| ● ᠡᠷᠳᠡᠨᠢᠠ᠋ᠭᠤᠯᠠ ᠴᠢᠮᠡᠭᠡᠯᠡᠭᠴᠢ ᠡᠷᠳᠡᠨᠢᠬᠦᠦ᠂ ᠳ᠋ᠠᠷᠰᠢ | ᠣᠶᠢᠷ᠎ᠠ ᠶᠢᠨ ᠡᠳᠦᠷ᠂ ᠬᠤᠶᠠᠷᠬᠤᠳᠳᠤᠭ ᠤᠨ ᠬᠥᠳᠡᠭᠡ ᠶᠢᠨ ᠰᠤᠷᠭᠠᠭᠤᠯᠢ ᠶᠢᠨ ᠬᠦᠷᠢᠶᠡᠨ ᠳᠠᠬᠢ | ᠮᠣᠩᠭᠤᠯ ᠭᠡᠷ ᠲᠤ ᠬᠥᠭᠵᠢᠶᠡᠨ ᠨᠠᠷᠭᠢᠶᠠᠨ ᠪᠢᠯᠬᠠᠵᠤ᠂ ᠪᠠᠶᠢᠨ ᠪᠠᠶᠢᠨ ᠨᠢᠵᠢᠭᠢᠨᠡᠲᠡᠯ᠎ᠡ ᠠᠯᠠᠭ᠎ᠠ ᠲᠠᠰᠢᠬᠤ ᠳᠠᠭᠤᠨ | ᠴᠤᠤᠷᠢᠶᠠᠲᠤᠨ᠎ᠠ᠃ ᠡ᠊ᠨᠳᠡ ᠲᠣᠰ ᠰᠤᠷᠭᠠᠭᠤᠯᠢ ᠶᠢᠨ ᠶᠢᠰᠦᠳᠡᠬᠢ ᠤᠳᠠᠭᠠᠨ ᠤ ︽ᠭᠤᠷᠪᠠᠨᠰᠠᠶᠢᠬᠠᠨ ᠤ ᠪᠠᠷ᠎ᠠ︾ | ᠥᠯᠢᠭᠡᠷ ᠤᠨ ᠤᠷᠤᠯᠳᠤᠭᠠᠨ ᠤᠴᠢᠷᠲᠠᠢ ᠰᠠᠶᠢᠬᠠᠨ ᠶᠠᠪᠤᠭᠳᠠᠵᠤ ᠪᠠᠶᠢᠯ᠎ᠠ᠃ ︽ᠭᠤᠷᠪᠠᠨᠰᠠᠶᠢᠬᠠᠨ ᠤ ᠪᠠᠷ᠎ᠠ︾ | ᠥᠯᠢᠭᠡᠷ ᠤᠨ ᠤᠷᠤᠯᠳᠤᠭᠠᠨ ᠢ 2016 ᠣᠨ ᠳᠤ ᠡᠭᠦᠰᠬᠡᠨ ᠪᠠᠶᠢᠭᠤᠯᠵᠤ᠂ ᠵᠢᠯ ᠪᠦᠷᠢ ᠨᠢᠭᠡ ᠤᠳᠠᠭ᠎ᠠ ᠡᠷᠭᠢᠯᠡᠨ | ᠶᠠᠪᠤᠭᠤᠯᠳᠠᠭ᠃ ᠭᠤᠷᠪᠠᠳᠠᠭᠢ ᠤᠳᠠᠭ᠎ᠠ ᠠᠴᠠ 1999 ᠣᠨ ᠳᠤ ᠲᠣᠰ ᠰᠤᠷᠭᠠᠭᠤᠯᠢ ᠠᠴᠠ ᠲᠡᠭᠦᠰᠦᠭᠰᠡᠨ | ᠰᠣᠷᠣᠬᠴᠢᠳ ᠠᠴᠠ ᠡᠬᠡ ᠰᠤᠷᠭᠠᠭᠤᠯᠢ ᠳᠠᠭᠠᠨ ᠪᠠᠭ᠎ᠠ ᠴᠤ ᠭᠡᠰᠡᠨ ᠬᠦᠴᠦᠨ ᠢᠶᠠᠨ ᠬᠠᠨᠳᠢᠪᠯᠡᠬᠤ ᠵᠣᠷᠢᠯᠭ᠎ᠠ ᠪᠠᠷ ᠵᠢᠯ | ᠪᠦᠷᠢ ᠱᠠᠩᠨᠠᠯ ᠬᠥᠬᠢᠭᠦᠯᠦᠯ ᠢ ᠨᠢ ᠳᠠᠭᠠᠭᠠᠴᠢᠯᠠᠬᠤ ᠪᠣᠯᠵᠠᠢ᠃ | ᠥᠯᠢᠭᠡᠷ ᠤᠨ ᠤᠷᠤᠯᠳᠤᠭᠠᠨ ᠢ ᠳᠥᠷᠪᠡᠨ ᠳᠤᠭᠤᠶᠢᠯᠠᠩ ᠬᠤᠪᠢᠶᠠᠨ ᠤᠷᠤᠯᠳᠤᠭᠤᠯᠵᠠᠢ᠃ | ᠬᠡᠦᠬᠡᠳ ᠤᠳ ︽ᠬᠤᠳᠠᠯᠴᠢ ᠬᠦᠦ︾᠂ ︽ᠪᠠᠷᠰ ᠣᠨᠣᠭᠰᠠᠨ ᠬᠤᠯᠠᠭᠠᠶᠢᠴᠢ︾᠂ ︽ᠡᠯᠵᠢᠭᠡᠨ ᠴᠢᠬᠢᠲᠡᠢ ᠬᠠᠭᠠᠨ︾ | ᠵᠡᠷᠭᠡ ᠤᠯᠠᠨ ᠰᠠᠶᠢᠬᠠᠨ ᠠᠮᠠᠨ ᠥᠯᠢᠭᠡᠷ ᠢ ᠤᠷᠮᠠᠲᠠᠢ ᠰᠠᠶᠢᠬᠠᠨ ᠳᠦᠷᠰᠦᠯᠢᠭ ᠶᠠᠷᠢᠵᠤ᠂ ᠦᠵᠡᠭᠴᠢᠳ | ᠰᠣᠨᠣᠰᠤᠭᠴᠢᠳ ᠤᠨ ᠢᠶᠠᠨ ᠰᠣᠨᠣᠷ ᠢ ᠪᠠᠶᠠᠰᠬᠠᠭᠰᠠᠨ ᠪᠠᠶᠢᠨ᠎ᠠ᠃ ᠤᠷᠤᠯᠳᠤᠭᠠᠨ ᠤ ᠳ᠋ᠦᠩ ᠳᠤ ᠨᠢᠭᠡ ᠬᠤᠶᠠᠳᠤᠭᠠᠷ | ᠣᠨ ᠤ ᠳᠤᠭᠤᠶᠢᠯᠠᠩ ᠳᠤ ᠷᠠᠰᠢᠶᠠᠨ᠂ ᠭᠤᠷᠪᠠ ᠳᠥᠷᠪᠡᠳᠦᠭᠡᠷ ᠣᠨ ᠤ ᠳᠤᠭᠤᠶᠢᠯᠠᠩ ᠳᠤ ᠬᠤᠯᠠᠨ᠂ ᠲᠠᠪᠤ | ᠵᠢᠷᠭᠤᠳᠤᠭᠠᠷ ᠣᠨ ᠤ ᠳᠤᠭᠤᠶᠢᠯᠠᠩ ᠳᠤ ᠴᠢᠨᠳᠠᠮᠤᠨᠢ᠂ ᠨᠠᠢᠮᠠᠳᠤᠭᠠᠷ ᠣᠨ ᠤ ᠳᠤᠭᠤᠶᠢᠯᠠᠩ ᠳᠤ ᠵᠤᠤ ᠰᠢᠨ ᠶᠠᠨ | ᠲᠣᠰ ᠲᠣᠰ ᠲᠡᠷᠢᠭᠦᠯᠡᠵᠡᠢ᠃ ᠲᠤᠰ ᠤᠳᠠᠭᠠᠨ ᠤ ᠤᠷᠤᠯᠳᠤᠭᠠᠨ ᠢ ᠳᠠᠭᠠᠭᠠᠴᠢᠯᠠᠨ ᠡᠷᠭᠢᠯᠡᠭᠰᠡᠨ ᠪᠠᠭᠰᠢ ᠨᠠᠷᠠᠨᠬᠦᠦ᠄ | ︽ᠪᠠᠭᠰᠢ᠂ ᠬᠡᠦᠬᠡᠳ᠂ ᠭᠡᠷ ᠤᠨ ᠠᠬᠠᠮᠠᠳ ᠴᠥᠮ ᠢᠳᠡᠪᠬᠢᠲᠡᠢ ᠣᠷᠣᠯᠴᠠᠵᠤ ᠡᠨᠡ ᠤᠳᠠᠭᠠᠨ ᠤ ᠤᠷᠤᠯᠳᠤᠭᠠᠨ ᠢ | ᠮᠠᠰᠢ ᠠᠮᠵᠢᠯᠲᠠ ᠲᠠᠢ ᠵᠣᠬᠢᠶᠠᠨ ᠪᠠᠶᠢᠭᠤᠯᠤᠯ᠎ᠠ᠃ ᠶᠡᠷᠦᠨᠢ ᠥᠯᠢᠭᠡᠷ ᠶᠠᠷᠢᠬᠤ ᠤᠷᠤᠯᠳᠤᠭᠠᠨ ᠨᠢ ᠬᠡᠦᠬᠡᠳ ᠤᠨ | ᠦᠭᠡᠰ ᠤᠨ ᠰᠠᠩ ᠢ ᠪᠠᠶᠠᠯᠢᠭᠵᠢᠭᠤᠯᠵᠤ᠂ ᠶᠠᠷᠢᠵᠤ ᠢᠯᠡᠳᠬᠡᠬᠦ ᠴᠢᠳᠠᠪᠤᠷᠢ ᠶᠢ ᠳᠡᠭᠡᠭᠰᠢᠯᠡᠭᠦᠯᠳᠡᠭ᠃ ᠤᠷᠤᠯᠳᠤᠭᠠᠨ ᠢ | ᠭᠡᠷ ᠤᠨ ᠠᠬᠠᠮᠠᠳ᠂ ᠨᠡᠶᠢᠭᠡᠮ ᠠᠴᠠ ᠳᠡᠮᠵᠢᠨ ᠲᠡᠳᠬᠦᠭᠰᠡᠨ ᠢᠶᠠᠷ ᠵᠢᠯ ᠪᠣᠯᠭᠠᠨ ᠲᠠᠰᠤᠷᠠᠯᠲᠠ ᠦᠭᠡᠢ ᠡᠷᠭᠢᠯᠡᠭᠰᠡᠭᠡᠷ | ᠢᠷᠡᠪᠡ᠃ ᠡᠲᠡᠭᠡᠷ ᠬᠥᠮᠥᠰ ᠲᠡᠭᠡᠨ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︾ ᠭᠡᠯᠡ᠃ | | ᠤᠷᠤᠯᠳᠤᠭᠠᠨ ᠢ ᠬᠠᠨᠳᠢᠪᠯᠡᠨ ᠳᠡᠮᠵᠢᠭᠴᠢᠳ ᠤᠨ ᠲᠥᠯᠥᠭᠡᠯᠡᠭᠴᠢ ᠠᠴᠠ ᠡᠨᠡ ᠤᠳᠠᠭᠠᠨ ᠤ | ᠤᠷᠤᠯᠳᠤᠭᠠᠨ ᠤ ᠲᠤᠬᠠᠢ ᠶᠠᠷᠢᠬᠤ ᠳᠠᠭᠠᠨ᠄ ︽ᠶᠡᠷᠦᠨᠢ ᠠᠬᠠᠮᠠᠳ ᠬᠥᠮᠥᠰ ᠪᠢᠳᠡᠨ ᠢ ᠰᠤᠷᠭᠠᠬᠤ ᠳᠤ ᠢᠩᠭᠢᠵᠦ ᠬᠢ᠂ | ᠲᠡᠭᠡᠵᠦ ᠬᠢ ᠭᠡᠬᠦ ᠠᠴᠠ ᠢᠯᠡᠭᠦᠦ ᠵᠦᠢᠷ ᠰᠡᠴᠡᠨ ᠦᠭᠡ᠂ ᠥᠯᠢᠭᠡᠷ ᠲᠣᠮᠤᠭ ᠢᠶᠠᠷ ᠳᠠᠮᠵᠢᠭᠤᠯᠵᠤ ᠰᠡᠳᠬᠢᠬᠦᠢ ᠶᠢ | ᠬᠥᠭᠵᠢᠭᠦᠯᠵᠦ᠂ ᠠᠮᠢᠳᠤᠷᠠᠯ ᠤᠨ ᠪᠦᠭᠦᠶᠢᠯᠡ ᠤᠴᠢᠷ ᠶᠣᠰᠣᠨ ᠤ ᠲᠤᠬᠠᠢ ᠣᠶᠢᠯᠠᠭᠠᠵᠤ ᠲᠠᠨᠢᠭᠤᠯᠤᠨ᠂ ᠥᠪ | ᠰᠣᠶᠣᠯ ᠢᠶᠠᠨ ᠤᠯᠠᠮᠵᠢᠯᠠᠭᠤᠯᠤᠨ ᠲᠠᠨᠢᠭᠤᠯᠳᠠᠭ᠃ ᠢᠮᠦ ᠠᠴᠠ ᠦᠭᠡ ᠪᠠᠷ ᠰᠤᠷᠭᠠᠬᠤ ᠪᠠᠷ ᠢᠶᠠᠨ ᠦᠯᠢᠭᠡᠷᠯᠡᠵᠦ | ᠰᠤᠷᠭ᠎ᠠ ᠭᠡᠳᠡᠭ ᠤᠯᠠᠮᠵᠢᠯᠠᠯᠲᠤ ᠬᠥᠮᠦᠵᠢᠯ ᠤᠨ ᠠᠷᠭ᠎ᠠ ᠮᠠᠶ᠋ᠢᠭ ᠢ ᠲᠠᠨᠢᠭᠤᠯᠵᠤ ᠮᠡᠳᠡᠭᠦᠯᠬᠦ ᠵᠣᠷᠢᠯᠭ᠎ᠠ ᠲᠠᠢ ᠶᠤᠮ︾ | ᠭᠡᠯᠡ᠃ | ᠲᠤᠬᠠᠢ ᠶᠢᠨ ᠲᠠᠯᠠᠪᠤᠷ ᠲᠤ᠂ ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠠᠵᠢᠯᠲᠠᠳ | ᠠᠴᠠ ᠵᠠᠰᠠᠭ ᠤᠨ ᠣᠷᠳᠣᠨ ᠤ ᠮᠣᠩᠭᠤᠯ ᠰᠦᠯᠵᠢᠶᠡᠨ ᠤ ᠲᠤᠬᠠᠢ ᠲᠠᠨᠢᠯᠴᠠᠭᠤᠯᠤᠨ ᠤᠬᠠᠭᠤᠯᠤᠭᠰᠠᠨ ᠪᠠᠶᠢᠨ᠎ᠠ᠃ | |