| | ᠨᠠᠷᠠᠨ᠎ᠠ᠂ ᠡᠷᠳᠡᠨᠢᠬᠦᠦ | | ᠭᠡᠷ ᠪᠦᠯᠢ ᠪᠣᠯ ᠪᠡᠶ᠎ᠡ ᠰᠡᠳᠬᠢᠯ ᠤᠨ ᠳᠤᠯᠠᠭᠠᠨ ᠪᠠᠭᠤᠴᠠ᠂ ᠮᠥᠨ ᠴᠦ ᠬᠦᠰᠡᠯ ᠨᠠᠶᠢᠳᠠᠯᠭ᠎ᠠ᠂ | ᠬᠠᠷᠢᠭᠤᠴᠠᠯᠭ᠎ᠠ᠂ ᠬᠠᠶᠢᠷ᠎ᠠ ᠶᠢ ᠡᠪᠦᠷᠯᠡᠭᠰᠡᠨ ᠵᠣᠯ ᠵᠢᠷᠭᠠᠯ ᠤᠨ ᠭᠠᠷᠠᠮ ᠠᠵᠢ᠃ ᠬᠠᠶᠢᠷ᠎ᠠ ᠪᠠ ᠡᠷᠴᠢ ᠬᠦᠴᠦ ᠶᠢ | ᠪᠢᠯᠬᠠᠭᠤᠯᠤᠭᠰᠠᠨ ᠸᠠᠩ ᠶᠦᠨ ᠹᠧᠩ ᠰᠠᠷᠠᠨ᠎ᠠ ᠶᠢᠨ ᠬᠢᠨ ᠪᠣᠯ ᠨᠢᠭᠡᠨ ᠡᠶ᠎ᠡ ᠨᠠᠶᠢᠷᠲᠠᠢ ᠭᠡᠷ ᠪᠦᠯᠢ ᠪᠢᠯᠡ᠃ | ᠸᠠᠩ ᠶᠦᠨ ᠹᠧᠩ ᠪᠣᠯ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠶᠢᠨ ᠰᠠᠯᠪᠤᠷᠢ ᠠᠩᠭᠢ ᠶᠢᠨ ᠴᠠᠭᠳᠠᠭ᠎ᠠ᠂ ᠭᠡᠷᠭᠡᠢ ᠰᠠᠷᠠᠨ᠎ᠠ ᠨᠢ | ᠠᠯᠠᠱᠠ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ | ᠠᠩᠭᠢ ᠶᠢᠨ ᠳᠡᠳ᠋ ᠳᠠᠷᠤᠭ᠎ᠠ ᠶᠤᠮ᠃ ᠲᠡᠳᠡ ᠬᠤᠶᠠᠭᠤᠯᠠ ᠬᠥᠭᠡᠷᠦᠬᠦᠨ ᠬᠤᠶᠠᠷ ᠥᠬᠢᠨ ᠲᠠᠢ᠂ ᠴᠠᠭᠳᠠᠭ᠎ᠠ ᠶᠢᠨ ᠭᠡᠷ | ᠪᠦᠯᠢ ᠪᠣᠯᠤᠭᠰᠠᠨ ᠤ ᠬᠤᠪᠢ ᠳᠤ᠂ ᠬᠠᠮᠲᠤ ᠪᠠᠶᠢᠬᠤ ᠴᠠᠭ ᠨᠢ ᠶᠠᠷᠢᠶᠠᠨ ᠦᠭᠡᠢ ᠴᠥᠭᠡᠨ ᠪᠠᠶᠢᠳᠠᠭ ᠴᠦ ᠲᠡᠳᠡ | ᠬᠤᠶᠠᠭᠤᠯᠠ ᠪᠡᠶ᠎ᠡ ᠪᠡᠶ᠎ᠡ ᠶᠢ ᠪᠠᠨ ᠳᠦᠰᠢᠨ ᠬᠠᠷᠢᠯᠴᠠᠨ ᠣᠶᠢᠯᠠᠭᠠᠯᠴᠠᠵᠤ᠂ ᠵᠣᠯ ᠵᠢᠷᠭᠠᠯ᠂ ᠬᠠᠶᠢᠷ᠎ᠠ ᠪᠢᠯᠬᠠᠭᠰᠠᠨ | ᠪᠠᠭ᠎ᠠ ᠭᠡᠷ ᠪᠦᠯᠢ ᠶᠢᠨ ᠢᠶᠠᠨ ᠬᠠᠯᠠᠭᠤᠨ ᠳᠤᠯᠠᠭᠠᠨ ᠢᠯᠴᠢ ᠶᠢ ᠲᠣᠮᠣᠷᠠᠭᠤᠯᠤᠨ ᠨᠡᠶᠢᠭᠡᠮ ᠨᠡᠶᠢᠳᠡ ᠶᠢ | ᠳᠤᠯᠠᠭᠠᠴᠠᠭᠤᠯᠵᠤ᠂ ᠬᠤᠶᠠᠭᠤᠯᠠ ᠪᠠᠨ ᠢᠮᠠᠭᠲᠠ ᠪᠡᠶ᠎ᠡ ᠪᠠᠨ ᠴᠢᠩᠭ᠎ᠠ ᠱᠠᠭᠠᠷᠳᠠᠨ᠂ ᠬᠠᠷᠢᠯᠴᠠᠨ ᠬᠢᠨᠠᠯᠲᠠ ᠲᠠᠯᠪᠢᠵᠤ᠂ | ᠬᠠᠷᠢᠯᠴᠠᠨ ᠰᠠᠨᠠᠭᠤᠯᠬᠤ ᠠᠷᠭ᠎ᠠ ᠪᠠᠷ ᠨᠢᠭᠡᠨ ᠡᠶ᠎ᠡ ᠨᠠᠶᠢᠷᠲᠠᠢ ᠠᠷᠢᠭᠤᠨ ᠴᠢᠬᠡᠴᠢ ᠭᠡᠷ ᠪᠦᠯᠢ ᠪᠠᠨ ᠭᠢᠮᠠᠭᠠᠳᠠᠬᠰᠬᠠᠷ | ᠣᠳᠣ ᠪᠣᠯᠵᠠᠢ᠃ | ᠸᠠᠩ ᠶᠦᠨ ᠹᠧᠩ ᠰᠠᠷᠠᠨ᠎ᠠ ᠬᠤᠶᠠᠭᠤᠯᠠ ᠠᠮᠢᠳᠤᠷᠠᠯ ᠳᠤᠮᠳᠠ ᠪᠠᠨ ᠬᠠᠷᠢᠯᠴᠠᠨ ᠬᠠᠷᠠᠭᠠᠯᠵᠠᠵᠤ | ᠢᠲᠡᠭᠡᠯᠴᠡᠵᠦ ᠶᠠᠪᠤᠳᠠᠭ᠃ ᠭᠡᠷ ᠲᠡᠭᠡᠨ ᠬᠠᠮᠲᠤ ᠪᠠᠶᠢᠪᠠᠯ ᠦᠷᠭᠦᠯᠵᠢ ᠦᠵᠡᠯ ᠰᠠᠨᠠᠭ᠎ᠠ ᠪᠠᠨ ᠰᠣᠯᠢᠯᠴᠠᠨ᠂ | ᠳᠠᠪᠠᠭᠤᠯᠢᠭ ᠲᠠᠯ᠎ᠠ ᠪᠠᠨ ᠤᠯᠠᠮ ᠲᠣᠳᠣᠷᠠᠭᠤᠯᠵᠤ᠂ ᠬᠦᠴᠢᠷ ᠪᠡᠷᠬᠡᠰᠢᠶᠡᠯ ᠲᠤᠯᠭᠠᠷᠠᠪᠠᠯ ᠬᠠᠷᠢᠯᠴᠠᠨ ᠰᠡᠩᠬᠡᠷᠡᠭᠦᠯᠦᠨ᠂ | ᠪᠡᠶ᠎ᠡ ᠪᠡᠶ᠎ᠡ ᠪᠠᠨ ᠲᠦᠰᠢᠵᠦ ᠰᠡᠳᠬᠢᠯ ᠰᠡᠳᠬᠢᠯ ᠢᠶᠠᠨ ᠮᠡᠳᠡᠷᠡᠯᠴᠡᠨ᠂ ᠠᠮᠢᠳᠤᠷᠠᠯ ᠤᠨ ᠢᠶᠠᠨ ᠰᠠᠶᠢᠨ ᠰᠠᠶᠢᠬᠠᠨ ᠴᠠᠭ | ᠮᠥᠴᠡ ᠶᠢ ᠨᠠᠨᠳᠢᠩᠨᠠᠭᠰᠠᠭᠠᠷ ᠢᠷᠡᠵᠡᠢ᠃ ᠡᠶᠢᠮᠦᠷᠬᠦᠦ ᠬᠠᠯᠠᠭᠤᠨ ᠳᠤᠯᠠᠭᠠᠨ ᠡᠶ᠎ᠡ ᠵᠣᠬᠢᠴᠠᠯ ᠲᠠᠢ ᠭᠡᠷ ᠪᠦᠯᠢ ᠶᠢᠨ | ᠠᠭᠤᠷ ᠠᠮᠢᠰᠬᠤᠯ ᠨᠢ ᠦᠷᠭᠦᠯᠵᠢ ᠰᠠᠳᠤᠨ ᠲᠥᠷᠥᠯ ᠪᠠ ᠨᠠᠶᠢᠵᠠ ᠨᠥᠬᠦᠳ ᠤᠨ ᠢᠶᠠᠨ ᠪᠠᠭ᠋ᠠᠷᠬᠠᠯ ᠢ ᠲᠠᠲᠠᠳᠠᠭ᠃ | | ᠸᠠᠩ ᠶᠦᠨ ᠹᠧᠩ ᠳᠣᠲᠣᠭᠠᠳᠤ ᠶᠢ ᠬᠠᠮᠠᠭᠠᠯᠠᠬᠤ ᠰᠢᠰᠲ᠋ᠧᠮ ᠳᠤ ᠣᠷᠣᠵᠤ ᠠᠵᠢᠯᠯᠠᠬᠤ ᠠᠴᠠ ᠪᠠᠨ | ᠡᠮᠦᠨ᠎ᠡ᠂ ᠤᠷᠢᠳ ᠬᠤᠵᠢᠳ ᠠᠯᠠᠱᠠ ᠪᠠᠷᠠᠭᠤᠨ ᠬᠤᠰᠢᠭᠤᠨ ᠤ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ | ᠲᠣᠪᠴᠢᠶ᠎ᠠ᠂ ᠮᠠᠨᠳᠤᠯ ᠰᠤᠮᠤ᠂ ᠳᠠᠩᠰᠣᠬᠪᠤᠯᠠᠭ ᠰᠤᠮᠤ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠡᠷᠭᠡ | ᠨᠢᠭᠡᠴᠢ ᠳᠤ ᠠᠵᠢᠯᠯᠠᠵᠤ ᠪᠠᠶᠢᠪᠠ᠃ ᠲᠡᠷᠡᠪᠡᠷ ᠠᠵᠢᠯ ᠤᠨ ᠳᠤᠮᠳᠠ ᠪᠠᠨ ᠠᠷᠢᠭᠤᠨ ᠴᠢᠬᠡᠴᠢ ᠶᠢᠨ ᠪᠠᠷᠢᠮᠵᠢᠶ᠎ᠠ ᠶᠢ | ᠪᠠᠲᠤ ᠰᠠᠬᠢᠵᠤ᠂ ᠠᠷᠢᠭᠤᠨ ᠴᠢᠬᠡᠴᠢ ᠬᠡᠪ ᠰᠤᠷᠲᠠᠯ ᠢ ᠪᠠᠷᠢᠮᠲᠠᠯᠠᠨ᠂ ᠪᠡᠶ᠎ᠡ ᠪᠠᠨ ᠴᠢᠩᠭ᠎ᠠ ᠱᠠᠭᠠᠷᠳᠠᠵᠤ᠂ ᠪᠦᠭᠦ | ᠰᠡᠳᠬᠢᠯ ᠪᠦᠭᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠶᠢ ᠴᠢᠷᠮᠠᠶᠢᠨ ᠪᠡᠶᠡᠯᠡᠭᠦᠯᠵᠦ᠂ ᠦᠢᠯᠡᠴᠢᠯᠡᠬᠦ | ᠡᠲᠡᠭᠡᠳ ᠤᠨ ᠢᠶᠠᠨ ᠳᠠᠶᠢᠯᠠᠯᠭ᠎ᠠ ᠪᠠ ᠪᠡᠯᠡᠭ ᠰᠡᠯᠲᠡ ᠶᠢ ᠭᠥᠯᠢᠶᠡᠨ ᠠᠪᠬᠤ ᠶᠢ ᠶᠡᠷᠦ ᠠᠴᠠ ᠵᠥᠪᠰᠢᠶᠡᠷᠡᠳᠡᠭ ᠦᠭᠡᠢ᠃ | ᠦᠨᠳᠦᠰᠦᠨ ᠱᠠᠲᠤᠨ ᠤ ᠰᠤᠮᠤ ᠪᠠᠯᠭᠠᠰᠤᠨ ᠳᠤ ᠠᠵᠢᠯᠯᠠᠵᠤ ᠪᠠᠶᠢᠬᠤ ᠦᠶ᠎ᠡ ᠳᠤ᠂ ᠲᠡᠷᠡ ᠭᠤᠣᠯᠳᠠᠭᠤ ᠶᠠᠳᠠᠭᠤ ᠶᠢ | ᠲᠡᠳᠬᠦᠬᠦ ᠲᠠᠯ᠎ᠠ ᠶᠢᠨ ᠠᠵᠢᠯ ᠢ ᠬᠠᠷᠢᠭᠤᠴᠠᠵᠤ᠂ ᠤᠴᠢᠷ ᠶᠠᠪᠤᠳᠠᠯ ᠪᠦᠲᠦᠭᠡᠬᠦ ᠪᠠᠷ ᠢᠷᠡᠭᠰᠡᠨ ᠤᠯᠠᠨ ᠲᠦᠮᠡᠨ ᠢ | ᠬᠠᠯᠠᠭᠤᠨ ᠢᠶᠠᠷ ᠭᠥᠯᠢᠶᠡᠨ ᠠᠪᠴᠤ᠂ ᠬᠦᠯᠢᠴᠡᠩᠭᠦᠢ ᠪᠠᠷ ᠲᠠᠶᠢᠯᠪᠤᠷᠢᠯᠠᠳᠠᠭ᠃ ᠶᠠᠳᠠᠭᠤ ᠬᠦᠴᠢᠷᠳᠡᠯᠲᠡᠢ ᠡᠷᠦᠭᠡ ᠶᠢ | ᠰᠢᠯᠭᠠᠷᠠᠭᠤᠯᠬᠤ ᠪᠠ ᠲᠡᠳᠬᠦᠮᠵᠢ ᠶᠢᠨ ᠪᠡᠯᠡ ᠮᠥᠩᠭᠦ ᠶᠢ ᠣᠯᠭᠤᠬᠤ ᠳᠠᠭᠠᠨ᠂ ᠳᠡᠷᠡ ᠴᠢᠩᠭ᠎ᠠ ᠬᠢᠨᠠᠨ ᠬᠠᠷᠭᠤᠭᠤᠯᠵᠤ | ᠂ ᠡᠷᠬᠡ ᠲᠡᠭᠰᠢ ᠲᠥᠪ ᠭᠤᠣᠯᠴᠢ ᠪᠠᠶᠢᠬᠤ ᠶᠢ ᠪᠠᠷᠢᠮᠲᠠᠯᠠᠨ᠂ ᠤᠯᠠᠨ ᠤᠳᠠᠭ᠎ᠠ ᠡᠯ᠎ᠡ ᠭᠠᠴᠠᠭ᠎ᠠ ᠳᠤ ᠬᠦᠷᠴᠦ | ᠰᠤᠷᠪᠤᠯᠵᠢᠯᠠᠵᠤ ᠪᠠᠶᠢᠴᠠᠭᠠᠨ᠂ ᠠᠩᠬᠠᠨ ᠤ ᠮᠠᠲ᠋ᠧᠷᠢᠶᠠᠯ ᠢ ᠡᠵᠡᠮᠰᠢᠵᠦ᠂ ᠥᠷᠭᠡᠨ ᠤᠯᠠᠨ ᠮᠠᠯᠴᠢᠨ ᠲᠠᠷᠢᠶᠠᠴᠢᠨ ᠤ | ᠰᠠᠶᠢᠨ ᠦᠨᠡᠯᠡᠯᠲᠡ ᠶᠢ ᠣᠯᠣᠭᠰᠠᠭᠠᠷ ᠢᠷᠡᠵᠡᠢ᠃ 2021 ᠣᠨ ᠳᠤ ᠳᠡᠷᠡ ᠠᠯᠪᠠᠲᠠᠨ ᠤ ᠰᠢᠯᠭᠠᠯᠲᠠ ᠪᠠᠷ ᠳᠡᠮᠵᠢᠨ | ᠳᠣᠲᠣᠭᠠᠳᠤ ᠶᠢ ᠬᠠᠮᠠᠭᠠᠯᠠᠬᠤ ᠡᠩᠨᠡᠭᠡᠨ ᠳᠤ ᠣᠷᠣᠭᠰᠠᠨ ᠤ ᠳᠠᠷᠠᠭ᠎ᠠ᠂ ︽ᠨᠠᠮ ᠳᠠᠭᠠᠨ ᠦᠨᠡᠨᠴᠢ᠂ ᠠᠷᠠᠳ | ᠲᠦᠮᠡᠨ ᠳᠤ ᠦᠢᠯᠡᠴᠢᠯᠡᠬᠦ᠂ ᠬᠠᠤᠯᠢ ᠶᠢ ᠲᠥᠪ ᠭᠤᠥᠯᠴᠢ ᠪᠠᠷ ᠬᠡᠷᠡᠭᠵᠢᠭᠦᠯᠬᠦ᠂ ᠰᠠᠬᠢᠯᠭ᠎ᠠ ᠪᠠᠲᠤ ᠴᠢᠩᠭ᠎ᠠ ᠪᠠᠶᠢᠬᠤ︾ | ᠲᠠᠩᠭᠠᠷᠢᠭ ᠢ ᠪᠠᠲᠤ ᠰᠠᠬᠢᠨ ᠴᠡᠭᠡᠵᠢᠯᠡᠭᠰᠡᠭᠡᠷ ᠢᠷᠡᠵᠡᠶ᠃ ᠴᠠᠭᠳᠠᠭᠠᠨ ᠤ ᠠᠵᠢᠯ ᠢ ᠬᠢᠭᠰᠡᠨ ᠤ ᠳᠠᠷᠠᠭ᠎ᠠ ᠳᠡᠮᠡᠢ | ᠤᠳᠠᠭᠰᠠᠨ ᠦᠭᠡᠢ ᠴᠡᠭᠡ ᠪᠣᠭᠤᠮᠲᠠ ᠶᠢᠨ ᠴᠢᠮᠡᠭᠡ ᠮᠡᠳᠡᠭᠡᠨ ᠤ ᠥᠷᠲᠡᠭᠡ ᠶᠢ ᠪᠡᠯᠡᠳᠬᠡᠨ ᠪᠠᠶᠢᠭᠤᠯᠬᠤ ᠪᠠ ᠰᠢᠨ᠎ᠡ | ᠴᠠᠭᠳᠠᠭ᠎ᠠ ᠶᠢ ᠦᠨᠳᠦᠰᠦᠨ ᠱᠠᠲᠤᠨ ᠳᠤ ᠪᠠᠭᠤᠯᠭᠠᠬᠤ ᠬᠡᠷᠡᠭᠴᠡᠭᠡ ᠠᠴᠠ ᠪᠣᠯᠵᠤ᠂ ᠲᠡᠷᠡ ᠡᠵᠡᠨ᠎ᠡ ᠬᠤᠰᠢᠭᠤᠨ ᠳᠤ | ᠬᠦᠷᠴᠦ ᠠᠵᠢᠯᠯᠠᠵᠠᠢ᠃ ᠲᠡᠨᠳᠡ 2 ᠵᠢᠯ ᠭᠠᠷᠤᠢ ᠶᠢᠨ ᠬᠤᠭᠤᠴᠠᠭᠠᠨ ᠳᠤ ᠲᠤᠬᠠᠶᠢᠯᠠᠭᠰᠠᠨ ᠠᠵᠢᠯ ᠳᠠᠭᠠᠨ ᠴᠢᠷᠮᠠᠶᠢᠵᠤ | ᠠᠵᠢᠯᠯᠠᠨ᠂ ᠲᠣᠪᠴᠢᠶ᠎ᠠ ᠶᠢᠨ ᠲᠣᠬᠢᠷᠠᠭᠤᠯᠤᠯᠲᠠ ᠪᠠᠷ ᠡᠯ᠎ᠡ ᠵᠦᠢᠯ ᠤᠨ ᠠᠵᠢᠯ ᠢ ᠨᠡᠯᠢᠶᠡᠳ ᠰᠠᠶᠢᠨ | ᠪᠡᠶᠡᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠨᠢᠭᠤᠴᠠ ᠮᠡᠳᠡᠭᠡᠨ ᠤ ᠦᠷᠳᠡᠭᠡ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠲᠡᠭᠦᠨ ᠤ ᠴᠢᠷᠮᠠᠶᠢᠯᠭ᠎ᠠ ᠪᠠᠷ ᠨᠢᠭᠤᠴᠠ ᠮᠡᠳᠡᠭᠡᠨ ᠤ ᠦᠷᠳᠡᠭᠡ ᠶᠢ ᠪᠠᠶᠢᠭᠤᠯᠤᠭᠰᠠᠨ ᠡᠬᠢᠨ ᠤ | ᠦᠶ᠎ᠡ ᠶᠢᠨ ᠡᠯ᠎ᠡ ᠵᠦᠢᠯ ᠤᠨ ᠠᠵᠢᠯ ᠨᠢ ᠪᠦᠭᠦ ᠣᠷᠣᠨ ᠤ ᠡᠮᠦᠨ᠎ᠡ ᠡᠩᠨᠡᠭᠡᠨ ᠳᠤ ᠣᠷᠣᠭᠰᠠᠭᠠᠷ ᠢᠷᠡᠵᠡᠢ᠃ | ᠸᠠᠩ ᠶᠦᠨ ᠹᠧᠩ ᠡᠵᠡᠨ᠎ᠡ ᠳᠤ ᠣᠴᠢᠵᠤ ᠠᠵᠢᠯᠯᠠᠭᠰᠠᠨ ᠠᠴᠠ ᠬᠤᠶᠢᠰᠢ ᠭᠡᠷ ᠲᠡᠭᠡᠨ ᠬᠠᠷᠢᠬᠤ ᠴᠠᠭ | ᠵᠠᠪ ᠴᠥᠭᠡᠳᠴᠦ᠂ ᠬᠡᠦᠬᠡᠳ ᠨᠠᠰᠤᠲᠠᠶᠢᠴᠤᠳ ᠢᠶᠠᠨ ᠬᠠᠷᠠᠭᠠᠯᠵᠠᠬᠤ ᠵᠠᠪ ᠨᠡᠩ ᠴᠦ ᠦᠭᠡᠢ ᠪᠣᠯᠵᠤ᠂ ᠡᠨᠡ ᠬᠦ | ᠬᠦᠨᠳᠦ ᠡᠭᠦᠷᠭᠡ ᠶᠢ ᠭᠡᠷᠭᠡᠢ ᠰᠠᠷᠠᠨ᠎ᠠ ᠨᠢ ᠡᠭᠦᠷᠭᠡᠯᠡᠨ ᠶᠠᠪᠤᠵᠠᠢ᠃ ᠰᠠᠷᠠᠨ᠎ᠠ 15 ᠵᠢᠯ ᠴᠠᠭᠳᠠᠭᠠᠨ ᠤ ᠠᠵᠢᠯ ᠢ ᠬᠢᠵᠦ | ᠶᠠᠪᠤᠭᠰᠠᠨ ᠪᠣᠯᠬᠤᠷ ᠨᠥᠬᠦᠷ ᠤᠨ ᠢᠶᠠᠨ ᠠᠵᠢᠯ ᠢ ᠣᠶᠢᠯᠠᠭᠠᠵᠤ ᠳᠠᠮᠵᠢᠵᠣ ᠶᠠᠪᠤᠳᠠᠭ᠃ ᠬᠢᠵᠢᠭ ᠢ ᠰᠡᠷᠭᠡᠶᠢᠯᠡᠬᠦ | ᠬᠤᠭᠤᠴᠠᠭᠠᠨ ᠳᠤ ᠲᠡᠳᠡ ᠬᠤᠶᠠᠭᠤᠯᠠ ᠨᠢᠭᠡᠳᠦᠭᠡᠷ ᠹᠷᠣᠨᠲ ᠲᠤ ᠡᠷᠡᠯᠬᠡᠭᠯᠡᠨ ᠠᠵᠢᠯᠯᠠᠵᠤ ᠪᠠᠶᠢᠪᠠ᠂ ᠳᠡᠷᠡ | ᠬᠤᠭᠤᠴᠠᠭᠠᠨ ᠳᠤ ᠬᠤᠶᠠᠭᠤᠯᠠ ᠪᠠᠨ ᠬᠤᠶᠠᠷ ᠬᠡᠦᠬᠡᠳ ᠢᠶᠠᠨ ᠨᠠᠰᠤ ᠠᠬᠢᠭᠰᠠᠨ ᠠᠪᠤ ᠡᠵᠢ ᠶᠢᠨ ᠢᠶᠠᠨ ᠬᠠᠵᠠᠭᠤ ᠳᠤ | ᠬᠦᠷᠭᠡᠨ ᠥᠭᠴᠦ ᠬᠠᠷᠠᠭᠠᠯᠵᠠᠭᠤᠯᠵᠤ ᠪᠠᠶᠢᠪᠠ᠂ ᠡᠶᠢᠮᠦᠷᠬᠦᠦ ᠪᠠᠶᠢᠳᠠᠯ ᠦᠷᠭᠦᠯᠵᠢ ᠭᠠᠷᠳᠠᠭ ᠠᠴᠠ ᠴᠠᠭᠳᠠᠭ᠎ᠠ ᠶᠢᠨ | ᠭᠡᠷ ᠪᠦᠯᠢ ᠪᠣᠯᠤᠭᠰᠠᠨ ᠤ ᠬᠤᠪᠢ ᠳᠤ ᠳᠡᠳᠡ ᠬᠤᠶᠠᠭᠤᠯᠠ ᠪᠤᠰᠤᠳ ᠠᠴᠠ ᠣᠯᠣᠭᠰᠠᠨ ᠬᠠᠶᠢᠷ᠎ᠠ ᠬᠠᠯᠠᠮᠵᠢ ᠶᠢ | ᠢᠳᠡᠪᠬᠢᠲᠡᠢ ᠳᠠᠮᠵᠢᠭᠤᠯᠤᠨ᠂ ᠠᠮᠢᠳᠤᠷᠠᠯ ᠳᠤᠮᠳᠠ ᠨᠠᠶᠢᠵᠠ ᠨᠥᠬᠦᠳ᠂ ᠬᠥᠷᠰᠢ ᠵᠡᠷᠭᠡᠯᠡᠳᠡᠭᠡ ᠳᠡᠭᠡᠨ | ᠴᠢᠳᠠᠯ ᠤᠨ ᠢᠶᠠᠨ ᠬᠢᠷᠢ ᠪᠠᠷ ᠬᠠᠪᠰᠤᠷᠤᠭᠰᠠᠭᠠᠷ ᠢᠷᠡᠵᠡᠢ᠃ ᠮᠥᠨ ᠴᠦ ︽ᠪᠠᠭ᠎ᠠ ᠭᠡᠷ ᠢᠶᠠᠨ ᠬᠠᠶᠢᠷᠠᠯᠠᠬᠤ ᠳᠤ ᠨᠡᠩ | ᠴᠤ ᠣᠯᠠᠨ ᠢ ᠬᠠᠶᠢᠷᠠᠯᠠᠬᠤ ᠬᠡᠷᠡᠭᠲᠡᠢ︾ ᠭᠡᠳᠡᠭ ᠢ ᠰᠠᠶᠢᠨ ᠮᠡᠳᠡᠵᠦ ᠪᠠᠶᠢᠪᠠ᠃ | ᠸᠠᠩ ᠶᠦᠨ ᠹᠧᠩ ᠰᠠᠷᠠᠨ᠎ᠠ ᠬᠤᠶᠠᠭᠤᠯᠠ ᠵᠣᠷᠢᠯᠲᠠ ᠪᠠᠨ ᠪᠠᠷᠢᠮᠲᠠᠯᠠᠨ ᠬᠠᠶᠢᠷ᠎ᠠ ᠬᠠᠯᠠᠮᠵᠢ ᠪᠠᠨ ᠬᠠᠷᠠᠮ | ᠦᠭᠡᠢ ᠡᠷᠭᠦᠵᠦ᠂ ᠭᠡᠷ ᠤᠨ ᠰᠤᠷᠲᠠᠯ ᠢᠶᠠᠷ ᠢᠶᠠᠨ ᠠᠷᠠᠳ ᠤᠨ ᠰᠤᠷᠲᠠᠯ ᠢ ᠪᠦᠷᠢᠯᠳᠦᠭᠦᠯᠦᠨ᠂ ᠠᠷᠠᠳ ᠤᠨ ᠰᠤᠷᠲᠠᠯ ᠢ | ᠤᠯᠤᠰ ᠤᠨ ᠰᠤᠷᠲᠠᠯ ᠳᠤ ᠠᠭᠤᠰᠤᠯᠴᠠᠭᠤᠯᠵᠤ᠂ ᠡᠮᠦᠨ᠎ᠡ ᠹᠷᠣᠨᠲ ᠲᠤ ᠦᠭᠡ ᠳᠠᠭᠤᠨ ᠦᠭᠡᠢ ᠬᠤᠪᠢ ᠨᠡᠮᠡᠷᠢ ᠪᠠᠨ | ᠦᠵᠡᠭᠦᠯᠦᠭᠰᠡᠭᠡᠷ ᠶᠠᠪᠤᠨ᠎ᠠ᠃ ᠳᠡᠳᠡ ᠬᠤᠶᠠᠭᠤᠯᠠ ᠶᠢᠨ ᠴᠢᠷᠮᠠᠶᠢᠯᠭ᠎ᠠ ᠨᠢ ᠳᠡᠷᠭᠡᠳᠡᠬᠢ ᠨᠡᠩ ᠤᠯᠠᠨ ᠠᠷᠢᠭᠤᠨ | ᠴᠢᠬᠡᠴᠢ ᠪᠠᠭ᠎ᠠ ᠭᠡᠷ ᠪᠦᠯᠢ ᠶᠢ ᠲᠠᠶᠢᠴᠢᠯᠠᠵᠦ᠂ ᠡᠶ᠎ᠡ ᠵᠣᠬᠢᠴᠠᠩᠭᠤᠢ ᠶᠡᠭᠡ ᠭᠡᠷ ᠪᠦᠯᠢ ᠶᠢ ᠬᠠᠮᠲᠤᠪᠠᠷ ᠪᠠᠶᠢᠭᠤᠯᠤᠨ᠂ | ᠦᠵᠡᠰᠬᠦᠯᠡᠩᠲᠦ ᠰᠠᠶᠢᠬᠠᠨ ᠠᠯᠠᠱᠠ ᠶᠢ ᠪᠦᠲᠦᠭᠡᠨ ᠪᠠᠶᠢᠭᠤᠯᠬᠤ ᠳᠤ ᠪᠠᠭ᠎ᠠ ᠭᠡᠷ ᠪᠦᠯᠢ ᠶᠢᠨ ᠢᠶᠠᠨ ᠬᠦᠴᠦᠨ | ᠴᠢᠳᠠᠯ ᠢᠶᠠᠨ ᠡᠷᠭᠦᠵᠦ ᠶᠠᠪᠤᠨ᠎ᠠ᠃ |