ᠮᠠᠨ ᠤ ᠣᠷᠣᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠪᠠᠷ ᠤᠳᠤᠷᠢᠳᠤᠮᠵᠢ ᠪᠤᠯᠭᠠᠬᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠪᠤᠢ
ᠨᠡᠶᠢᠲᠡᠯᠡᠭᠰᠡᠨ ᠴᠠᠭ᠄
2024/12/30
                               ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠦ ᠮᠡᠳᠡᠭᠡ ᠵᠠᠩᠭᠢ ᠪᠠᠷ ᠤᠳᠤᠷᠢᠳᠤᠮᠵᠢ ᠪᠤᠯᠭᠠᠬᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠮᠡᠳᠡᠭᠳᠡᠯ︾ ︵ᠳᠣᠣᠷ᠎ᠠ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠳᠤᠮᠳᠠᠬᠢ ᠴᠠᠭ ᠠᠭᠤᠷ  ᠤᠨ ᠭᠠᠮᠰᠢᠭ ᠤᠨ ᠰᠡᠷᠡᠮᠵᠢᠯᠡᠭᠦᠯᠭᠦ ᠮᠡᠳᠡᠭᠡ ᠵᠠᠩᠭᠢ ᠶᠢᠨ ᠦᠨᠳᠦᠰᠦᠨ ᠴᠢᠨᠠᠷᠲᠠᠢ᠂ ᠤᠷᠢᠳᠠᠴᠢ ᠴᠢᠨᠠᠷᠲᠠᠢ ᠦᠢᠯᠡᠳᠦᠯ  ᠢ ᠭᠦᠢᠴᠡᠳ ᠪᠠᠳᠠᠷᠠᠭᠤᠯᠵᠤ᠂ ᠲᠤᠶᠢᠯ ᠤᠨ ᠴᠠᠭ ᠠᠭᠤᠷ ᠢ ᠰᠡᠷᠭᠡᠶᠢᠯᠡᠨ ᠠᠷᠭᠠᠴᠠᠭᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠤᠨ᠎ᠠ ᠭᠡᠵᠦ ᠲᠣᠳᠣᠷᠬᠠᠶᠢᠯᠠᠪᠠ᠃              ︽ᠮᠡᠳᠡᠭᠳᠡᠯ︾ ᠳᠤ᠂ ᠮᠠᠨ ᠤ ᠣᠷᠣᠨ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠦ ᠮᠡᠳᠡᠭᠡ ᠵᠠᠩᠭᠢ ᠪᠠᠷ ᠤᠳᠤᠷᠢᠳᠤᠮᠵᠢ ᠪᠤᠯᠭᠠᠬᠰᠠᠨ ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ  ᠶᠢ ᠪᠠᠶᠢᠭᠤᠯᠤᠨ ᠪᠦᠷᠢᠨᠰᠢᠭᠦᠯᠦᠨ᠎ᠡ᠃ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠣᠰᠣᠭᠠᠷ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠵᠦ᠂ ᠪᠤᠰᠤᠳ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ ᠪᠤᠯᠬᠤ ᠦᠭᠡᠶ; ᠳᠡᠭᠡᠳᠦ ᠲᠠᠰ ᠤᠨ ᠴᠠᠭ ᠠᠭᠤᠷ  ᠤᠨ ᠭᠠᠮᠰᠢᠭ ᠢ ᠰᠡᠷᠡᠮᠵᠢᠯᠡᠭᠦᠯᠭᠦ ︽ᠳᠠᠭᠤᠳᠠᠬᠤ︾ ᠲᠣᠭᠲᠠᠴᠠ ᠶᠢ ᠴᠢᠩᠭᠠᠷᠠᠭᠤᠯᠤᠨ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠳᠡᠭᠡᠳᠦ ᠲᠠᠰ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ︽ᠳᠠᠭᠤᠳᠠᠬᠤ︾ ᠦᠢᠯᠡᠴᠢᠯᠡᠭᠡᠨ ᠤ ᠪᠠᠷᠢᠮᠵᠢᠶ᠎ᠠ ᠪᠣᠯᠣᠨ ᠠᠵᠢᠯ ᠤᠨ ᠳᠡᠰ ᠳᠠᠷᠠᠭᠠᠯᠠᠯ ᠶᠣᠰᠣᠭᠠᠷ ᠭᠠᠮᠰᠢᠭ ᠢ ᠰᠡᠷᠭᠡᠶᠢᠯᠡᠬᠦ ᠪᠠᠶᠢᠷᠢᠯᠠᠭᠤᠯᠤᠯᠲᠠ ᠶᠢᠨ ᠠᠵᠢᠯ ᠢ ᠴᠠᠭ ᠲᠤᠬᠠᠢ ᠳᠤᠨᠢ ᠰᠠᠶᠢᠲᠤᠷ ᠭᠢᠨ᠎ᠠ; ᠴᠠᠭ ᠠᠭᠤᠷ ᠤᠨ ᠰᠠᠯᠠᠭ᠎ᠠ ᠮᠥᠴᠢᠷ  ᠠᠴᠠ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠨᠥᠯᠥᠭᠡᠯᠡᠭᠳᠡᠭᠰᠡᠨ ᠭᠠᠵᠠᠷ ᠣᠷᠣᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠱᠠᠲᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠦᠨᠳᠦᠰᠦᠯᠡᠨ ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠰᠠᠶᠢᠲᠤᠷ ᠭᠢᠨ᠎ᠠ; ᠬᠦᠨᠳᠦ ᠶᠡᠭᠡ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠦ ᠮᠡᠳᠡᠭᠡ ᠵᠠᠩᠭᠢ ᠶᠢᠨ ᠬᠢᠴᠢᠶᠡᠯ ᠵᠣᠬᠰᠣᠬᠤ᠂ ᠠᠵᠢᠯ ᠵᠣᠬᠰᠣᠬᠤ᠂ ᠲᠡᠭᠡᠭᠡᠪᠦᠷᠢ ᠵᠣᠬᠰᠣᠬᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠡᠷᠡᠮᠵᠢᠯᠡᠭᠦᠯᠭᠦ ᠮᠡᠳᠡᠭᠡ ᠵᠠᠩᠭᠢ ᠶᠢᠨ ᠵᠡᠷᠭᠡ ᠳᠡᠰ᠂ ᠨᠥᠯᠥᠭᠡᠯᠡᠬᠦ ᠣᠷᠣᠨ ᠪᠦᠰᠡ ᠶᠢ ᠦᠨᠳᠦᠰᠦᠯᠡᠨ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠴᠢᠬᠤᠯᠠ ᠲᠠᠢ ᠦᠶ᠎ᠡ ᠳᠤ ᠬᠢᠴᠢᠶᠡᠯ ᠵᠣᠬᠰᠣᠬᠤ᠂ ᠠᠵᠢᠯ ᠵᠣᠬᠰᠣᠬᠤ᠂ ᠲᠡᠭᠡᠭᠡᠪᠦᠷᠢ ᠵᠣᠬᠰᠣᠬᠤ ᠠᠷᠭ᠎ᠠ ᠬᠡᠮᠵᠢᠶ᠎ᠡ ᠶᠢ ᠡᠷᠡᠰ ᠰᠢᠭᠤᠷᠬᠠᠢ ᠠᠪᠤᠨ᠎ᠠ; ᠶᠡᠭᠡ ᠰᠢᠷᠦᠭᠦᠨ ᠪᠣᠷᠣᠭᠠᠨ᠂ ᠴᠢᠩᠭ᠎ᠠ ᠰᠣᠯᠢᠭ ᠤᠷᠤᠰᠬᠠᠯᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ ᠭᠡᠵᠦ ᠳᠤᠷᠠᠳᠪᠠ᠃              ︽ᠮᠡᠳᠡᠭᠳᠡᠯ︾ ᠳᠤ᠂ ᠡᠯ᠎ᠡ ᠭᠠᠵᠠᠷ ᠣᠷᠣᠨ ᠤ ᠬᠢᠨ ︽ᠨᠠᠮ ᠤᠨ ᠬᠤᠷᠢᠶ᠎ᠠ ᠤᠳᠤᠷᠢᠳᠤᠨ᠂ ᠵᠠᠰᠠᠭ  ᠤᠨ ᠣᠷᠳᠣᠨ ᠭᠤᠣᠯᠯᠠᠵᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠨᠡᠶᠢᠭᠡᠮ ᠳᠠᠶᠠᠭᠠᠷ ᠢᠶᠠᠷ ᠢᠶᠠᠨ ᠣᠷᠤᠯᠴᠠᠬᠤ︾ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠴᠠ ᠶᠢ ᠪᠦᠷᠢᠨᠰᠢᠭᠦᠯᠬᠦ ᠭᠡᠷᠡᠭᠳᠡᠢ; ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢ ᠳᠡᠮᠵᠢᠬᠦ ᠠᠵᠢᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠦᠷᠦ ᠶᠢᠨ ᠪᠣᠳᠣᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠬᠤ ᠭᠡᠷᠡᠭᠳᠡᠢ; ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ  ᠶᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠪᠠᠶᠢᠴᠠᠭᠠᠨ ᠰᠤᠳᠤᠯᠵᠤ᠂ ᠬᠠᠮᠲᠤ ᠳᠤᠨᠢ ᠬᠢᠨᠠᠯᠲᠠ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃                              
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号