ᠨᠠᠷᠠᠨ᠎ᠠ᠂ ᠡᠷᠳᠡᠨᠢᠬᠦᠦ | | | ᠠᠯᠠᠱᠠ ᠵᠡᠭᠦᠨ ᠬᠤᠰᠢᠭᠤ ︽ᠲᠦᠮᠡᠨ ᠮᠡᠷᠭᠡᠵᠢᠯᠲᠡᠨ ᠦᠨᠳᠦᠰᠦᠨ ᠱᠠᠲᠤᠨ ᠳᠤ ᠬᠦᠷᠴᠦ | ᠦᠢᠯᠡᠴᠢᠯᠡᠬᠦ︾ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠭᠡᠷ ᠲᠤᠨᠢ ᠬᠦᠷᠴᠦ ᠬᠡᠷᠡᠭᠴᠡᠭᠡ | ᠱᠠᠭᠠᠷᠳᠠᠯᠭ᠎ᠠ ᠶᠢ ᠨᠢ ᠰᠢᠢᠳᠪᠦᠷᠢᠯᠡᠨ ᠥᠭᠴᠡᠢ᠃ ᠡᠪᠡᠳᠴᠢᠨ ᠬᠤᠷᠣᠬᠠᠢ ᠶᠢᠨ ᠭᠠᠮᠰᠢᠭ ᠵᠢᠴᠢ ᠠᠮᠢᠲᠠᠨ ᠤ ᠬᠢᠵᠢᠭ | ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠡᠵᠡᠮᠳᠡᠬᠦ᠂ ᠲᠠᠷᠢᠶᠠᠯᠠᠩ ᠮᠠᠯ ᠠᠵᠤ ᠠᠬᠤᠢ ᠶᠢᠨ ᠠᠶᠤᠯᠭᠦᠢ | ᠦᠢᠯᠡᠳᠪᠦᠷᠢᠯᠡᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ᠂ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠨ ᠬᠡᠮᠵᠢᠯᠲᠡ ᠬᠢᠭᠡᠳ ᠨᠠᠷᠠᠲᠤ ᠲᠡᠮᠳᠡᠭᠲᠦ ᠶᠢᠨ ᠪᠠᠶᠢᠭᠤᠯᠤᠯᠲᠠ | ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠵᠠᠭᠤᠷᠠᠯᠳᠤᠭᠠᠨ᠂ ᠲᠠᠷᠢᠶᠠᠯᠠᠬᠤ ᠮᠠᠯᠵᠢᠬᠤ | ᠣᠷᠣᠨ ᠤ ᠪᠣᠳᠠᠲᠤ ᠬᠡᠷᠡᠭᠯᠡᠭᠡᠨ ᠤ ᠴᠢᠳᠠᠪᠤᠷᠢᠲᠠᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠠᠭᠤᠯᠭ᠎ᠠ ᠶᠢᠨ | ᠲᠣᠭᠤᠷᠢᠨ ᠳᠤ᠂ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ 103 ᠨᠡᠷᠡᠰ ᠲᠤᠰᠬᠠᠢ ᠮᠡᠷᠭᠡᠵᠢᠯ ᠤᠨ | ᠠᠵᠢᠯᠲᠠᠨ ᠢ ᠵᠣᠬᠢᠶᠠᠨ ᠪᠠᠶᠢᠭᠤᠯᠵᠤ᠂ ᠲᠠᠷᠢᠶᠠᠯᠠᠬᠤ ᠮᠠᠯᠵᠢᠬᠤ ᠣᠷᠣᠨ ᠳᠤ ᠭᠦᠨᠵᠡᠭᠡᠶᠢᠷᠡᠨ ᠠᠷᠠᠳ ᠤᠨ ᠠᠮᠢᠳᠤᠷᠠᠯ ᠢ | ᠣᠶᠢᠯᠠᠭᠠᠵᠤ᠂ ᠬᠦᠰᠡᠯ ᠱᠠᠭᠠᠷᠳᠠᠯᠭ᠎ᠠ ᠶᠢ ᠨᠢ ᠰᠣᠨᠣᠰᠤᠨ ᠠᠷᠠᠳ ᠤᠨ ᠵᠣᠪᠠᠨᠢᠯ ᠢ ᠰᠢᠢᠳᠪᠦᠷᠢᠯᠡᠨ ᠥᠭᠴᠡᠢ᠃ | ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤ ᠶᠢᠨ ᠲᠠᠷᠠᠲᠤ ᠭᠠᠴᠠᠭᠠᠨ ᠤ ᠮᠠᠯᠴᠢᠨ ᠾᠧ ᠯᠢ | ᠵᠢᠶᠦ᠋ᠨ ᠢᠮᠠᠭᠠᠨ ᠤ ᠨᠣᠣᠯᠣᠭᠤᠷ ᠢᠶᠠᠨ ᠬᠡᠷᠬᠢᠨ ᠰᠢᠯᠢᠳᠡᠭ ᠪᠤᠯᠭᠠᠬᠤ ᠲᠤᠬᠠᠢ ᠰᠠᠨᠠᠭ᠎ᠠ ᠪᠣᠯᠵᠤ ᠪᠠᠶᠢᠵᠠᠢ᠃ ᠠᠯᠠᠱᠠ | ᠵᠡᠭᠦᠨ ᠬᠤᠰᠢᠭᠤᠨ ᠤ ᠭᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ ᠠᠵᠢᠯ ᠤᠨ ᠥᠷᠲᠡᠭᠡᠨ ᠤ ᠲᠤᠰᠬᠠᠢ | ᠮᠡᠷᠭᠡᠵᠢᠯ ᠤᠨ ᠠᠵᠢᠯᠲᠠᠳ ᠲᠡᠭᠦᠨ ᠤ ᠭᠡᠷ ᠲᠤ ᠬᠦᠷᠴᠦ᠂ ᠵᠢᠷᠤᠮᠵᠢᠬᠰᠠᠨ ᠢᠵᠢ ᠪᠦᠷᠢᠳᠦᠭᠦᠯᠦᠭᠰᠡᠨ ᠠᠷᠠᠴᠢᠯᠠᠵᠤ | ᠲᠡᠵᠢᠭᠡᠬᠦ ᠬᠠᠮᠢᠶᠠᠷᠤᠯᠲᠠ ᠶᠢᠨ ᠮᠡᠷᠭᠡᠵᠢᠯ ᠢ ᠤᠯᠠᠮᠵᠢᠯᠠᠵᠤ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ | ᠳᠤᠲᠠᠭᠤ ᠲᠡᠵᠢᠭᠡᠨ ᠨᠠᠷᠢᠯᠢᠭ ᠠᠷᠠᠴᠢᠯᠠᠵᠤ᠂ ᠰᠣᠩᠭᠤᠨ ᠪᠣᠶᠢᠵᠢᠭᠤᠯᠬᠤ᠂ ᠨᠣᠣᠯᠣᠭᠤᠷ ᠤᠨ ᠴᠢᠨᠠᠷ ᠢ | ᠰᠠᠶᠢᠵᠢᠷᠠᠭᠤᠯᠤᠨ ᠦᠨ᠎ᠡ ᠬᠠᠩᠰᠢ ᠶᠢ ᠥᠰᠬᠡᠬᠦ ᠮᠡᠷᠭᠡᠵᠢᠯ ᠤᠨ ᠲᠤᠬᠠᠢ ᠵᠢᠯᠣᠭᠤᠳᠤᠯᠭ᠎ᠠ ᠬᠢᠭᠰᠡᠨ ᠪᠠᠶᠢᠨ᠎ᠠ᠃ ︽ | ᠲᠤᠰᠬᠠᠢ ᠮᠡᠷᠭᠡᠵᠢᠯᠲᠡᠳ ᠤᠨ ᠵᠢᠯᠣᠭᠤᠳᠤᠯᠭ᠎ᠠ ᠨᠢ ᠮᠠᠰᠢ ᠶᠡᠭᠡ ᠬᠠᠪᠰᠤᠷᠤᠯᠭ᠎ᠠ ᠪᠣᠯᠵᠠᠢ᠂ ᠰᠢᠨᠵᠢᠯᠡᠬᠦ ᠤᠬᠠᠭᠠᠨᠴᠢ ᠪᠠᠷ | ᠰᠣᠩᠭᠤᠨ ᠪᠣᠶᠢᠵᠢᠭᠤᠯᠬᠤ ᠪᠠᠷ ᠲᠠᠮᠵᠢᠨ ᠮᠠᠯ ᠰᠦᠷᠦᠭ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠣᠷᠣᠯᠭ᠎ᠠ ᠶᠢ | ᠨᠡᠮᠡᠭᠳᠡᠭᠦᠯᠬᠦ ᠲᠤᠬᠠᠢ ᠣᠶᠢᠯᠠᠭᠠᠯᠲᠠ ᠲᠠᠢ ᠪᠣᠯᠣᠯ᠎ᠠ︾ ᠭᠡᠵᠦ ᠾᠧ ᠯᠢ ᠵᠢᠶᠦ᠋ᠨ ᠶᠠᠷᠢᠯ᠎ᠠ᠃ | ᠠᠯᠠᠱᠠ ᠵᠡᠭᠦᠨ ᠬᠤᠰᠢᠭᠤᠨ ᠤ ᠭᠡᠷ ᠤᠨ ᠲᠡᠵᠢᠭᠡᠪᠦᠷᠢ ᠶᠢᠨ ᠡᠭᠦᠯᠳᠡᠷ ᠢ ᠰᠠᠶᠢᠵᠢᠷᠠᠭᠤᠯᠬᠤ ᠠᠵᠢᠯ ᠤᠨ | ᠥᠷᠲᠡᠭᠡᠨ ᠤ ᠮᠡᠷᠭᠡᠵᠢᠯ ᠤᠨ ᠠᠵᠢᠯᠲᠠᠳ ᠪᠠᠰᠠ ᠤᠷᠢᠳ ᠬᠤᠵᠢᠳ ᠵᠢᠷᠠᠲᠠᠢ ᠪᠠᠯᠭᠠᠰᠤᠨ ᠤ ᠴᠠᠭᠠᠠᠡᠦ᠋ᠨᠳᠣᠷ ᠭᠠᠴᠠᠭ᠎ᠠ | ᠪᠣᠯᠣᠨ ᠪᠠᠶᠠᠨᠬᠤᠲᠠ ᠪᠠᠯᠭᠠᠰᠤᠨ ᠤ ᠯᠠᠢ ᠹᠦ᠋ ᠡᠯ ᠺᠤᠮᠫᠠᠨᠢ ᠳᠤ ᠨᠣᠣᠰᠣ ᠨᠣᠣᠯᠣᠭᠤᠷ ᠤᠨ ᠨᠠᠷᠢᠴᠠ ᠶᠢᠨ ᠬᠡᠮᠵᠢᠶ᠎ᠡ ᠶᠢ | ᠰᠢᠯᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠨᠣᠣᠯᠣᠭᠤᠷ ᠢ ᠥᠨᠳᠥᠷ ᠦᠨ᠎ᠡ ᠪᠠᠷ ᠪᠣᠷᠣᠯᠠᠭᠤᠯᠬᠤ ᠪᠠᠷ | ᠳᠠᠮᠵᠢᠭᠤᠯᠤᠨ᠂ ᠴᠠᠭᠠᠨ ᠨᠣᠣᠯᠣᠭᠤᠷᠲᠤ ᠢᠮᠠᠭ᠎ᠠ ᠲᠡᠵᠢᠭᠡᠨ ᠦᠷᠡᠵᠢᠭᠦᠯᠬᠦ ᠡᠷᠥᠭᠡ ᠶᠢ ᠬᠥᠲᠥᠯᠥᠨ ᠵᠢᠯᠤᠭᠤᠳᠴᠤ | ᠪᠠᠶᠢᠭᠠᠳ ᠲᠤᠰ ᠡᠭᠦᠯᠳᠡᠷ ᠢ ᠰᠣᠩᠭᠤᠨ ᠪᠣᠶᠢᠵᠢᠭᠤᠯᠬᠤ ᠶᠠᠪᠤᠴᠠ ᠳᠤ ᠨᠣᠣᠯᠣᠭᠤᠷ ᠤᠨ ᠨᠠᠷᠢᠴᠠ ᠶᠢᠨ ᠬᠡᠮᠵᠢᠶ᠎ᠡ | ᠪᠣᠯᠣᠨ ᠨᠣᠣᠯᠣᠭᠤᠷ ᠤᠨ ᠭᠠᠷᠤᠯᠲᠠ ᠶᠢᠨ ᠬᠡᠮᠵᠢᠶ᠎ᠡ ᠪᠠᠷ ᠰᠣᠩᠭᠤᠨ ᠪᠣᠶᠢᠵᠢᠭᠤᠯᠬᠤ ᠶᠢ ᠴᠢᠬᠤᠯᠠᠴᠢᠯᠠᠨ᠂ | ᠰᠢᠯᠢᠳᠡᠭ ᠢᠶᠠᠷ ᠨᠢ ᠲᠣᠬᠢᠷᠠᠭᠤᠯᠬᠤ ᠠᠷᠭ᠎ᠠ ᠶᠢ ᠠᠪᠴᠤ᠂ ᠴᠠᠭᠠᠨ ᠨᠣᠣᠯᠣᠭᠤᠷᠲᠤ ᠢᠮᠠᠭᠠᠨ ᠤ ᠪᠦᠲᠦᠭᠡᠭᠳᠡᠬᠦᠨ ᠤ | ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠪᠣᠯᠣᠨ | ᠨᠡᠷᠡᠳᠤ ᠲᠡᠮᠳᠡᠭ ᠤᠨ ᠦᠷ᠎ᠡ ᠠᠰᠢᠭ ᠢ ᠨᠡᠮᠡᠭᠳᠡᠭᠦᠯᠦᠨ᠂ ᠴᠠᠭᠠᠨ ᠨᠣᠣᠯᠣᠭᠤᠷᠲᠤ ᠢᠮᠠᠭᠠᠨ ᠤ ᠠᠵᠤ ᠦᠢᠯᠡᠰ ᠤᠨ | ᠡᠷᠡᠭᠦᠯ ᠢᠶᠠᠷ ᠬᠥᠭᠵᠢᠬᠦ ᠶᠢ ᠠᠬᠢᠭᠤᠯᠵᠠᠢ᠃ | ᠠᠯᠠᠱᠠ ᠵᠡᠭᠦᠨ ᠬᠤᠰᠢᠭᠤ ᠲᠤᠰᠬᠠᠢ ᠮᠡᠷᠭᠡᠵᠢᠯ ᠤᠨ ᠠᠵᠢᠯᠲᠠᠨ ᠲᠣᠮᠢᠯᠠᠵᠤ ᠪᠠᠷᠠᠭᠤᠨ ᠪᠠᠯ | ᠪᠠᠯᠭᠠᠰᠤᠨ ᠤ ᠰᠢᠷᠠᠭᠦ᠋ᠳᠡᠭᠡ ᠭᠠᠴᠠᠭᠠᠨ ᠳᠤ ᠭᠦᠨᠵᠡᠭᠡᠶᠢᠷᠡᠨ᠂ ᠠᠯᠠᠰᠢᠨ ᠬᠤᠨᠢ ᠶᠢ ᠥᠨᠳᠥᠷ ᠪᠦᠲᠦᠮᠵᠢᠲᠡᠶ ᠪᠠᠷ | ᠮᠠᠯᠯᠠᠬᠤ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠬᠤᠷᠰᠢᠶᠠᠵᠢᠯ ᠳᠤ ︽ᠲᠦᠮᠡᠨ ᠮᠡᠷᠭᠡᠵᠢᠯᠲᠡᠨ ᠦᠨᠳᠦᠰᠦᠨ | ᠱᠠᠲᠤᠨ ᠳᠤ ᠬᠦᠷᠴᠦ ᠦᠢᠯᠡᠴᠢᠯᠡᠬᠦ︾ ᠠᠵᠢᠯᠯᠠᠭ᠎ᠠ ᠶᠢ ᠥᠷᠨᠢᠭᠦᠯᠦᠭᠰᠡᠨ ᠪᠥᠭᠡᠳ ᠲᠤᠬᠠᠢ ᠶᠢᠨ ᠲᠠᠯᠠᠪᠤᠷ ᠤᠨ | ᠪᠣᠯᠪᠠᠰᠤᠷᠠᠯ ᠢ ᠡᠷᠭᠢᠯᠡᠵᠦ᠂ ᠲᠠᠷᠢᠶᠠᠯᠠᠬᠤ ᠣᠷᠣᠨ ᠤ ᠬᠠᠰᠢᠶᠠᠯᠠᠨ ᠲᠡᠵᠢᠭᠡᠵᠦ ᠦᠷᠡᠵᠢᠭᠦᠯᠬᠦ ᠮᠡᠷᠭᠡᠵᠢᠯ ᠪᠠ ᠭᠠᠷ | ᠬᠡᠭᠡᠯᠲᠦᠭᠦᠯᠭᠡ ᠶᠢᠨ ᠮᠡᠷᠭᠡᠵᠢᠯ ᠤᠨ ᠬᠡᠷᠡᠭᠯᠡᠯᠲᠡ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠨᠠᠷᠢᠨ ᠲᠠᠶᠢᠯᠪᠤᠷᠢᠯᠠᠯᠲᠠ | ᠬᠢᠭᠰᠡᠨ ᠪᠠᠶᠢᠨ᠎ᠠ᠃ ᠰᠢᠷᠠᠭᠦ᠋ᠳᠡᠭᠡ ᠭᠠᠴᠠᠭᠠᠨ ᠤ ᠬᠤᠷᠰᠢᠶᠠᠵᠢᠯ ᠤᠨ ᠬᠢᠨ ᠲᠤᠰᠬᠠᠢ ᠮᠡᠷᠭᠡᠵᠢᠯ ᠤᠨ ᠠᠵᠢᠯᠲᠠᠳ ᠤᠨ | ᠬᠠᠪᠰᠤᠷᠤᠯᠭ᠎ᠠ ᠪᠠ ᠵᠢᠯᠣᠭᠤᠳᠤᠯᠭ᠎ᠠ ᠳᠣᠣᠷ᠎ᠠ᠂ ᠢᠵᠢ ᠪᠦᠷᠢᠨ ᠭᠠᠷ ᠬᠡᠭᠡᠯᠲᠦᠭᠦᠯᠭᠡ ᠶᠢᠨ ᠪᠠᠭᠠᠵᠢ ᠬᠡᠷᠡᠭᠰᠡᠯ᠂ | ᠡᠮ ᠤᠨ ᠵᠦᠢᠯ ᠵᠢᠴᠢ ᠰᠢᠯᠢᠳᠡᠭ ᠡᠭᠦᠯᠳᠡᠷ ᠤᠨ ᠬᠤᠨᠢ ᠶᠢ ᠬᠤᠳᠠᠯᠳᠤᠨ ᠠᠪᠴᠤ᠂ ᠬᠤᠴᠠ ᠲᠡᠵᠢᠭᠡᠬᠦ᠂ ᠠᠷᠠᠴᠢᠯᠠᠬᠤ | ᠂ ᠦᠷ᠎ᠡ ᠳᠠᠮᠵᠢᠭᠤᠯᠬᠤ ᠪᠠ ᠡᠮ᠎ᠡ ᠬᠤᠨᠢ ᠶᠢ ᠲᠡᠵᠢᠭᠡᠬᠦ ᠵᠡᠷᠭᠡ ᠪᠣᠳᠠᠲᠠᠢ ᠠᠵᠢᠯ ᠤᠨ ᠡᠮᠦᠨᠡᠬᠢ ᠬᠤᠭᠤᠴᠠᠭᠠᠨ ᠤ | ᠪᠡᠯᠡᠳᠬᠡᠯ ᠢ ᠭᠦᠢᠴᠡᠳ ᠬᠢᠵᠡᠢ᠃ ᠠᠯᠠᠱᠠ ᠵᠡᠭᠦᠨ ᠬᠤᠰᠢᠭᠤᠨ ᠤ ᠭᠡᠷ ᠤᠨ ᠲᠡᠵᠢᠭᠡᠪᠦᠷᠢ ᠶᠢᠨ ᠡᠭᠦᠯᠳᠡᠷ ᠢ | ᠰᠠᠶᠢᠵᠢᠷᠠᠭᠤᠯᠬᠤ ᠠᠵᠢᠯ ᠤᠨ ᠥᠷᠲᠡᠭᠡᠨ ᠤ ᠳᠠᠷᠤᠭ᠎ᠠ ᠸᠠᠩ ᠰᠢᠸ ᠶᠠᠨ᠄ ︽ᠳᠣᠰ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠴᠢᠯᠡᠭᠡ᠂ ᠮᠡᠷᠭᠡᠵᠢᠯ ᠤᠨ ᠵᠢᠯᠣᠭᠤᠳᠤᠯᠭ᠎ᠠ᠂ ᠲᠥᠷᠥ ᠶᠢᠨ ᠪᠣᠳᠣᠯᠭ᠎ᠠ ᠶᠢᠨ ᠯᠠᠪᠯᠠᠯᠲᠠ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠴᠢᠨ ᠲᠠᠷᠢᠶᠠᠴᠢᠨ ᠢ ᠢᠳᠡᠪᠬᠢᠲᠡᠢ ᠬᠥᠲᠥᠯᠥᠨ ᠵᠢᠯᠤᠭᠤᠳᠴᠤ | ᠥᠨᠳᠥᠷ ᠪᠦᠲᠦᠮᠵᠢᠲᠡᠶ ᠪᠠᠷ ᠬᠠᠰᠢᠶᠠᠯᠠᠨ ᠲᠡᠵᠢᠭᠡᠵᠦ ᠦᠷᠡᠵᠢᠭᠦᠯᠬᠦ᠂ ᠮᠡᠷᠭᠡᠵᠢᠯ ᠤᠨ ᠪᠠᠬᠢᠯᠡᠯᠲᠡ ᠪᠠ ᠠᠵᠤ | ᠦᠢᠯᠡᠰ ᠤᠨ ᠬᠥᠭᠵᠢᠯᠲᠡ ᠶᠢ ᠬᠤᠯᠪᠤᠭᠠᠯᠠᠨ᠂ ᠪᠦᠭᠦ ᠬᠤᠰᠢᠭᠤᠨ ᠤ ᠬᠤᠨᠢᠨ ᠤ ᠠᠵᠤ ᠦᠢᠯᠡᠰ ᠤᠨ ᠬᠥᠭᠵᠢᠯᠲᠡ ᠳᠤ | ᠠᠬᠢᠭᠤᠯᠬᠤ ᠦᠢᠯᠡᠳᠦᠯ ᠦᠵᠡᠭᠦᠯᠦᠨ᠎ᠡ︾ ᠭᠡᠪᠡ᠃ | ᠠᠯᠠᠱᠠ ᠵᠡᠭᠦᠨ ᠬᠤᠰᠢᠭᠤ ︽ᠲᠦᠮᠡᠨ ᠮᠡᠷᠭᠡᠵᠢᠯᠲᠡᠨ ᠦᠨᠳᠦᠰᠦᠨ ᠱᠠᠲᠤᠨ ᠳᠤ ᠬᠦᠷᠴᠦ | ᠦᠢᠯᠡᠴᠢᠯᠡᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠨᠳᠦᠰᠦᠨ ᠱᠠᠲᠤᠨ ᠤ | ᠬᠡᠷᠡᠭᠴᠡᠭᠡ ᠱᠠᠭᠠᠷᠳᠠᠯᠭᠠᠲᠤ ᠨᠢᠭᠡᠴᠢ ᠶᠢᠨ ︽ᠵᠠᠬᠢᠶᠠᠯᠠᠭ᠎ᠠ ᠶᠢᠨ ᠬᠠᠭᠤᠳᠠᠰᠤ︾ ᠶᠢᠨ ᠪᠠᠶᠢᠳᠠᠯ ᠳᠤ ᠴᠢᠭᠯᠡᠭᠦᠯᠦᠨ | ᠨᠠᠷᠢᠯᠢᠭ ᠣᠨᠣᠴᠠᠲᠠᠢ ᠪᠠᠷ ︽ᠭᠥᠯᠢᠶᠡᠨ ᠠᠪᠬᠤ︾ ᠪᠠᠷ ᠭᠤᠣᠯᠳᠠᠯᠭ᠎ᠠ ᠪᠤᠯᠭᠠᠵᠤ᠂ ᠪᠦᠭᠦ ᠬᠤᠰᠢᠭᠤᠨ ᠤ | ᠦᠨᠳᠦᠰᠦᠨ ᠱᠠᠲᠤᠨ ᠤ ᠲᠥᠷᠥᠯ ᠵᠦᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ ᠶᠢ ᠪᠠᠶᠢᠭᠤᠯᠵᠤ᠂ ᠤᠷ᠎ᠠ | ᠮᠡᠷᠭᠡᠵᠢᠯ ᠤᠨ ᠴᠢᠳᠠᠪᠤᠷᠢᠲᠠᠨ ᠢ ᠲᠣᠮᠢᠯᠠᠨ ᠮᠠᠯᠴᠢᠨ ᠲᠠᠷᠢᠶᠠᠴᠢᠨ ᠤ ᠭᠡᠷ ᠲᠤ ᠣᠴᠢᠭᠤᠯᠵᠤ᠂ ᠪᠣᠳᠠᠲᠠᠢ ᠠᠰᠠᠭᠤᠳᠠᠯ ᠢ | ᠰᠢᠢᠳᠪᠦᠷᠢᠯᠡᠨ᠂ ᠦᠨᠳᠦᠰᠦᠨ ᠱᠠᠲᠤᠨ ᠳᠤ ᠶᠠᠭᠤ ᠬᠡᠷᠡᠭᠴᠡᠭᠡ ᠲᠠᠢ ᠪᠣᠯ ᠲᠤᠰᠬᠠᠢ ᠮᠡᠷᠭᠡᠵᠢᠯᠲᠡᠨ ᠠᠴᠠ ᠬᠦᠷᠭᠡᠵᠦ᠂ | ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠨᠠᠷᠢᠯᠢᠭ ᠣᠨᠣᠴᠠᠲᠠᠢ ᠪᠠᠷ ᠪᠡᠶᠡᠯᠡᠭᠦᠯᠵᠦ᠂ ᠤᠳᠠᠭ᠎ᠠ ᠪᠦᠷᠢ ᠶᠢᠨ | ᠦᠢᠯᠡᠴᠢᠯᠡᠭᠡ ᠶᠢ ᠦᠨᠡᠨ ᠪᠣᠳᠠᠲᠠᠢ ᠬᠥᠭᠵᠢᠯᠲᠡ ᠶᠢᠨ ᠠᠷᠭ᠎ᠠ ᠬᠡᠮᠵᠢᠶ᠎ᠡ ᠪᠠ ᠠᠵᠤ ᠠᠬᠤᠢ ᠶᠢᠨ ᠦᠷ᠎ᠡ ᠪᠦᠲᠦᠭᠡᠯ | ᠪᠣᠯᠭᠠᠨ ᠬᠤᠪᠢᠷᠠᠭᠤᠯᠵᠤ᠂ ᠬᠦᠴᠦᠷᠬᠡᠭ ᠶᠡᠭᠡ ︽ᠣᠶᠤᠨ ᠤ ᠬᠦᠴᠦᠨ︾ ᠢᠶᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ | | |