ ᠳᠡᠭᠡᠨ ᠶᠠᠳᠠᠭᠤ ᠪᠠᠶᠢᠵᠠᠢ᠃ ᠣᠯᠠᠨ ᠵᠢᠯ ᠤᠨ ᠴᠥᠬᠦᠷᠡᠰᠢ ᠦᠭᠡᠢ ᠲᠡᠮᠡᠴᠡᠯ ᠢᠶᠠᠷ ᠳᠠᠮᠵᠢᠨ ᠂ ᠶᠠᠳᠠᠭᠤ ᠬᠦᠴᠢᠷᠳᠡᠯᠲᠡᠢ ᠬᠥᠮᠥᠨ ᠠᠮᠠ ᠢᠯᠡᠳᠲᠡ ᠴᠥᠭᠡᠷᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ  ᠠᠴᠠ ᠨᠠᠭᠠᠰᠢ᠂ ᠮᠠᠨ ᠤ ᠤᠯᠤᠰ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠲᠠᠯ᠎ᠠ ᠪᠠᠷ ᠡᠬᠢᠯᠡᠭᠦᠯᠪᠡ᠃ 2020 ᠣᠨ ᠤ ᠡᠴᠦᠰ ᠪᠤᠯᠬᠤ ᠳᠤ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ  ᠪᠠᠷ ᠬᠥᠳᠡᠭᠡ ᠲᠣᠰᠬᠤᠨ ᠤ 9899 ᠲᠦᠮᠡᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠭᠦᠨ ᠢ ᠶᠠᠳᠠᠭᠤ ᠠᠴᠠ ᠠᠩᠭᠢᠵᠢᠷᠠᠭᠤᠯᠵᠤ᠂ 832 ᠶᠠᠳᠠᠭᠤ ᠬᠦᠴᠢᠷᠳᠡᠯᠲᠡᠢ ᠰᠢᠶᠠᠨ ᠢ ᠪᠦᠭᠦᠨ ᠢ ᠶᠠᠳᠠᠭᠤ ᠠᠴᠠ ᠠᠩᠭᠢᠵᠢᠷᠠᠭᠤᠯᠤᠨ᠂ ᠣᠷᠣᠨ ᠪᠦᠰᠡ ᠶᠢᠨ ᠴᠢᠨᠠᠷᠲᠠᠢ ᠪᠦᠬᠦᠯᠢ ᠴᠣᠭᠴᠠ ᠶᠢᠨ ᠶᠠᠳᠠᠭᠤ ᠬᠦᠴᠢᠷᠳᠡᠯ ᠢ ᠰᠢᠢᠳᠪᠦᠷᠢᠯᠡᠵᠦ᠂ ᠬᠠᠷᠢᠴᠠᠯᠠᠰᠢᠭᠦᠢ ᠶᠠᠳᠠᠭᠤ ᠬᠦᠴᠢᠷᠳᠡᠯ ᠢ ᠠᠷᠢᠯᠭᠠᠬᠤ ᠬᠠᠲᠠᠭᠤ ᠪᠡᠷᠬᠡ ᠡᠭᠦᠷᠭᠡ ᠶᠢ ᠪᠡᠶᠡᠯᠡᠭᠦᠯᠪᠡ᠃              ᠠᠷᠠᠳ ᠤᠨ ᠠᠮᠢᠳᠤᠷᠠᠯ ᠳᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠪᠠ -              49.7 ᠲᠥᠭᠦᠷᠢᠭ᠂ ᠡᠨᠡ ᠪᠣᠯ 1949 ᠣᠨ ᠤ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠪᠣᠯᠣᠨ᠎ᠠ︔ 1978 ᠣᠨ ᠤ ᠥᠭᠡᠷᠡᠴᠢᠯᠡᠯᠲᠡ ᠨᠡᠭᠡᠭᠡᠯᠲᠡ  ᠶᠢᠨ ᠡᠬᠢᠨ ᠤ ᠦᠶ᠎ᠡ ᠪᠤᠯᠬᠤ ᠳᠤ ᠵᠥᠪᠭᠡᠨ 171 ᠲᠥᠭᠦᠷᠢᠭ ᠪᠠᠶᠢᠪᠠ᠃ 2023 ᠣᠨ ᠳᠤ᠂ ᠪᠦᠭᠦ ᠤᠯᠤᠰ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 3.92 ᠲᠦᠮᠡᠨ ᠲᠥᠭᠦᠷᠢᠭ ᠲᠤ ᠬᠦᠷᠴᠦ᠂ ᠪᠠᠷᠠᠭᠠᠨ ᠤ ᠦᠨ᠎ᠡ ᠶᠢᠨ ᠡᠯᠧᠮᠧᠨ᠋ᠲ ᠢ ᠬᠠᠰᠤᠭᠠᠳ 1949 ᠣᠨ ᠤ ᠬᠢ ᠠᠴᠠ ᠪᠣᠳᠠᠲᠠᠢ 76 ᠲᠠᠭᠢᠨ ᠨᠡᠮᠡᠭᠳᠡᠵᠦ᠂ ᠵᠢᠯ ᠳᠤᠮᠳᠠᠴᠢ ᠪᠠᠷ 6% ᠪᠠᠷ ᠨᠡᠮᠡᠭᠳᠡᠪᠡ᠃              ᠨᠡᠶᠢᠭᠡᠮ ᠤᠨ ᠪᠠᠲᠤᠯᠠᠭ᠎ᠠ ᠶᠢᠨ ᠲᠣᠣᠷᠵᠢᠯ ᠤᠯᠠᠮ ᠠᠴᠠ ᠤᠯᠠᠮ ᠨᠢᠭᠲᠠ ᠪᠣᠯᠪᠠ -              ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠮᠠᠨ ᠤ ᠤᠯᠤᠰ ᠤᠨ ᠨᠡᠶᠢᠭᠡᠮ  ᠤᠨ ᠪᠠᠲᠤᠯᠠᠭ᠎ᠠ ᠬᠠᠷᠠᠬᠠᠨ ᠬᠤᠭᠤᠰᠤᠨ ᠪᠠᠶᠢᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠠᠯᠬᠤᠮ ᠠᠯᠬᠤᠮ ᠢᠶᠠᠷ ᠪᠠᠶᠢᠭᠤᠯᠤᠭᠳᠠᠵᠤ᠂ ᠬᠠᠮᠤᠷᠬᠤ ᠬᠡᠪᠴᠢᠶ᠎ᠡ ᠨᠢ ᠦᠷᠭᠦᠯᠵᠢᠯᠡᠨ ᠥᠷᠭᠡᠵᠢᠪᠡ᠃              ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠲᠦᠷᠭᠡᠨ ᠤ ᠵᠠᠮ ᠳᠤ ᠣᠷᠣᠵᠤ᠂ ᠮᠠᠨ ᠤ ᠤᠯᠤᠰ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠶᠡᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠪᠠ᠃ 2023 ᠣᠨ ᠤ ᠡᠴᠦᠰ ᠲᠤ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮ ᠡᠮᠨᠡᠯᠭᠡ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ ᠲᠣᠰ ᠲᠣᠰ 10.7 ᠳ᠋ᠦᠩᠰᠢᠭᠤᠷ᠂ 13.3 ᠳ᠋ᠦᠩᠰᠢᠭᠤᠷ᠂ 3 ᠳ᠋ᠦᠩᠰᠢᠭᠤᠷ᠂ 2.4 ᠳ᠋ᠦᠩᠰᠢᠭᠤᠷ ᠲᠤ ᠬᠦᠷᠴᠡᠢ᠃              ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠨᠠᠰᠤᠵᠢᠯ ᠤᠨ ᠠᠰᠠᠷᠠᠮᠵᠢ  ᠶᠢᠨ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠵᠦ᠂ ᠬᠡᠦᠬᠡᠳ ᠤᠨ ᠠᠰᠠᠷᠠᠮᠵᠢ ᠪᠠ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃              75 ᠵᠢᠯ ᠤᠨ ᠰᠢᠷᠭᠠᠭᠤ ᠴᠢᠷᠮᠠᠶᠢᠯᠭ᠎ᠠ᠂ 75 ᠵᠢᠯ ᠤᠨ ᠯᠤᠲᠤ ᠶᠡᠭᠡ ᠬᠤᠪᠢᠷᠠᠯᠲᠠ᠃ ᠥᠩᠭᠡᠷᠡᠭᠰᠡᠨ  ᠢᠶᠠᠨ ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠠᠵᠤ ᠠᠬᠤᠢ ᠭᠠᠶᠢᠬᠠᠮᠰᠢᠭ ᠢ ᠡᠭᠦᠳᠴᠦ᠂ ᠦᠰᠦᠷᠦᠯᠲᠡ ᠶᠢ ᠪᠡᠶᠡᠯᠡᠭᠦᠯᠪᠡ︔ ᠢᠷᠡᠭᠡᠳᠦᠢ ᠪᠠᠨ ᠪᠠᠷᠠᠯᠠᠬᠤᠶ᠎ᠠ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠭ᠎ᠠ ᠡᠷᠴᠢᠮᠲᠡᠢ ᠤᠷᠤᠭᠰᠢᠯᠠᠵᠤ᠂ ᠯᠠᠪᠲᠠᠢ ᠨᠡᠩ ᠭᠡᠭᠡᠨ ᠰᠠᠷᠠᠭᠤᠯ ᠬᠥᠭᠵᠢᠯᠲᠡ  ᠶᠢᠨ ᠢᠷᠡᠭᠡᠳᠦᠢ ᠶᠢ ᠨᠡᠭᠡᠭᠡᠬᠦ ᠶᠤᠮ᠃                          
 
ᠢᠷᠡᠯᠲᠡ᠄ ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号