| | ● ᠨᠠᠷᠠᠨ᠎ᠠ᠂ ᠡᠷᠳᠡᠨᠢᠬᠦᠦ | ᠣᠶᠢᠷ᠎ᠠ ᠳᠤ᠂ ᠥᠪᠥᠷ ᠮᠣᠩᠭᠤᠯ᠂ ᠱᠠᠨ ᠰᠢ᠂ ᠬᠤᠨᠠᠨ᠂ ᠨᠢᠩᠰᠢᠶᠠ ᠲᠦᠷᠪᠡᠨ ᠭᠠᠵᠠᠷ ᠠᠴᠠ | ᠢᠷᠡᠭᠰᠡᠨ 30 ᠭᠠᠷᠤᠢ ᠤᠳᠬ᠎ᠠ ᠤᠷᠠᠯᠢᠭᠴᠢᠨ ᠠᠯᠠᠱᠠ ᠶᠢᠨ ᠡᠯᠡᠰᠦ ᠮᠠᠩᠬᠠᠨ ᠤ ᠬᠠᠴᠢᠨ ᠴᠢᠯᠠᠭᠤᠨ ᠤ ᠰᠣᠶᠣᠯ ᠤᠨ | ᠮᠦᠽᠧᠢ᠂ ᠠᠯᠠᠱᠠ ᠶᠢᠨ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠲᠥᠪ ᠤᠨ ᠰᠢᠨ᠎ᠡ ᠶᠢ ᠡᠭᠦᠳᠴᠦ | ᠦᠢᠯᠡᠰ ᠪᠣᠰᠬᠠᠬᠤ ᠬᠦᠷᠢᠶᠡᠯᠡᠩ᠂ ᠠᠯᠠᠱᠠ ᠠᠭᠤᠯᠠ ᠶᠢᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠵᠡᠷᠭᠡ ᠭᠠᠵᠠᠷ ᠢᠶᠠᠷ ᠬᠦᠷᠴᠦ᠂ ᠠᠯᠠᠱᠠ ᠶᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠥᠷᠨᠢᠭᠦᠯᠪᠡ᠃ | ᠤᠳᠬ᠎ᠠ ᠤᠷᠠᠯᠢᠭᠴᠢᠳ ᠠᠯᠠᠱᠠ ᠶᠢᠨ ᠡᠯᠡᠰᠦ ᠮᠠᠩᠬᠠᠨ ᠤ ᠬᠠᠴᠢᠨ ᠴᠢᠯᠠᠭᠤᠨ ᠤ ᠰᠣᠶᠣᠯ ᠤᠨ | ᠮᠦᠽᠧᠢ ᠶᠢᠨ ᠦᠵᠡᠭᠦᠯᠭᠡ ᠶᠢᠨ ᠲᠢᠩᠬᠢᠮ ᠳᠠᠬᠢ ᠥᠩᠭᠡ ᠢᠯᠭᠠᠷᠠᠭᠰᠠᠨ ᠶᠠᠩᠵᠤ ᠪᠦᠷᠢ ᠶᠢᠨ ᠠᠯᠠᠱᠠ ᠶᠢᠨ ᠬᠠᠰ | ᠬᠠᠴᠢᠨ ᠴᠢᠯᠠᠭᠤ ᠶᠢ ᠰᠣᠨᠢᠷᠬᠠᠨ᠂ ᠠᠯᠠᠱᠠ ᠶᠢᠨ ᠬᠠᠴᠢᠨ ᠴᠢᠯᠠᠭᠤᠨ ᠤ ᠰᠣᠶᠣᠯ ᠢ ᠣᠶᠢᠯᠠᠭᠠᠭᠰᠠᠨ ᠪᠠᠶᠢᠨ᠎ᠠ᠃ ᠱᠠᠨ | ᠰᠢ ᠮᠤᠵᠢ ᠶᠢᠨ ᠳᠠᠭᠤᠷᠢᠯᠢᠬᠴᠢᠳ ᠤᠨ ᠨᠡᠶᠢᠭᠡᠮᠯᠢᠭ ᠤᠨ ᠬᠡᠷᠡᠭ ᠡᠷᠭᠢᠯᠡᠭᠴᠢ᠂ ᠱᠤᠭ ᠶᠠᠷᠢᠶ᠎ᠠ ᠲᠣᠭᠯᠠᠭᠴᠢ ᠸᠠᠩ | ᠰᠢᠤᠸᠠᠢ ᠭᠠᠩ᠄ ︽ᠡᠨᠡ ᠣᠷᠳᠣᠨ ᠳᠤ ᠠᠯᠠᠱᠠ ᠶᠢᠨ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠢ ᠳᠡᠯᠭᠡᠨ | ᠦᠵᠡᠭᠦᠯᠵᠦ ᠪᠠᠶᠢᠬᠤ ᠪᠠᠷ ᠪᠠᠷᠠᠬᠤ ᠦᠭᠡᠢ ᠠᠷᠠᠳ ᠲᠦᠮᠡᠨ ᠤ ᠪᠠᠶᠢᠭᠠᠯᠢ ᠶᠢ ᠪᠢᠰᠢᠷᠡᠬᠦ ᠰᠡᠳᠬᠢᠯᠭᠡ᠂ ᠠᠮᠢᠳᠤᠷᠠᠯ | ᠢᠶᠠᠨ ᠬᠠᠶᠢᠷᠠᠯᠠᠬᠤ ᠰᠡᠳᠬᠢᠯᠭᠡ ᠶᠢ ᠬᠠᠷᠠᠭᠤᠯᠤᠭᠰᠠᠨ ᠪᠠᠶᠢᠨ᠎ᠠ᠃ ᠡᠳᠡᠭᠡᠷ ᠪᠦᠭᠦᠨ ᠨᠢ ᠨᠠᠳᠠᠳᠤ ᠭᠦᠨ ᠰᠠᠭᠤᠭᠳᠠᠯ | ᠥᠭᠴᠡᠢ︾ ᠭᠡᠵᠦ ᠭᠠᠶᠢᠬᠠᠨ ᠶᠠᠷᠢᠵᠤ ᠪᠠᠶᠢᠯ᠎ᠠ᠃ | ᠠᠯᠠᠱᠠ ᠶᠢᠨ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠢᠶᠠᠷ ᠠᠳᠠᠯ ᠦᠢᠯᠡᠰ | ᠴᠣᠭᠴᠠᠯᠠᠬᠤ ᠬᠦᠷᠢᠶᠡᠯᠡᠩ ᠪᠣᠯ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠡᠯᠡᠰᠦᠨ ᠤ ᠤᠷᠭᠤᠮᠠᠯ ᠤᠨ ᠥᠨᠳᠥᠷ | ᠥᠷᠲᠡᠭᠲᠦ ᠪᠦᠲᠦᠭᠡᠭᠳᠡᠬᠦᠨ᠂ ᠬᠢᠲᠠᠳ ᠮᠣᠩᠭᠤᠯ ᠡᠮ ᠡᠮᠴᠢᠯᠡᠭᠡ ᠰᠤᠪᠢᠯᠠᠯᠲᠠ᠂ ᠰᠢᠨᠵᠢᠯᠡᠭᠡ ᠮᠡᠷᠭᠡᠵᠢᠯ ᠤᠨ ᠠᠵᠤ | ᠠᠬᠤᠶᠢᠯᠠᠯ ᠢ ᠨᠡᠪᠴᠢᠭᠦᠯᠬᠦ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠵᠡᠭᠦᠯᠭᠡ ᠶᠢᠨ | ᠬᠦᠷᠢᠶᠡᠯᠡᠩ ᠪᠣᠯᠣᠨ᠎ᠠ᠃ ᠤᠳᠬ᠎ᠠ ᠤᠷᠠᠯᠢᠭᠴᠢᠳ ᠡ᠊ᠨᠳᠡ ᠠᠴᠠ ᠠᠯᠠᠱᠠ ᠶᠢᠨ ᠡᠯᠪᠡᠭ ᠪᠠᠶᠠᠯᠢᠭ ᠠᠮᠢ ᠠᠬᠤᠢ ᠶᠢᠨ | ᠡᠬᠢ ᠪᠠᠶᠠᠯᠢᠭ᠂ ᠥᠪᠡᠷᠮᠢᠴᠡ ᠣᠨᠴᠠᠯᠢᠭ ᠲᠠᠢ ᠭᠠᠵᠠᠷ ᠵᠦᠢ ᠶᠢᠨ ᠪᠠᠶᠢᠳᠠᠯ ᠵᠢᠴᠢ ᠤᠯᠠᠨ ᠵᠢᠯ ᠤᠨ ᠲᠤᠷᠰᠢ | ᠴᠦᠯᠯᠡᠷᠭᠡᠭᠵᠢᠯ ᠢ ᠵᠠᠰᠠᠬᠤ ᠲᠠᠯ᠎ᠠ ᠪᠠᠷ ᠣᠯᠣᠭᠰᠠᠨ ᠦᠷ᠎ᠡ ᠪᠦᠲᠦᠮᠵᠢ ᠶᠢ ᠣᠶᠢᠯᠠᠭᠠᠪᠠ᠃ ︽ᠡ᠊ᠨᠳᠡ ᠠᠴᠠ ᠪᠢ | ᠠᠯᠠᠱᠠ ᠶᠢᠨ ᠡᠯᠡᠰᠦ ᠪᠠᠷ ᠢᠶᠠᠨ ᠨᠡᠷ᠎ᠡ ᠮᠠᠨᠳᠤᠭᠰᠠᠨ᠂ ᠡᠯᠡᠰᠦ ᠪᠠᠷ ᠢᠶᠠᠨ ᠬᠥᠭᠵᠢᠨ ᠮᠠᠨᠳᠤᠭᠰᠠᠨ ᠪᠣᠬᠢᠷᠳᠤᠯ ᠦᠭᠡᠢ | ᠬᠥᠭᠵᠢᠯᠲᠡ ᠶᠢᠨ ᠵᠠᠮ ᠢ ᠭᠦᠨᠵᠡᠭᠡᠢ ᠣᠶᠢᠯᠠᠭᠠᠪᠠ᠃ ᠠᠯᠠᠱᠠᠴᠤᠳ ᠡᠯᠡᠰᠦᠨ ᠳᠠᠯᠠᠢ ᠳᠤ ᠨᠣᠭᠤᠭᠠᠨ ᠥᠩᠭᠡ | ᠨᠡᠮᠡᠷᠢᠯᠡᠨ᠂ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ︾ ᠭᠡᠵᠦ ᠱᠠᠨ ᠰᠢ ᠮᠤᠵᠢ ᠶᠢᠨ | ᠳᠠᠭᠤᠷᠢᠯᠢᠬᠴᠢᠳ ᠤᠨ ᠨᠡᠶᠢᠭᠡᠮᠯᠢᠭ ᠤᠨ ᠲᠡᠷᠢᠭᠦᠯᠡᠭᠴᠢ ᠴᠠᠢ ᠵᠢᠩ ᠬᠠᠢ ᠰᠡᠳᠬᠢᠯ ᠳᠣᠭᠳᠣᠯᠤᠨ ᠶᠠᠷᠢᠪᠠ᠃ | ᠪᠠᠷᠠᠭᠤᠨ ᠬᠤᠶᠢᠲᠤ ᠣᠷᠣᠨ ᠤ ᠠᠮᠢ ᠠᠬᠤᠢ ᠶᠢᠨ ᠴᠢᠬᠤᠯᠠ ᠬᠠᠯᠬᠠᠪᠴᠢ ᠪᠣᠯᠤᠭᠰᠠᠨ ᠠᠯᠠᠱᠠ | ᠠᠭᠤᠯᠠ ᠨᠢ ᠥᠪᠡᠷᠮᠢᠴᠡ ᠭᠠᠵᠠᠷ ᠵᠦᠢ ᠶᠢᠨ ᠣᠷᠴᠢᠨ᠂ ᠡᠯᠪᠡᠭ ᠪᠠᠶᠠᠯᠢᠭ ᠠᠮᠢᠳᠤ ᠪᠣᠳᠠᠰ ᠤᠨ ᠣᠯᠠᠨ ᠶᠠᠩᠵᠤᠲᠤ | ᠴᠢᠨᠠᠷ ᠢ ᠪᠦᠷᠢᠯᠳᠦᠭᠦᠯᠵᠡᠢ᠃ ᠠᠯᠠᠱᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ᠂ ᠤᠳᠬ᠎ᠠ | ᠤᠷᠠᠯᠢᠭᠴᠢᠳ ᠰᠦᠷᠯᠢᠭ ᠰᠠᠶᠢᠬᠠᠨ ᠠᠭᠤᠯᠠ ᠤᠰᠤᠨ ᠤ ᠦᠵᠡᠮᠵᠢ ᠶᠢ ᠰᠣᠨᠢᠷᠬᠠᠨ᠂ ᠬᠥᠮᠥᠨ ᠪᠠᠶᠢᠭᠠᠯᠢ ᠶᠢᠨ | ᠵᠣᠬᠢᠴᠠᠨ ᠣᠷᠣᠰᠢᠭᠰᠠᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃ | ᠬᠤᠨᠠᠨ ᠮᠤᠵᠢ ᠶᠢᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠳᠡᠳ᠋ ᠲᠡᠷᠢᠭᠦᠯᠡᠭᠴᠢ᠂ ᠬᠤᠨᠠᠨ | ᠮᠤᠵᠢ ᠶᠢᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ ᠨᠢ ᠸᠧᠨ ᠬᠤᠸᠠ᠄ ︽ᠡᠨᠡ ᠤᠳᠠᠭ᠎ᠠ ᠶᠢᠨ | ᠠᠵᠢᠯᠯᠠᠭ᠎ᠠ ᠪᠠᠷ ᠠᠯᠠᠱᠠ ᠶᠢᠨ ᠥᠪᠡᠷᠮᠢᠴᠡ ᠣᠨᠴᠠᠯᠢᠭ ᠲᠠᠢ ᠪᠠᠶᠢᠭᠠᠯᠢ ᠶᠢᠨ ᠥᠩᠭᠡ ᠦᠵᠡᠮᠵᠢ ᠪᠣᠯᠣᠨ ᠰᠣᠶᠣᠯ | ᠢᠷᠭᠡᠨᠰᠢᠯ ᠢ ᠪᠦᠭᠦ ᠲᠠᠯ᠎ᠠ ᠪᠠᠷ ᠣᠶᠢᠯᠠᠭᠠᠭᠰᠠᠨ ᠨᠢ ᠬᠤᠶᠢᠰᠢᠳᠠ ᠶᠢᠨ ᠤᠷᠠᠯᠢᠭ ᠤᠨ ᠵᠣᠬᠢᠶᠠᠨ ᠪᠦᠲᠦᠭᠡᠯᠭᠡ ᠳᠤ | ᠬᠤᠪᠣᠷ ᠨᠠᠨᠳᠢᠨ ᠪᠣᠷᠣ ᠮᠠᠲ᠋ᠧᠷᠢᠶᠠᠯ ᠴᠤᠭᠯᠠᠭᠤᠯᠵᠠᠢ᠃ ᠤᠷᠠᠯᠢᠭᠴᠢᠳ ᠪᠠᠶᠠᠯᠢᠭ ᠰᠠᠶᠢᠬᠠᠨ ᠤᠷᠠᠯᠢᠭ ᠤᠨ | ᠭᠡᠯᠪᠡᠷᠢ ᠪᠠᠷ ᠠᠯᠠᠱᠠ ᠶᠢᠨ ᠥᠪᠡᠷᠮᠢᠴᠡ ᠷᠢᠳᠢ ᠰᠢᠳᠢ ᠶᠢ ᠳᠡᠯᠭᠡᠨ ᠦᠵᠡᠭᠦᠯᠵᠦ᠂ ᠨᠡᠩ ᠣᠯᠠᠨ ᠬᠥᠮᠥᠰ ᠲᠤ | ᠠᠯᠠᠱᠠ ᠶᠢ ᠲᠠᠨᠢᠭᠤᠯᠤᠨ᠂ ᠠᠯᠠᠱᠠ ᠳᠤ ᠣᠴᠢᠭᠤᠯᠵᠤ᠂ ᠠᠯᠠᠱᠠ ᠶᠢ ᠮᠡᠳᠡᠷᠡᠭᠦᠯᠬᠦ ᠶᠤᠮ︾ ᠭᠡᠵᠡᠢ᠃ | | |