ᠨᠠᠷᠠᠨ᠎ᠠ᠂ ᠡᠷᠳᠡᠨᠢᠬᠦᠦ᠂ ᠮᠠ ᠰᠢᠶᠣᠣ ᠲᠠᠩ | | ᠪᠠᠶᠠᠨᠬᠤᠲᠠ ᠶᠢᠨ ᠮᠡᠳᠡᠭᠡ ᠣᠶᠢᠷ᠎ᠠ ᠳᠤ᠂ ᠠᠯᠠᠱᠠ ᠶᠢᠨ ᠾᠧ ᠮᠦ ᠲᠠᠷᠢᠶᠠᠯᠠᠩ ᠮᠠᠯ ᠠᠵᠤ | ᠠᠬᠤᠢ ᠶᠢᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠡᠷᠬᠡᠬᠠᠰᠢᠬ᠎ᠠ ᠶᠢᠨ ᠳᠠᠯᠠᠨ ᠬᠠᠯᠢᠰᠤ ᠶᠢᠨ ᠡᠪᠡᠰᠦᠨ | ᠮᠥᠬᠦᠯᠢᠭ ᠤᠨ ᠦᠢᠯᠡᠳᠪᠦᠷᠢ ᠠᠵᠢᠯ ᠢᠶᠠᠨ ᠵᠢᠩᠬᠢᠨᠢ ᠪᠠᠷ ᠡᠬᠢᠯᠡᠭᠦᠯᠵᠦ ᠠᠰᠢᠭᠯᠠᠯᠲᠠ ᠳᠤ ᠣᠷᠣᠵᠠᠢ᠃ ᠡᠨᠡ ᠨᠢ | ᠠᠯᠠᠱᠠ ᠵᠡᠭᠦᠨ ᠬᠤᠰᠢᠭᠤᠨ ᠤ ᠡᠷᠬᠡᠬᠠᠰᠢᠬ᠎ᠠ ᠰᠤᠮᠤ ᠶᠢᠨ ︽ᠳᠠᠯᠠᠨ ᠬᠠᠯᠢᠰᠤ ᠳᠠᠷᠢᠬᠤ - ᠡᠪᠡᠰᠦ ᠪᠣᠷᠳᠤᠭ᠎ᠠ | ᠡᠳ᠋ᠰᠢᠭᠦᠯᠬᠦ - ᠮᠠᠯ ᠢ ᠲᠡᠵᠢᠭᠡᠨ ᠦᠷᠡᠵᠢᠭᠦᠯᠬᠦ︾ ᠰᠢᠰᠲ᠋ᠧᠮ ᠤᠯᠠᠮ ᠨᠢᠭᠡ ᠠᠯᠬᠤᠮ ᠲᠡᠭᠦᠯᠳᠡᠷᠵᠢᠭᠰᠡᠨ ᠢ | ᠬᠠᠷᠠᠭᠤᠯᠵᠤ ᠪᠠᠶᠢᠨ᠎ᠠ᠃ | ᠡᠷᠬᠡᠬᠠᠰᠢᠬ᠎ᠠ ᠶᠢᠨ ᠳᠠᠯᠠᠨ ᠬᠠᠯᠢᠰᠤ ᠶᠢᠨ ᠡᠪᠡᠰᠦᠨ ᠮᠥᠬᠦᠯᠢᠭ ᠤᠨ ᠦᠢᠯᠡᠳᠪᠦᠷᠢ ᠳᠤ ᠣᠷᠣᠬᠤ ᠳᠤ᠂ | ᠮᠠᠰᠢᠨ ᠮᠧᠬᠠᠨᠢᠭ ᠬᠦᠷᠴᠢᠭᠢᠨᠡᠨ ᠳᠠᠯᠠᠨ ᠬᠠᠯᠢᠰᠤ ᠶᠢᠨ ᠮᠥᠴᠢᠷ ᠢ ᠰᠢᠮ᠎ᠡ ᠲᠡᠵᠢᠭᠡᠯᠲᠦ ᠪᠣᠳᠠᠰ ᠲᠠᠢ ᠵᠢᠭᠤᠷᠠᠵᠤ | ᠨᠤᠨᠳᠠᠭ ᠪᠣᠯᠭᠠᠭᠠᠳ ᠳᠠᠮᠵᠢᠭᠤᠯᠬᠤ ᠪᠦᠰᠡᠨ ᠳᠤ ᠬᠢᠵᠦ ᠮᠥᠬᠦᠯᠢᠭ ᠪᠣᠯᠭᠠᠨ ᠭᠠᠷᠭᠠᠵᠤ ᠪᠣᠭᠤᠳᠠᠯᠯᠠᠨ᠎ᠠ᠃ | ᠦᠢᠯᠡᠳᠪᠦᠷᠢ ᠠᠵᠢᠯ ᠢᠶᠠᠨ ᠡᠬᠢᠯᠡᠭᠦᠯᠦᠭᠰᠡᠨ ᠡᠬᠢᠨ ᠤ ᠡᠳᠦᠷ ᠲᠤ ᠮᠠᠯᠴᠢᠳ ᠳᠠᠯᠠᠨ ᠬᠠᠯᠢᠰᠤ ᠶᠢᠨ ᠡᠪᠡᠰᠦᠨ | ᠮᠥᠬᠦᠯᠢᠭ ᠬᠤᠳᠠᠯᠳᠤᠨ ᠠᠪᠬᠤ ᠪᠠᠷ ᠢᠷᠡᠵᠡᠭᠡᠭᠰᠡᠨ ᠪᠠᠶᠢᠯ᠎ᠠ᠃ ᠡᠷᠬᠡᠬᠠᠰᠢᠬ᠎ᠠ ᠰᠤᠮᠤᠨ ᠤ ᠰᠢᠷᠠᠬᠤᠯᠣᠰᠣ | ᠭᠠᠴᠠᠭᠠᠨ ᠤ ᠮᠠᠯᠴᠢᠨ ᠬᠠᠳᠠ᠄ ︽ᠳᠠᠯᠠᠨ ᠬᠠᠯᠢᠰᠤ ᠶᠢᠨ ᠡᠪᠡᠰᠦᠨ ᠮᠥᠬᠦᠯᠢᠭ ᠤᠨ ᠦᠢᠯᠡᠳᠪᠦᠷᠢ ᠶᠢᠨ ᠪᠦᠲᠦᠭᠡᠨ | ᠪᠠᠶᠢᠭᠤᠯᠤᠯᠲᠠ ᠨᠢ ᠮᠠᠯᠴᠢᠳ ᠤᠨ ᠡᠪᠡᠰᠦ ᠪᠣᠷᠳᠤᠭ᠎ᠠ ᠬᠤᠳᠠᠯᠳᠤᠨ ᠠᠪᠬᠤ ᠵᠥᠭᠡᠭᠡᠪᠦᠷᠢ ᠶᠢᠨ ᠵᠠᠢ ᠶᠢ ᠣᠶᠢᠷ᠎ᠠ | ᠪᠤᠯᠭᠠᠵᠣ᠂ ᠥᠪᠡᠷ ᠤᠨ ᠥᠷᠲᠡᠭ ᠢ ᠶᠡᠭᠡ ᠪᠠᠷ ᠠᠷᠪᠢᠯᠠᠵᠠᠢ᠂ ᠬᠤᠶᠢᠰᠢᠳᠠ ᠦᠢᠯᠡᠳᠪᠦᠷᠢ ᠨᠢ ᠮᠠᠯᠴᠢᠳ ᠠᠴᠠ ᠳᠠᠯᠠᠨ | ᠬᠠᠯᠢᠰᠤ ᠬᠤᠳᠠᠯᠳᠤᠨ ᠠᠪᠤᠪᠠᠯ ᠮᠠᠯᠴᠢᠳ ᠤᠨ ᠣᠷᠣᠯᠭ᠎ᠠ ᠶᠢ ᠪᠠᠰᠠ ᠨᠡᠮᠡᠭᠳᠡᠭᠦᠯᠬᠦ ᠪᠣᠯᠣᠨ᠎ᠠ︾ ᠭᠡᠵᠦ ᠶᠠᠷᠢᠨ᠎ᠠ᠃ | ᠡᠷᠬᠡᠬᠠᠰᠢᠬ᠎ᠠ ᠰᠤᠮᠤ ᠨᠢ ᠠᠯᠠᠱᠠ ᠵᠡᠭᠦᠨ ᠬᠤᠰᠢᠭᠤᠨ ᠤ ᠪᠠᠷᠠᠭᠤᠨ ᠡᠮᠦᠨᠡᠲᠦ ᠬᠡᠰᠡᠭ ᠤᠨ ᠲᠡᠭᠷᠢ | ᠡᠯᠡᠰᠦᠨ ᠳᠤ ᠪᠠᠶᠢᠷᠢᠯᠠᠵᠤ᠂ ᠳᠣᠵᠢ ᠳᠠᠭᠠᠨ ᠭᠠᠩ ᠬᠠᠭᠰᠠᠷᠠᠭᠠᠨ ᠲᠠᠢ ᠤᠴᠢᠷ ᠠᠴᠠ ᠠᠮᠢ ᠠᠬᠤᠢ ᠶᠢᠨ ᠣᠷᠴᠢᠨ | ᠲᠣᠭᠤᠷᠢᠨ ᠬᠡᠪᠡᠷᠡᠭ ᠪᠠᠶᠢᠳᠠᠭ᠃ ᠡᠯᠡᠰᠦᠷᠬᠡᠭᠵᠢᠯ ᠢ ᠰᠠᠶᠢᠵᠢᠷᠠᠭᠤᠯᠬᠤ ᠶᠢᠨ ᠲᠥᠯᠥᠭᠡ᠂ ᠣᠶᠢᠷ᠎ᠠ ᠶᠢᠨ ᠵᠢᠯ ᠳᠤ᠂ | ᠡᠷᠬᠡᠬᠠᠰᠢᠬ᠎ᠠ ᠰᠤᠮᠤ ᠪᠠᠶᠢᠭᠠᠯᠢ ᠶᠢᠨ ᠤᠢ ᠶᠢ ᠬᠠᠮᠠᠭᠠᠯᠠᠬᠤ᠂ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ᠂ | ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠮᠠᠭᠤᠳᠠᠭᠰᠠᠨ ᠨᠤᠲᠤᠭ ᠪᠡᠯᠴᠢᠭᠡᠷ ᠤᠨ ᠠᠮᠢ | ᠠᠬᠤᠢ ᠶᠢ ᠰᠡᠷᠭᠦᠭᠡᠨ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠭᠤᠯᠵᠤ᠂ | ᠬᠥᠮᠥᠨ ᠤ ᠬᠦᠴᠦ ᠪᠠᠷ ᠣᠶᠢᠵᠢᠭᠤᠯᠵᠤ ᠳᠠᠷᠢᠭᠰᠠᠨ ᠳᠠᠯᠠᠨ ᠬᠠᠯᠢᠰᠤ ᠶᠢᠨ ᠲᠠᠯᠠᠪᠠᠢ 116.61 ᠲᠦᠮᠡᠨ ᠮᠦ ᠳᠤ | ᠬᠦᠷᠴᠦ᠂ ︽ᠵᠠᠭᠤᠨ ᠲᠦᠮᠡᠨ ᠮᠦ︾ ᠶᠢᠨ ᠳᠠᠯᠠᠨ ᠬᠠᠯᠢᠰᠤ ᠶᠢᠨ ᠲᠠᠷᠢᠮᠠᠯ ᠤᠨ ᠰᠠᠭᠤᠷᠢᠨ ᠢ ᠪᠠᠶᠢᠭᠤᠯᠵᠤ᠂ | ᠡᠯᠡᠰᠦᠷᠬᠡᠭᠵᠢᠯ ᠢ ᠪᠦᠲᠦᠮᠵᠢᠲᠡᠢ ᠵᠠᠰᠠᠪᠠ᠃ | ᠳᠠᠯᠠᠨ ᠬᠠᠯᠢᠰᠤ ᠶᠢᠨ ᠡᠪᠡᠰᠦᠨ ᠮᠥᠬᠦᠯᠢᠭ ᠤᠨ ᠦᠢᠯᠡᠳᠪᠦᠷᠢ ᠵᠢᠩᠬᠢᠨᠢ ᠪᠠᠷ ᠠᠵᠢᠯ ᠡᠬᠢᠯᠡᠭᠰᠡᠨ ᠨᠢ | ᠡᠷᠬᠡᠬᠠᠰᠢᠬ᠎ᠠ ᠰᠤᠮᠤ ᠶᠢᠨ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠰᠦᠪᠡᠭᠴᠢᠯᠡᠨ ᠬᠥᠭᠵᠢᠭᠦᠯᠵᠦ | ᠪᠠᠶᠢᠬᠤ ᠪᠠ ᠮᠠᠯᠴᠢᠳ ᠤᠨ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠠᠶᠤᠯ ᠲᠦᠭᠰᠢᠭᠦᠷᠢ ᠶᠢ ᠡᠰᠡᠷᠭᠦᠴᠡᠬᠦ | ᠴᠢᠳᠠᠪᠤᠷᠢ ᠶᠢ ᠳᠡᠭᠡᠭᠰᠢᠯᠡᠭᠦᠯᠭᠦ ᠴᠢᠬᠤᠯᠠ ᠠᠷᠭ᠎ᠠ ᠬᠡᠮᠵᠢᠶ᠎ᠡ ᠪᠣᠯᠵᠤ᠂ ᠬᠤᠶᠢᠰᠢᠳᠠ ᠬᠡᠪᠴᠢᠶᠡᠵᠢᠭᠦᠯᠦᠭᠰᠡᠨ᠂ | ᠡᠷᠴᠢᠮᠵᠢᠭᠦᠯᠦᠭᠰᠡᠨ᠂ ᠣᠳᠣᠬᠢᠴᠢᠯᠠᠭᠰᠠᠨ ᠬᠠᠰᠢᠶᠠᠯᠠᠨ ᠲᠡᠵᠢᠭᠡᠵᠦ ᠦᠷᠡᠵᠢᠭᠦᠯᠬᠦ ᠦᠢᠯᠡᠰ ᠢ ᠰᠦᠪᠡᠭᠴᠢᠯᠡᠨ | ᠬᠥᠭᠵᠢᠭᠦᠯᠵᠦ᠂ ᠡᠯᠡᠰᠦᠨ ᠤ ᠠᠵᠤ ᠦᠢᠯᠡᠰ ᠢ ᠬᠤᠯᠪᠣᠭᠳᠠᠭᠤᠯᠤᠨ ᠳᠠᠶᠢᠴᠢᠯᠠᠬᠤ᠂ ︽ᠡᠯᠡᠰᠦᠨ ᠤ ᠤᠷᠭᠤᠮᠠᠯ ᠢ | ᠲᠠᠷᠢᠬᠤ᠂ ᠡᠯᠡᠰᠦ ᠶᠢ ᠵᠠᠰᠠᠬᠤ᠂ ᠶᠡᠷᠦᠩᠬᠡᠶᠢᠯᠡᠨ ᠠᠰᠢᠭᠯᠠᠬᠤ᠂ ᠨᠡᠶᠢᠭᠡᠮᠴᠢᠯᠡᠨ ᠦᠢᠯᠡᠴᠢᠯᠡᠬᠦ︾ ᠨᠢᠭᠡ | ᠴᠣᠭᠴᠠᠵᠢᠭᠤᠯᠤᠭᠰᠠᠨ ᠬᠥᠭᠵᠢᠯᠲᠡ ᠶᠢᠨ ᠰᠢᠰᠲ᠋ᠧᠮ ᠢ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠵᠤ᠂ | ᠳᠠᠯᠠᠨ ᠬᠠᠯᠢᠰᠤ ᠶᠢᠨ ᠲᠠᠷᠢᠮᠠᠯ ᠢᠶᠠᠷ ᠠᠮᠢ ᠠᠬᠤᠢ ᠶᠢ ᠰᠠᠶᠢᠵᠢᠷᠠᠭᠤᠯᠬᠤ ᠪᠠᠷ ᠪᠠᠷᠠᠬᠤ ᠦᠭᠡᠢ ᠪᠠᠰᠠ ᠮᠠᠯᠴᠢᠨ | ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠨᠡᠭᠡᠭᠡᠬᠦ ᠳᠤ ᠰᠠᠭᠤᠷᠢ ᠲᠠᠯᠪᠢᠪᠠ᠃ | | ᠡᠷᠬᠡᠬᠠᠰᠢᠬ᠎ᠠ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠮᠢᠨ ᠸᠧᠨ᠄ ︽ᠡᠷᠬᠡᠬᠠᠰᠢᠬ᠎ᠠ | ᠰᠤᠮᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠠᠮᠢ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠷ ᠠᠵᠤ ᠠᠬᠤᠢ ᠪᠠ ᠨᠡᠶᠢᠭᠡᠮ ᠤᠨ ᠦᠷ᠎ᠡ | ᠠᠰᠢᠭ ᠢ ᠬᠠᠶᠢᠨ ᠰᠦᠪᠡᠭᠴᠢᠯᠡᠵᠦ᠂ ᠡᠯᠡᠰᠦᠨ ᠤ ᠠᠮᠢ ᠠᠬᠤᠢ ᠶᠢᠨ ᠪᠠᠭᠤᠷᠠᠢ ᠲᠠᠯ᠎ᠠ ᠶᠢ ᠡᠬᠢ ᠪᠠᠶᠠᠯᠢᠭ ᠤᠨ | ᠳᠠᠪᠠᠭᠤᠯᠢᠭ ᠪᠣᠯᠭᠠᠨ ᠬᠤᠪᠢᠷᠠᠭᠤᠯᠵᠤ᠂ ᠡᠯᠡᠰᠦ ᠶᠢ ᠨᠣᠭᠤᠭᠠᠷᠠᠭᠤᠯᠬᠤ᠂ ᠠᠵᠤ ᠦᠢᠯᠡᠰ ᠤᠨ ᠥᠷᠲᠡᠭ ᠢ | ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠬᠦ ᠳᠤ ᠬᠦᠴᠦᠯᠡᠬᠦ ᠪᠣᠯᠣᠨ᠎ᠠ︾ ᠭᠡᠪᠡ᠃ | | |