ᠬᠠᠴᠢᠨ ᠴᠢᠯᠠᠭᠤ ᠪᠠᠷ ᠦᠢᠯᠡᠰ ᠢᠶᠠᠨ ᠬᠤᠯᠪᠣᠭᠰᠠᠨ ᠬᠠᠨᠢ ᠨᠥᠬᠦᠷ ᠬᠤᠶᠠᠷ
ᠨᠡᠶᠢᠲᠡᠯᠡᠭᠰᠡᠨ ᠴᠠᠭ᠄
2024/12/30
                                          ●   ᠸᠧᠢ ᠴᠢᠶᠠᠩ᠂ ᠸᠠᠩ ᠫᠢᠩ᠂ ᠡᠷᠳᠡᠨᠢᠬᠦᠦ᠂ ᠨᠠᠷᠠᠨ᠎ᠠ          ᠶᠦᠩ ᠮᠧᠢ᠂ ᠠᠯᠠᠱᠠ ᠵᠡᠭᠦᠨ ᠬᠤᠰᠢᠭᠤᠨ ᠤ ᠢᠩᠭᠡᠨ ᠰᠤᠮᠤᠨ ᠤ ᠴᠠᠭᠠᠨᠵᠠᠳᠠᠭᠠᠢ ᠭᠠᠴᠠᠭᠠᠨ ᠤ ᠮᠠᠯᠴᠢᠨ ᠶᠤᠮ᠃ ᠠᠷᠪᠠ ᠭᠠᠷᠤᠢ ᠵᠢᠯ ᠤᠨ ᠡᠮᠦᠨ᠎ᠡ᠂ ᠲᠡᠷᠡ ᠠᠯᠠᠱᠠ ᠪᠠᠷᠠᠭᠤᠨ ᠬᠤᠰᠢᠭᠤᠨ ᠤ ᠮᠠᠯᠴᠢᠨ ᠨᠠᠰᠤᠨᠵᠢᠷᠭᠠᠯ ᠲᠠᠢ ᠬᠠᠨᠢ ᠨᠥᠬᠦᠷ ᠪᠣᠯᠣᠯᠴᠠᠵᠤ᠂ ᠬᠤᠶᠠᠭᠤᠯᠠ ᠪᠠᠨ ᠬᠠᠴᠢᠨ ᠴᠢᠯᠠᠭᠤᠨ ᠤ ᠠᠷᠠᠯᠵᠢᠶ᠎ᠠ ᠪᠠᠨ ᠡᠬᠢᠯᠡᠭᠦᠯᠵᠦ᠂ ᠲᠤᠬᠠᠢ ᠶᠢᠨ ᠭᠠᠵᠠᠷ ᠤᠨ ᠮᠠᠯᠴᠢᠳ ᠢᠶᠠᠨ ᠳᠠᠭᠠᠭᠤᠯᠤᠨ ᠬᠠᠮᠲᠤ ᠪᠠᠷ ᠣᠷᠣᠯᠭ᠎ᠠ ᠪᠠᠨ ᠨᠡᠮᠡᠭᠳᠡᠭᠦᠯᠵᠡᠢ᠃ ᠶᠦᠩ ᠮᠧᠢ᠄ ︽ᠠᠯᠠᠱᠠ ᠶᠢᠨ ᠬᠠᠴᠢᠨ ᠴᠢᠯᠠᠭᠤᠨ ᠤ ᠨᠢᠭᠡ ᠬᠡᠰᠡᠭ ᠨᠢ ᠢᠩᠭᠡᠨ ᠰᠤᠮᠤᠨ ᠠᠴᠠ ᠭᠠᠷᠳᠠᠭ᠂ ᠪᠢᠳᠡ ᠨᠤᠲᠤᠭ ᠤᠰᠤᠨ ᠤ ᠪᠠᠨ ᠡᠬᠢ ᠪᠠᠶᠠᠯᠢᠭ ᠲᠤ ᠲᠦᠰᠢᠭᠯᠡᠨ ᠠᠵᠤ ᠠᠮᠢᠳᠤᠷᠠᠯ ᠢᠶᠠᠨ ᠥᠭᠡᠳᠡ ᠲᠠᠲᠠᠵᠤ ᠶᠠᠪᠤᠨ᠎ᠠ︾ ᠬᠡᠮᠡᠨ ᠤᠴᠢᠷᠯᠠᠨ ᠶᠠᠷᠢᠨ᠎ᠠ ᠪᠢᠯᠡ᠃          ᠣᠶᠢᠷ᠎ᠠ ᠶᠢᠨ ᠵᠢᠯ ᠤᠨ ᠲᠤᠷᠰᠢ᠂ ᠵᠦᠢᠯ ᠪᠦᠷᠢ ᠶᠢᠨ ᠰᠢᠯᠲᠠᠭᠠᠨ ᠠᠴᠠ ᠬᠠᠴᠢᠨ ᠴᠢᠯᠠᠭᠤ ᠶᠢᠨ ᠠᠷᠠᠯᠵᠢᠶ᠎ᠠ ᠮᠠᠭᠤᠳᠠᠬᠤ ᠬᠠᠨᠳᠤᠰᠢ ᠲᠠᠢ ᠪᠣᠯᠵᠤ᠂ ᠡᠨᠡ ᠨᠢ ᠬᠠᠴᠢᠨ ᠴᠢᠯᠠᠭᠤᠨ ᠤ ᠠᠷᠠᠯᠵᠢᠶᠠᠴᠢᠳ ᠲᠤ ᠨᠢᠭᠡᠨ ᠬᠠᠲᠠᠭᠤ ᠰᠢᠯᠭᠠᠯᠲᠠ ᠶᠢ ᠠᠪᠴᠢᠷᠠᠭᠰᠠᠨ ᠪᠠᠶᠢᠨ᠎ᠠ᠃ ᠠᠯᠢᠪᠠ ᠪᠦᠭᠦᠨ ᠳᠤ ᠠᠵᠢᠭᠴᠢ ᠬᠢᠨᠠᠮᠠᠭᠠᠢ ᠬᠠᠨᠳᠤᠳᠠᠭ ᠶᠦᠩ ᠮᠧᠢ ᠴᠤ ᠡᠨᠡ ᠬᠦ ᠬᠠᠲᠠᠭᠤ ᠰᠢᠯᠭᠠᠯᠲᠠ ᠠᠴᠠ ᠵᠠᠶᠢᠯᠠᠵᠤ ᠴᠢᠳᠠᠭᠰᠠᠨ ᠦᠭᠡᠢ᠃ ᠲᠡᠷᠡ ᠬᠥᠮᠥᠰ ᠤᠨ ᠲᠢᠺ ᠲᠤᠺ ᠢ ᠠᠰᠢᠭᠯᠠᠨ ᠰᠢᠭᠤᠳ ᠨᠡᠪᠲᠡᠷᠡᠭᠦᠯᠭᠡ ᠬᠢᠵᠦ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠵᠢᠴᠢ ᠥᠪᠡᠷ ᠤᠨ ᠪᠦᠲᠦᠭᠡᠭᠳᠡᠬᠦᠨ ᠢᠶᠠᠨ ᠪᠣᠷᠣᠯᠠᠭᠤᠯᠵᠤ ᠪᠠᠶᠢᠭ᠎ᠠ ᠶᠢ ᠣᠯᠠᠨᠲᠠ ᠣᠯᠵᠤ ᠬᠠᠷᠠᠵᠠᠢ᠃ ᠡᠨᠡ ᠨᠢ ᠲᠡᠭᠦᠨ ᠳᠤ ᠶᠡᠬᠡᠳᠡ ᠰᠡᠩᠬᠡᠷᠡᠭᠦᠯᠦᠯ ᠥᠭᠴᠦ᠂ ︽ᠪᠢ ᠪᠠᠰᠠ ᠰᠢᠭᠤᠳ ᠨᠡᠪᠲᠡᠷᠡᠭᠦᠯᠭᠡ ᠡᠷᠭᠢᠯᠡᠵᠦ᠂ ᠮᠠᠨ ᠤ ᠠᠯᠠᠱᠠ ᠶᠢᠨ ᠬᠠᠴᠢᠨ ᠴᠢᠯᠠᠭᠤ ᠪᠠᠨ ᠬᠤᠳᠠᠯᠳᠤᠵᠤ ᠪᠤᠯᠬᠤ ᠦᠭᠡᠢ ᠶᠤᠮ ᠦᠦ︖︾ ᠬᠡᠮᠡᠨ ᠪᠣᠳᠣᠯᠭᠠᠰᠢᠷᠠᠨ ᠠᠵᠢᠯ ᠢᠶᠠᠨ ᠭᠠᠷᠳᠠᠨ ᠡᠬᠢᠯᠡᠭᠦᠯᠵᠡᠢ᠃          2023 ᠣᠨ ᠤ ᠡᠬᠢ ᠪᠠᠷ ᠶᠦᠩ ᠮᠧᠶ ︽ᠢᠩᠭᠡᠨ ᠤ ᠪᠣᠯᠵᠤᠭ᠎ᠠ︾ ᠬᠡᠮᠡᠬᠦ ᠨᠡᠷ᠎ᠡ ᠪᠠᠷ ᠲᠢᠺ ᠲᠤᠺ ᠲᠠᠪᠴᠠᠩ ᠠᠴᠠ ᠰᠢᠭᠤᠳ ᠨᠡᠪᠲᠡᠷᠡᠭᠦᠯᠭᠡ ᠶᠢᠨ ᠳ᠋ᠤᠭᠠᠷ ᠢ ᠭᠤᠶᠤᠴᠢᠯᠠᠨ ᠠᠪᠤᠭᠰᠠᠨ ᠤ ᠬᠠᠮᠲᠤ ᠮᠣᠩᠭᠤᠯ ᠭᠡᠷ ᠪᠠᠷᠢᠵᠤ ᠰᠢᠭᠤᠳ ᠨᠡᠪᠲᠡᠷᠡᠭᠦᠯᠭᠡ ᠪᠠᠨ ᠡᠬᠢᠯᠡᠭᠦᠯᠪᠡ᠃ ᠡᠬᠢᠯᠡᠵᠦ ᠨᠡᠪᠲᠡᠷᠡᠭᠦᠯᠦᠭᠰᠡᠨ ᠠᠷᠪᠠ ᠭᠠᠷᠤᠢ ᠡᠳᠦᠷ ᠤᠨ ᠳᠣᠲᠣᠷ᠎ᠠ ᠨᠢᠭᠡ ᠴᠢᠯᠠᠭᠤ ᠴᠤ ᠬᠤᠳᠠᠯᠳᠤᠵᠤ ᠭᠠᠷᠤᠭᠰᠠᠨ ᠦᠭᠡᠢ᠃ ᠡᠨᠡ ᠨᠢ ᠶᠦᠩ ᠮᠧᠢ ᠶᠢᠨ ᠤᠷᠮ᠎ᠠ ᠶᠢ ᠬᠤᠭᠤᠯᠤᠭᠰᠠᠨ ᠪᠤᠯᠪᠠᠴᠦ ᠲᠡᠷᠡ ᠳᠠᠭᠢᠨ ᠲᠤᠷᠰᠢᠵᠤ ᠦᠵᠡᠬᠦ ᠪᠤᠳᠣᠯ ᠡᠪᠦᠷᠯᠡᠨ ᠰᠢᠭᠤᠳ ᠨᠡᠪᠲᠡᠷᠡᠭᠦᠯᠭᠡ ᠪᠠᠨ ᠦᠷᠭᠦᠯᠵᠢᠯᠡᠭᠦᠯᠵᠦ᠂ ᠳᠡᠮᠡᠢ ᠤᠳᠠᠯ ᠦᠭᠡᠢ ᠰᠢᠭᠤᠳ ᠨᠡᠪᠲᠡᠷᠡᠭᠦᠯᠭᠡ ᠨᠢ ᠬᠠᠷᠢᠨ 5 ᠲᠦᠮᠡᠨ ᠲᠥᠭᠦᠷᠢᠭ ᠤᠨ ᠤᠷᠤᠯᠭ᠎ᠠ ᠣᠯᠣᠭᠰᠠᠨ ᠶᠠᠪᠤᠳᠠᠯ ᠨᠢ ᠲᠡᠭᠦᠨ ᠤ ᠬᠤᠶᠢᠰᠢᠳᠠ ᠶᠢᠨ ᠦᠢᠯᠡᠰ ᠪᠦᠲᠦᠭᠡᠬᠦ ᠳᠤᠨᠢ ᠵᠣᠷᠢᠭᠵᠢᠭᠤᠯᠤᠯ ᠪᠣᠯᠵᠠᠢ᠃          ᠶᠦᠩ ᠮᠧᠶ ᠰᠢᠭᠤᠳ ᠨᠡᠪᠲᠡᠷᠡᠭᠦᠯᠭᠡ ᠪᠠᠷ ᠳᠠᠮᠵᠢᠨ ᠴᠢᠯᠠᠭᠤ ᠬᠤᠳᠠᠯᠳᠤᠵᠤ ᠤᠷᠤᠯᠭ᠎ᠠ ᠪᠠᠨ ᠨᠡᠮᠡᠭᠳᠡᠭᠦᠯᠵᠦ ᠪᠠᠶᠢᠭ᠎ᠠ ᠰᠠᠶᠢᠬᠠᠨ ᠴᠢᠮᠡᠭᠡ ᠤᠯᠠᠨ ᠤ ᠳᠤᠮᠳᠠ ᠳᠠᠮᠵᠢᠭᠳᠠᠵᠤ᠂ ᠲᠤᠬᠠᠢ ᠶᠢᠨ ᠭᠠᠵᠠᠷ ᠤᠨ ᠮᠠᠯᠴᠢᠳ ᠥᠪᠡᠷ ᠤᠨ ᠬᠠᠴᠢᠨ ᠴᠢᠯᠠᠭᠤ ᠪᠠᠨ ᠠᠪᠴᠢᠷᠠᠨ ᠶᠦᠩ ᠮᠧᠶ ᠪᠠᠷ ᠬᠤᠳᠠᠯᠳᠤᠭᠤᠯᠬᠤ ᠪᠣᠯᠪᠠ᠃ ᠡᠶᠢᠨ ᠬᠦ ᠲᠡᠷᠡ ᠬᠠᠭᠠᠰ ᠰᠠᠷ᠎ᠠ ᠪᠣᠯᠣᠯ ᠦᠭᠡᠢ ᠮᠠᠯᠴᠢᠳ ᠲᠤ 200 ᠭᠠᠷᠤᠢ ᠲᠦᠮᠡᠨ ᠲᠥᠭᠦᠷᠢᠭ ᠤᠨ ᠬᠠᠴᠢᠨ ᠴᠢᠯᠠᠭᠤ ᠬᠤᠳᠠᠯᠳᠤᠵᠤ ᠥᠭᠴᠡᠢ᠃          ᠶᠦᠩ ᠮᠧᠢ ᠡᠳᠦᠷ ᠪᠦᠷᠢ ᠰᠢᠭᠤᠳ ᠨᠡᠪᠲᠡᠷᠡᠭᠦᠯᠭᠡ ᠪᠠᠷ ᠬᠠᠴᠢᠨ ᠴᠢᠯᠠᠭᠤ ᠬᠤᠳᠠᠯᠳᠤᠬᠤ ᠪᠠᠨ ᠪᠠᠷᠢᠮᠲᠠᠯᠠᠵᠤ᠂ ᠪᠠᠭ᠎ᠠ ᠳᠠᠭᠠᠨ ᠡᠳᠦᠷ ᠲᠤ ᠬᠡᠳᠦᠨ ᠮᠢᠩᠭᠠᠨ ᠲᠥᠭᠦᠷᠢᠭ ᠬᠤᠳᠠᠯᠳᠤᠵᠤ᠂ ᠶᠡᠭᠡ ᠳᠡᠭᠡᠨ ᠨᠢᠭᠡ ᠯᠠ ᠤᠳᠠᠭ᠎ᠠ ᠳᠤ 68 ᠲᠦᠮᠡᠨ ᠲᠥᠭᠦᠷᠢᠭ ᠤᠨ ᠬᠠᠴᠢᠨ ᠴᠢᠯᠠᠭᠤ ᠬᠤᠳᠠᠯᠳᠤᠵᠤ ᠥᠩᠭᠡᠷᠡᠵᠡᠢ᠃ ᠶᠦᠩ ᠮᠧᠶ 2023 ᠣᠨ ᠳᠤ ᠢᠩᠭᠡᠨ ᠰᠤᠮᠤ ᠪᠣᠯᠣᠨ ᠥᠯᠵᠡᠢ ᠰᠤᠮᠤᠨ ᠤ 200 ᠭᠠᠷᠤᠢ ᠡᠷᠦᠭᠡ ᠮᠠᠯᠴᠢᠳ ᠢ ᠬᠠᠪᠰᠤᠷᠴᠤ 1000 ᠭᠠᠷᠤᠢ ᠲᠦᠮᠡᠨ ᠲᠥᠭᠦᠷᠢᠭ ᠤᠨ ᠬᠠᠴᠢᠨ ᠴᠢᠯᠠᠭᠤ ᠪᠣᠷᠣᠯᠠᠭᠤᠯᠤᠭᠰᠠᠨ ᠪᠠᠶᠢᠨ᠎ᠠ᠃          ᠡᠬᠡᠨᠡᠷ ᠤᠨ ᠢᠶᠠᠨ ᠰᠢᠭᠤᠳ ᠨᠡᠪᠲᠡᠷᠡᠭᠦᠯᠭᠡ ᠪᠠᠷ ᠬᠠᠴᠢᠨ ᠴᠢᠯᠠᠭᠤ ᠪᠣᠷᠣᠯᠠᠭᠤᠯᠵᠤ ᠪᠠᠶᠢᠭ᠎ᠠ ᠬᠥᠭᠵᠢᠶᠡᠨ ᠲᠠᠢ ᠪᠠᠶᠢᠳᠠᠯ ᠢ ᠬᠠᠨᠢ ᠨᠥᠬᠦᠷ ᠨᠠᠰᠤᠨᠵᠢᠷᠭᠠᠯ ᠨᠢ ᠦᠵᠡᠭᠡᠳ ᠵᠦᠭᠡᠷ ᠰᠠᠭᠤᠵᠤ ᠲᠡᠶᠢᠯᠭᠦ ᠪᠠᠨ ᠪᠣᠯᠢᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾  ᠶᠢᠨ ᠭᠡᠯᠪᠡᠷᠢ ᠪᠠᠷ ᠬᠠᠴᠢᠨ ᠴᠢᠯᠠᠭᠤ ᠳᠡᠯᠭᠡᠨ ᠪᠣᠷᠣᠯᠠᠭᠤᠯᠬᠤ ᠰᠣᠯᠢᠯᠴᠠᠭᠠᠨ ᠤ ᠬᠤᠷᠠᠯ ᠡᠷᠭᠢᠯᠡᠭᠦ ᠪᠤᠳᠤᠯ ᠢᠶᠠᠨ ᠲᠤᠰᠬᠠᠵᠠᠢ᠃ ᠡᠨᠡ ᠨᠢ ᠰᠤᠮᠤᠨ ᠤ ᠨᠠᠮ ᠵᠠᠰᠠᠭ ᠵᠢᠴᠢ ᠬᠤᠯᠪᠣᠭᠳᠠᠯ ᠪᠦᠬᠦᠢ ᠨᠡᠶᠢᠭᠡᠮᠯᠢᠭ ᠤᠨ ᠳᠡᠮᠵᠢᠯᠭᠡ ᠶᠢ ᠣᠯᠣᠭᠰᠠᠨ ᠪᠠᠶᠢᠨ᠎ᠠ᠃ ᠲᠡᠷᠡ ᠤᠷᠢᠯᠭ᠎ᠠ ᠪᠠᠨ ᠸᠢᠴᠠᠲ ᠢᠶᠠᠷ ᠶᠠᠪᠤᠭᠤᠯᠵᠤ᠂ ᠲᠤᠬᠠᠢ ᠶᠢᠨ ᠭᠠᠵᠠᠷ ᠤᠨ ᠪᠠ ᠭᠠᠳᠠᠷ ᠣᠷᠣᠨ ᠤ ᠴᠢᠯᠠᠭᠤᠨ ᠤ ᠠᠷᠠᠯᠵᠢᠶᠠᠴᠢᠳ ᠤᠨ ᠬᠦᠷᠢᠶᠡᠯᠡᠯ ᠢ ᠣᠯᠵᠠᠢ᠃ ᠢᠩᠭᠢᠭᠡᠳ ᠨᠠᠰᠤᠨᠵᠢᠷᠭᠠᠯ 2024 ᠣᠨ ᠤ ᠨᠠᠮᠤᠷ ᠤᠨ ᠤᠯᠠᠷᠢᠯ ᠤᠨ ︽ᠬᠠᠴᠢᠨ ᠴᠢᠯᠠᠭᠤᠨ ᠤ ᠠᠷᠠᠯᠵᠢᠶᠠᠨ ᠤ ᠴᠤᠭᠯᠠᠭᠠᠨ + ᠰᠦᠯᠵᠢᠶᠡᠨ ᠪᠣᠷᠤᠯᠠᠭᠤᠯᠭ᠎ᠠ︾ ᠵᠢᠴᠢ ︽ᠢᠩᠭᠡᠨ ᠤ ᠪᠣᠯᠵᠤᠭ᠎ᠠ︾ ᠴᠢᠯᠠᠭᠤᠨ ᠤ ᠠᠷᠠᠯᠵᠢᠶᠠᠴᠢᠳ ᠤᠨ ᠰᠣᠯᠢᠯᠴᠠᠭᠠᠨ ᠤ ᠬᠤᠷᠠᠯ ᠢᠶᠠᠨ ᠲᠣᠭᠲᠠᠭᠰᠠᠨ ᠬᠤᠭᠤᠴᠠᠭᠠᠨ ᠳᠠᠭᠠᠨ ᠥᠷᠨᠢᠭᠦᠯᠵᠦ᠂ ᠬᠤᠶᠠᠷ ᠡᠳᠦᠷ ᠤᠨ ᠬᠤᠭᠤᠴᠠᠭᠠᠨ ᠳᠤ ᠨᠢᠩᠰᠢᠶᠠ ᠂ ᠾᠧᠨᠠᠨ᠂ ᠪᠡᠭᠡᠵᠢᠩ᠂ ᠱᠠᠩᠬᠠᠢ᠂ ᠬᠤᠪᠧᠢ ᠵᠡᠷᠭᠡ ᠭᠠᠵᠠᠷ ᠤᠨ ᠠᠷᠠᠯᠵᠢᠶᠠᠴᠢᠳ ᠪᠣᠯᠣᠨ ᠲᠤᠬᠠᠢ ᠶᠢᠨ ᠭᠠᠵᠠᠷ ᠤᠨ 90 ᠭᠠᠷᠤᠢ ᠮᠠᠯᠴᠢᠨ ᠡᠷᠦᠭᠡ ᠵᠡᠷᠭᠡ 500 ᠭᠠᠷᠤᠢ ᠬᠥᠮᠥᠨ ᠡᠨᠡ ᠤᠳᠠᠭᠠᠨ ᠤ ᠴᠤᠭᠯᠠᠭᠠᠨ ᠳᠤ ᠤᠷᠤᠯᠴᠠᠵᠦ᠂ ᠡᠭᠦᠨ ᠳᠤ 20 ᠭᠠᠷᠤᠢ ᠡᠷᠦᠭᠡ ᠮᠠᠯᠴᠢᠳ ᠰᠦᠯᠵᠢᠶᠡᠨ ᠤ ᠰᠢᠭᠤᠳ ᠨᠡᠪᠲᠡᠷᠡᠭᠦᠯᠭᠡ ᠳᠤ ᠤᠷᠤᠯᠴᠠᠬᠰᠠᠨ ᠪᠥᠭᠡᠳ ᠬᠤᠶᠠᠷ ᠡᠳᠦᠷ ᠤᠨ ᠰᠣᠯᠢᠯᠴᠠᠭᠠᠨ ᠤ ᠬᠤᠷᠠᠯ ᠤᠨ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠨᠢ 60 ᠭᠠᠷᠤᠢ ᠲᠦᠮᠡᠨ ᠲᠥᠭᠦᠷᠢᠭ ᠲᠤ ᠬᠦᠷᠴᠡᠢ᠃          ᠨᠠᠰᠤᠨᠵᠢᠷᠭᠠᠯ ᠮᠠᠯᠵᠢᠬᠤ ᠣᠷᠣᠨ ᠳᠤ ᠬᠠᠴᠢᠨ ᠴᠢᠯᠠᠭᠤᠨ ᠤ ᠳᠡᠯᠭᠡᠨ ᠪᠣᠷᠣᠯᠠᠭᠤᠯᠬᠤ ᠰᠣᠯᠢᠯᠴᠠᠭᠠᠨ ᠤ ᠴᠤᠭᠯᠠᠭᠠᠨ ᠢ ᠲᠤᠷᠰᠢᠨ ᠡᠷᠭᠢᠯᠡᠭᠡᠳ ᠠᠮᠵᠢᠯᠲᠠ ᠣᠯᠵᠤ᠂ ᠬᠠᠨᠢ ᠨᠥᠬᠦᠷ ᠬᠤᠶᠠᠭᠤᠯᠠ ᠶᠢᠨ ᠬᠠᠴᠢᠨ ᠴᠢᠯᠠᠭᠤᠨ ᠤ ᠦᠢᠯᠡᠰ ᠤᠯᠠᠨ ᠤ ᠬᠠᠷᠠᠭᠠᠨ ᠳᠤ ᠲᠤᠰᠤᠯ᠎ᠠ᠃ ᠨᠠᠰᠤᠨᠵᠢᠷᠭᠠᠯ᠄ ︽ᠤᠳᠤ ᠲᠡᠭᠷᠢ ᠤᠯᠠᠮ ᠠᠴᠠ ᠤᠯᠠᠮ ᠬᠦᠢᠲᠡᠷᠡᠯ᠎ᠡ᠂ ᠢᠷᠡᠬᠦ ᠵᠢᠯ ᠳᠤᠯᠠᠭᠠᠷᠠᠬᠤ ᠦᠶ᠎ᠡ ᠪᠠᠷ ᠪᠢ ᠰᠠᠷ᠎ᠠ ᠪᠦᠷᠢ ᠨᠢᠭᠡ ᠤᠳᠠᠭ᠎ᠠ ᠡᠶᠢᠮᠦ ᠬᠠᠴᠢᠨ ᠴᠢᠯᠠᠭᠤᠨ ᠤ ᠳᠡᠯᠭᠡᠨ ᠪᠣᠷᠣᠯᠠᠭᠤᠯᠬᠤ ᠰᠣᠯᠢᠯᠴᠠᠭᠠᠨ ᠤ ᠬᠤᠷᠠᠯ ᠵᠣᠬᠢᠶᠠᠨ ᠪᠠᠶᠢᠭᠤᠯᠵᠤ᠂ ᠮᠠᠯᠴᠢᠳ ᠢᠶᠠᠨ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ︾ ᠭᠡᠵᠦ ᠪᠠᠶᠢᠪᠠ᠃          ᠢᠩᠭᠡᠨ ᠰᠤᠮᠤᠨ ᠤ ᠨᠠᠮ ᠤᠨ ᠬᠤᠷᠢᠶ᠎ᠠ ᠶᠢᠨ ᠱᠦᠵᠢ ᠲᠡᠭᠦᠰ᠄ ︽ᠪᠢᠳᠠ ᠲᠤᠷᠰᠢᠯᠭ᠎ᠠ ᠪᠠᠨ ᠲᠠᠰᠤᠷᠠᠯᠲᠠ ᠦᠭᠡᠢ ᠳ᠋ᠦᠩᠨᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠠᠴᠢᠨ ᠴᠢᠯᠠᠭᠤ ᠪᠣᠷᠣᠯᠠᠭᠤᠯᠬᠤ ᠵᠠᠭᠪᠤᠷ ᠢ ᠰᠦᠪᠡᠭᠴᠢᠯᠡᠨ ᠲᠡᠭᠦᠯᠳᠡᠷᠵᠢᠭᠦᠯᠵᠦ᠂ ᠬᠠᠴᠢᠨ ᠴᠢᠯᠠᠭᠤ ᠶᠢ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠬᠦ ᠪᠠᠰᠠ ᠨᠢᠭᠡᠨ ᠠᠷᠭ᠎ᠠ ᠵᠠᠮ ᠪᠤᠯᠭᠠᠬᠤ ᠪᠠᠷ ᠴᠢᠷᠮᠠᠶᠢᠨ᠎ᠠ︾ ᠭᠡᠯ᠎ᠡ᠃    
 
ᠢᠷᠡᠯᠲᠡ᠄ ᠠᠯᠠᠱᠠ ᠶᠢᠨ ᠡᠳᠦᠷ ᠤᠨ ᠰᠣᠨᠢᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号