| | | ● ᠨᠠᠷᠠᠨ᠎ᠠ᠂ ᠡᠷᠳᠡᠨᠢᠬᠦᠦ | | ᠣᠶᠢᠷ᠎ᠠ ᠶᠢᠨ ᠵᠢᠯ ᠠᠴᠠ ᠨᠠᠭᠠᠰᠢ᠂ ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠥᠮᠴᠢᠯᠡᠯ ᠤᠨ | ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ | ᠠᠵᠢᠯᠯᠠᠬᠤ ᠬᠤᠷᠢᠶ᠎ᠠ ᠶᠢᠨ ᠬᠢᠨ ︽ᠳᠥᠷᠪᠡ ᠳᠤ ᠲᠥᠪᠯᠡᠷᠡᠭᠦᠯᠬᠦ︾ ᠶᠢ ᠪᠠᠷᠢᠮᠲᠠᠯᠠᠨ᠂ ︽ᠬᠤᠶᠠᠷ ᠢ ᠪᠦᠷᠬᠦᠭᠦᠯᠬᠦ︾ | ᠶᠢᠨ ᠲᠣᠭᠤᠷᠢᠨ ᠳᠤ᠂ ᠠᠵᠢᠯ ᠤᠨ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠨᠠᠮ ᠤᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠬᠥᠭᠵᠢᠯᠲᠡ ᠶᠢᠨ ᠠᠭᠤᠰᠤᠯᠴᠠᠯ ᠤᠨ ᠴᠡᠭ ᠢ ᠣᠨᠣᠪᠴᠢᠲᠠᠢ | ᠡᠷᠢᠯᠬᠢᠯᠡᠵᠦ᠂ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠪᠦᠳᠦᠮᠵᠢᠳᠠᠢ | ᠳᠡᠭᠡᠭᠰᠢᠯᠡᠭᠦᠯᠦᠭᠰᠡᠨ ᠪᠠᠶᠢᠨ᠎ᠠ᠃ | ᠠᠵᠢᠯ ᠤᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠪᠡ᠃ ᠠᠯᠠᠱᠠ ᠵᠡᠭᠦᠨ ᠬᠤᠰᠢᠭᠤᠨ ᠤ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠪᠦᠷᠢᠯᠳᠦᠭᠦᠨ ᠢ ᠪᠦᠷᠢᠨ ᠭᠦᠢᠴᠡᠳ ᠰᠠᠶᠢᠲᠤᠷ | ᠲᠣᠬᠢᠷᠠᠭᠤᠯᠬᠤ ᠶᠢ ᠪᠠᠷᠢᠮᠲᠠᠯᠠᠵᠤ᠂ ᠬᠤᠲᠠ ᠶᠢᠨ ᠬᠢᠨᠠᠯᠲᠠ ᠬᠠᠮᠢᠶᠠᠷᠤᠯᠲᠠ᠂ ᠠᠷᠠᠳ ᠤᠨ ᠶᠠᠪᠤᠳᠠᠯ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ 19 ᠰᠠᠯᠠᠭ᠎ᠠ ᠮᠥᠴᠢᠷ ᠢ ᠪᠦᠷᠢᠯᠳᠦᠭᠦᠨ ᠨᠢᠭᠡᠴᠢ ᠳᠤ ᠣᠷᠣᠭᠤᠯᠵᠤ᠂ | ᠠᠵᠢᠯ ᠤᠨ ᠲᠣᠭᠲᠠᠴᠠ ᠶᠢᠨ ᠵᠢᠷᠤᠮᠵᠢᠬᠰᠠᠨ ᠠᠵᠢᠯᠯᠠᠭᠠᠨ ᠢ ᠠᠬᠢᠭᠤᠯᠪᠠ᠃ ᠪᠦᠷᠢᠯᠳᠦᠭᠦᠨ ᠨᠢᠭᠡᠴᠢ ᠶᠢᠨ ᠬᠢᠨ | ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ᠂ ᠠᠵᠤ ᠠᠬᠤᠶᠢᠯᠠᠯ ᠤᠨ | ᠠᠵᠢᠯ ᠢ ᠬᠠᠪᠰᠤᠷᠤᠨ ᠭᠦᠢᠴᠡᠳᠬᠡᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥ ᠶᠢᠨ ᠪᠣᠳᠣᠯᠭ᠎ᠠ᠂ ᠦᠢᠯᠡᠴᠢᠯᠡᠭᠡ᠂ ᠪᠠᠲᠤᠯᠠᠭ᠎ᠠ ᠬᠦᠷᠭᠡᠵᠦ᠂ ︽ | ᠨᠠᠮ ᠤᠨ ᠪᠠᠶᠢᠭᠤᠯᠤᠯᠲᠠ +︾ ᠶᠢᠨ ᠠᠴᠢᠶᠠᠯᠠᠪᠤᠷᠢ ᠶᠢ ᠦᠷᠭᠦᠯᠵᠢᠯᠡᠨ ᠥᠷᠭᠡᠳᠬᠡᠵᠦ᠂ ᠠᠵᠤ ᠠᠬᠤᠶᠢᠯᠠᠯ ᠪᠠ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠪᠡ᠃ ︽ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ | ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ | ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ 5 ᠲᠠᠯ᠎ᠠ ᠶᠢᠨ 15 | ᠵᠦᠢᠯ ᠤᠨ ᠪᠣᠳᠠᠲᠠᠢ ᠡᠭᠦᠷᠭᠡ ᠶᠢ ᠲᠣᠭᠲᠠᠭᠠᠵᠤ᠂ ᠠᠵᠢᠯ ᠤᠨ ᠭᠤᠣᠯᠳᠠᠯᠭᠠᠲᠤ ᠡᠭᠦᠷᠭᠡ ᠶᠢ ᠪᠣᠳᠠᠲᠠᠢ | ᠨᠠᠶᠢᠳᠠᠪᠤᠷᠢᠵᠢᠭᠤᠯᠬᠤ ᠶᠢ ᠠᠬᠢᠭᠤᠯᠪᠠ᠃ | ᠬᠤᠶᠠᠷ ᠢ ᠪᠦᠷᠬᠦᠭᠦᠯᠬᠦ ᠶᠢᠨ ᠲᠣᠭᠤᠷᠢᠨ ᠳᠤ ᠪᠣᠭᠤᠮᠲᠠ ᠰᠢᠪᠲᠤᠯᠬᠤ ᠠᠵᠢᠯᠯᠠᠭ᠎ᠠ ᠶᠢ ᠯᠠᠪᠳᠠᠭᠤᠨ | ᠢᠶᠠᠷ ᠥᠷᠨᠢᠭᠦᠯᠪᠡ᠃ ᠠᠯᠠᠱᠠ ᠵᠡᠭᠦᠨ ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠢ ᠠᠵᠢᠯ ᠤᠨ ᠡᠭᠦᠷᠭᠡ ᠲᠣᠳᠣᠷᠬᠠᠢ᠂ | ᠠᠵᠢᠯᠲᠠᠨ ᠠᠵᠢᠯᠴᠢᠨ ᠤ ᠡ᠊ᠩᠨᠡᠭᠡ ᠲᠣᠳᠣᠷᠬᠠᠢ᠂ ᠨᠠᠮ ᠤᠨ ᠭᠡᠰᠢᠭᠦᠨ ᠤ ᠡ᠊ᠩᠨᠡᠭᠡ ᠲᠣᠳᠣᠷᠬᠠᠢ᠂ ᠨᠠᠮ ᠤᠨ | ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ ᠪᠠᠶᠢᠳᠠᠯ ᠲᠣᠳᠣᠷᠬᠠᠢ᠂ ᠪᠡᠯᠡ ᠣᠷᠣᠭᠤᠯᠤᠭᠴᠢ ᠪᠠ ᠬᠠᠷᠢᠭᠤᠴᠠᠯᠭᠠᠲᠠᠨ ᠤ | ᠪᠠᠶᠢᠳᠠᠯ ᠲᠣᠳᠣᠷᠬᠠᠢ ᠵᠡᠷᠭᠡ ︽ᠲᠠᠪᠤᠨ ᠲᠣᠳᠣᠷᠬᠠᠢ ᠪᠠᠶᠢᠬᠤ︾ ᠶᠢ ᠪᠡᠶᠡᠯᠡᠭᠦᠯᠵᠦ᠂ ᠲᠦᠷᠭᠡᠨ ᠬᠦᠷᠭᠡᠬᠦ ᠠᠵᠤ | ᠠᠬᠤᠶᠢᠯᠠᠯ᠂ ᠭᠠᠳᠠᠭᠰᠢ ᠬᠤᠳᠠᠯᠳᠤᠬᠤ ᠲᠠᠪᠴᠠᠩ ᠤᠨ ᠠᠵᠤ ᠠᠬᠤᠶᠢᠯᠠᠯ ᠪᠠ ᠭᠤᠣᠯᠳᠠᠯᠭ᠎ᠠ ᠲᠠᠢ ᠢᠨᠲ᠋ᠧᠷ | ᠰᠦᠯᠵᠢᠶᠡᠨ ᠤ ᠠᠵᠤ ᠠᠬᠤᠶᠢᠯᠠᠯ ᠤᠨ ᠠᠵᠢᠯᠯᠠᠭᠠᠨ ᠵᠢᠴᠢ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠶᠢᠨ ᠪᠠᠶᠢᠳᠠᠯ ᠢ ᠪᠦᠭᠦ ᠲᠠᠯ᠎ᠠ ᠪᠠᠷ ᠡᠵᠡᠮᠰᠢᠨ᠂ ︽ᠵᠣᠬᠢᠶᠠᠨ ᠪᠠᠶᠢᠭᠤᠯᠤᠯᠲᠠ ᠠᠴᠠ ᠨᠠᠮ ᠤᠨ | ᠭᠡᠰᠢᠭᠦᠨ ᠢ ᠡᠷᠢᠵᠦ᠂ ᠨᠠᠮ ᠤᠨ ᠭᠡᠰᠢᠭᠦᠨ ᠵᠣᠬᠢᠶᠠᠨ ᠪᠠᠶᠢᠭᠤᠯᠤᠯᠲᠠ ᠪᠠᠨ ᠡᠷᠢᠬᠦ︾ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠤ ᠡ᠊ᠩᠨᠡᠭᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠤᠨ᠂ | ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠬᠤ ᠶᠣᠰᠣᠲᠠᠢ ᠶᠢ ᠨᠢ ᠴᠥᠮ ᠪᠠᠶᠢᠭᠤᠯᠬᠤ ᠶᠢ ᠠᠬᠢᠭᠤᠯᠪᠠ᠃ ︽ | ᠲᠤᠰᠠᠭᠠᠷ ᠪᠠᠶᠢᠭᠤᠯᠵᠤ ᠬᠠᠮᠲᠤᠷᠠᠨ ᠪᠠᠶᠢᠭᠤᠯᠬᠤ︾᠂ ︽ᠠᠵᠢᠯ ᠲᠥᠷᠥᠯ ᠤᠨ ᠣᠷᠣᠨ ᠪᠦᠰᠡ︾᠂ ︽ᠪᠣᠳᠠᠲᠤ | ᠴᠣᠭᠴᠠ ᠶᠢᠨ ᠴᠢᠳᠠᠮᠵᠢ︾ ᠵᠡᠷᠭᠡ ᠭᠡᠯᠪᠡᠷᠢ ᠪᠠᠷ ᠳᠠᠮᠵᠢᠭᠤᠯᠤᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢ ᠰᠢᠨ᠎ᠡ ᠪᠠᠷ 1 | ᠪᠠᠶᠢᠭᠤᠯᠵᠤ᠂ 6 ᠨᠠᠮ ᠤᠨ ᠡᠭᠦᠷ ᠤᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ ᠵᠢᠯᠣᠭᠤᠳᠪᠠ᠃ | ᠤᠯᠤᠰ ᠲᠦᠷᠦ ᠶᠢᠨ ᠬᠡᠪ ᠴᠢᠨᠠᠷ ᠢᠶᠠᠷ ᠰᠠᠶᠢᠨ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ | ᠴᠢᠳᠠᠪᠤᠷᠢ ᠴᠢᠩᠭ᠎ᠠ 83 ᠨᠥᠬᠦᠳ ᠢ ᠰᠣᠩᠭᠤᠨ ᠲᠣᠮᠢᠯᠠᠵᠤ ᠨᠠᠮ ᠤᠨ ᠪᠠᠶᠢᠭᠤᠯᠤᠯᠲᠠ ᠶᠢᠨ 25 ᠵᠢᠯᠤᠭᠤᠳᠬᠤ | ᠳᠤᠭᠤᠶᠢᠯᠠᠩ ᠢ ᠪᠦᠷᠢᠯᠳᠦᠭᠦᠯᠵᠦ᠂ ᠨᠠᠮ ᠤᠨ ᠠᠵᠢᠯ ᠢ ᠪᠦᠭᠦ ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠪᠡ᠃ | ᠬᠠᠶᠢᠷ᠎ᠠ ᠬᠠᠯᠠᠮᠵᠢ ᠶᠢᠨ ᠦᠢᠯᠡᠴᠢᠯᠡᠭᠡ ᠶᠢ ᠪᠣᠳᠠᠲᠠᠢ ᠰᠠᠶᠢᠲᠤᠷ ᠥᠷᠨᠢᠭᠦᠯᠪᠡ᠃ ᠠᠯᠠᠱᠠ ᠵᠡᠭᠦᠨ | ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ | ᠵᠣᠬᠢᠶᠠᠨ ᠪᠠᠶᠢᠭᠤᠯᠤᠯᠲᠠ ᠨᠢ ᠰᠢᠨ᠎ᠡ ᠠᠵᠢᠯ ᠳᠦᠷᠦᠯ᠂ ᠰᠢᠨ᠎ᠡ ᠠᠵᠢᠯ ᠣᠯᠣᠭᠰᠠᠳ ᠢ ᠬᠠᠯᠠᠮᠵᠢᠯᠠᠨ ᠬᠠᠶᠢᠷᠠᠯᠠᠬᠤ ᠶᠢ | ᠴᠢᠩᠭᠠᠳᠬᠠᠵᠤ᠂ ᠰᠢᠨ᠎ᠡ ᠠᠵᠢᠯ ᠳᠦᠷᠦᠯ᠂ ᠰᠢᠨ᠎ᠡ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠪᠠ | ᠭᠡᠷ ᠤᠨ ᠭᠠᠳᠠᠨ᠎ᠠ ᠬᠥᠳᠡᠯᠮᠦᠷᠢᠯᠡᠵᠦ ᠪᠠᠶᠢᠭ᠎ᠠ ᠬᠥᠮᠥᠰ ᠤᠨ ᠥᠷᠲᠡᠭᠡ ᠶᠢ ᠪᠠᠶᠢᠭᠤᠯᠤᠨ᠂ ᠰᠡᠯᠡᠭᠦᠴᠡᠯ ᠤᠨ ᠪᠠᠭᠠᠷ᠂ | ᠤᠩᠰᠢᠯᠭ᠎ᠠ ᠶᠢᠨ ᠮᠠᠰᠢᠨ᠂ AI ᠣᠶᠤᠨᠴᠢ ᠳᠡᠯᠭᠡᠴᠡ ᠵᠡᠷᠭᠡ ᠡᠳ᠋ ᠪᠣᠳᠠᠰ ᠪᠠ ᠲᠥᠬᠦᠭᠡᠷᠦᠮᠵᠢ ᠶᠢ ᠲᠣᠬᠢᠷᠠᠭᠤᠯᠤᠨ᠂ | ᠲᠦᠷᠭᠡᠨ ᠬᠦᠷᠭᠡᠭᠴᠢ ᠵᠡᠷᠭᠡ ᠰᠢᠨ᠎ᠡ ᠪᠠᠷ ᠠᠵᠢᠯ ᠣᠯᠣᠭᠰᠠᠨ ᠬᠥᠮᠥᠰ ᠲᠤ ︽ᠤᠮᠳᠠᠭᠠᠰᠪᠠᠯ ᠤᠤᠭᠤᠬᠤ ᠤᠰᠤ ᠲᠠᠢ᠂ | ᠶᠠᠳᠠᠷᠠᠪᠠᠯ ᠠᠮᠠᠷᠠᠬᠤ ᠲᠠᠯᠠᠪᠤᠷ ᠲᠠᠢ᠂ ᠬᠠᠯᠠᠪᠠᠯ ᠰᠡᠷᠢᠭᠦᠴᠡᠬᠦ ᠭᠠᠵᠠᠷ ᠲᠠᠢ︾ ᠪᠠᠶᠢᠬᠤ ᠶᠢ ᠪᠠᠲᠤᠯᠠᠭᠰᠠᠨ ᠪᠥᠭᠡᠳ | ᠰᠢᠨ᠎ᠡ ᠪᠠᠷ ᠠᠵᠢᠯ ᠣᠯᠣᠭᠰᠠᠨ ᠬᠥᠮᠥᠰ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠤ | ᠵᠠᠰᠠᠯᠲᠠ ᠳᠤ ᠦᠢᠯᠡᠳᠦᠯ ᠢ ᠨᠢ ᠪᠠᠳᠠᠷᠠᠭᠤᠯᠪᠠ᠃ ᠸᠠᠩ ᠤᠨ ᠤᠡᠭᠭᠤᠠ ᠴᠡᠴᠡᠷᠯᠢᠭ᠂ ᠨᠠᠮ ᠪᠠ ᠣᠯᠠᠨ ᠲᠦᠮᠡᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠡᠯ᠎ᠡ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠥᠷᠲᠡᠭᠡ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠢᠵᠢᠭ ᠮᠣᠳᠣᠨ ᠭᠡᠷ ᠵᠡᠷᠭᠡ | ᠭᠠᠵᠠᠷ ᠲᠤ 23 ᠦᠢᠯᠡᠴᠢᠯᠡᠭᠡᠨ ᠤ ᠭᠡᠷ ᠲᠣᠬᠢᠷᠠᠭᠤᠯᠵᠤ᠂ ᠨᠠᠩ ᠣᠯᠠᠨ ᠭᠡᠷ ᠤᠨ ᠭᠠᠳᠠᠨᠠᠬᠢ ᠬᠥᠳᠡᠯᠮᠦᠷᠢᠴᠢᠳ ᠲᠤ | ︽ᠲᠥᠷᠬᠦᠮ ᠤᠨ ᠬᠥᠮᠥᠰ︾ ᠤᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ | ᠣᠨᠴᠠᠯᠢᠭᠲᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠪᠡ᠃ ᠠᠯᠠᠱᠠ ᠵᠡᠭᠦᠨ | ᠬᠤᠰᠢᠭᠤᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠠᠭᠤᠰᠤᠯᠴᠠᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ | ᠨᠠᠮ ᠤᠨ ᠪᠠᠶᠢᠭᠤᠯᠤᠯᠲᠠ+︾ ᠪᠠᠷ ᠭᠠᠷᠳᠠᠴᠠ ᠪᠣᠯᠭᠠᠨ᠂ ︽ᠨᠢᠭᠡ ᠠᠵᠤ ᠠᠬᠤᠶᠢᠯᠠᠯ ᠨᠢᠭᠡ ᠨᠡᠶᠢᠭᠡᠮ ᠨᠢᠭᠡ ᠨᠡᠷ᠎ᠡ | ᠲᠡᠮᠳᠡᠭ︾ ᠪᠣᠶᠢᠵᠢᠭᠤᠯᠬᠤ ᠲᠥᠯᠥᠪᠯᠡᠭᠡ ᠶᠣᠰᠣᠭᠠᠷ᠂ ᠠᠯᠠᠱᠠ ᠠᠶᠢᠮᠠᠭ ᠤᠨ ᠱᠧᠩ ᠬᠤᠶ ᠡᠨᠧᠷᠭᠢ ᠶᠢᠨ | ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠨᠠᠮ ᠤᠨ ᠡᠭᠦᠷ ᠪᠠ ᠥᠪᠥᠷ ᠮᠣᠩᠭᠤᠯ ᠤᠨ ᠮᠧᠩ | ᠶᠤᠸᠠᠢ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠨᠠᠮ ᠤᠨ ᠡᠭᠦᠷ ᠨᠢ ᠨᠠᠮ ᠤᠨ ᠪᠠᠶᠢᠭᠤᠯᠤᠯᠲᠠ ᠪᠠᠷ ᠭᠡᠷᠡᠯᠴᠢ | ᠴᠡᠨᠡᠭ ᠢᠶᠠᠷ ᠡᠯᠡᠰᠦ ᠶᠢ ᠵᠠᠰᠠᠵᠤ ᠵᠡᠮᠳᠡᠭᠴᠦᠳ ᠢ ᠬᠠᠪᠰᠤᠷᠬᠤ ᠶᠢ ᠳᠠᠶᠢᠴᠢᠯᠠᠠ ᠳᠠᠭᠠᠭᠤᠯᠤᠭᠰᠠᠨ ᠪᠠᠶᠢᠨ᠎ᠠ᠃ | | |