ᠠᠯᠠᠱᠠ ᠠᠶᠢᠮᠠᠭ ᠤᠨ ᠨᠢᠭᠡ ᠲᠦᠷᠤᠯ ᠤᠨ ᠦᠢᠯᠡᠴᠢᠯᠡᠭᠡ ᠪᠦᠭᠦ ᠣᠷᠣᠨ ᠤ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠤᠯᠳᠤᠭᠠᠨ ᠳᠤ ᠠᠯᠳᠠᠨ ᠱᠠᠩ ᠬᠦᠷᠲᠡᠵᠡᠢ
ᠨᠡᠶᠢᠲᠡᠯᠡᠭᠰᠡᠨ ᠴᠠᠭ᠄
2024/12/30
                 ● ᠸᠧᠢ ᠴᠢᠶᠠᠩ               ᠣᠶᠢᠷ᠎ᠠ ᠶᠢᠨ ᠡᠳᠦᠷ᠂ ᠪᠦᠭᠦ ᠣᠷᠣᠨ ᠤ ᠶᠢᠰᠦᠳᠦᠭᠡᠷ ᠬᠤᠭᠤᠴᠠᠭᠠᠨ ᠤ ᠵᠠᠯᠠᠭᠤᠴᠤᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠤᠷᠤᠯᠳᠤᠭᠠᠨ ᠳᠤ᠂ ᠠᠯᠠᠱᠠ ᠠᠶᠢᠮᠠᠭ ᠤᠨ ᠵᠡᠮᠳᠡᠭᠴᠦᠳ ᠢ ᠲᠡᠳᠬᠦᠵᠦ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠠᠯᠳᠠᠨ ᠱᠠᠩᠨᠠᠯ ᠭᠥᠷᠳᠡᠭᠰᠡᠨ ᠪᠠᠶᠢᠨ᠎ᠠ᠃              ᠠᠯᠠᠱᠠ ᠠᠶᠢᠮᠠᠭ ᠤᠨ ᠰᠣᠩᠭᠤᠨ ᠳᠡᠪᠰᠢᠭᠦᠯᠦᠭᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ 6 ᠲᠥᠷᠥᠯ ᠵᠦᠢᠯ ᠤᠨ ᠳᠣᠲᠣᠷ᠎ᠠ᠂ ᠠᠯᠠᠱᠠ ᠠᠶᠢᠮᠠᠭ ᠤᠨ ᠨᠡᠶᠢᠭᠡᠮ ᠤᠨ ᠠᠵᠢᠯ ᠤᠨ ᠬᠥᠭᠵᠢᠯᠲᠡ ᠶᠢᠨ ᠦᠢᠯᠡᠴᠢᠯᠡᠭᠡᠨ ᠤ ᠲᠥᠪ ᠤᠨ ᠵᠡᠮᠳᠡᠭᠴᠦᠳ ᠢ ᠲᠡᠳᠬᠦᠵᠦ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠠᠯᠲᠠᠨ ᠱᠠᠩᠨᠠᠯ ᠭᠦᠷᠳᠡᠪᠡ᠃ ᠲᠣᠰ ᠲᠥᠷᠥᠯ ᠵᠦᠢᠯ ᠨᠢ ᠵᠡᠮᠳᠡᠭᠴᠦᠳ ᠤᠨ ᠡᠷᠡᠭᠦᠯᠵᠢᠯ᠂ ᠠᠮᠢᠳᠤᠷᠠᠯ ᠤᠨ ᠬᠠᠷᠠᠭᠠᠯᠵᠠᠯ᠂ ᠰᠡᠳᠬᠢᠴᠡ ᠶᠢᠨ ᠵᠢᠯᠣᠭᠤᠳᠤᠯᠭ᠎ᠠ᠂ ᠣᠷᠤᠭ ᠬᠤᠷᠢᠮ᠂ ᠨᠡᠶᠢᠭᠡᠮ ᠳᠤ ᠠᠭᠤᠰᠤᠯᠴᠠᠬᠤ ᠂ ᠠᠵᠢᠯ ᠣᠯᠵᠤ ᠦᠢᠯᠡᠰ ᠪᠦᠲᠦᠭᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ︽ᠨᠡᠶᠢᠭᠡᠮ ᠤᠨ ᠠᠵᠢᠯᠲᠠᠨ + ᠰᠠᠶᠢᠨ ᠳᠤᠷ᠎ᠠ ᠶᠢᠨ ᠠᠵᠢᠯᠯᠠᠭᠴᠢ︾ ᠶᠢᠨ ᠦᠢᠯᠡᠴᠢᠯᠡᠭᠡᠨ ᠤ ᠵᠠᠭᠪᠤᠷ ᠢ ᠬᠡᠷᠡᠭᠯᠡᠵᠦ ᠪᠤᠢ᠃ ᠡᠭᠦᠨ ᠤ ᠬᠠᠮᠲᠤ ᠤᠯᠠᠨ ᠭᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠷᠭᠢᠯᠡᠭᠦ ᠪᠠᠷ ᠳᠠᠮᠵᠢᠭᠤᠯᠤᠨ ᠵᠡᠮᠳᠡᠭᠴᠦᠳ ᠢ ᠬᠠᠪᠰᠤᠷᠤᠨ ᠨᠡᠶᠢᠭᠡᠮ ᠳᠤ ᠢᠳᠡᠪᠬᠢᠲᠡᠢ ᠠᠭᠤᠰᠤᠯᠴᠠᠭᠤᠯᠵᠤ᠂ ᠵᠡᠮᠳᠡᠭᠴᠦᠳ ᠤᠨ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ ᠢᠲᠡᠭᠡᠯ ᠵᠣᠷᠢᠭ ᠢ ᠬᠥᠭᠵᠢᠭᠡᠵᠦ᠂ ᠰᠠᠶᠢᠨ ᠰᠠᠶᠢᠬᠠᠨ ᠠᠮᠢᠳᠤᠷᠠᠯ ᠢ ᠴᠢᠷᠮᠠᠶᠢᠨ ᠴᠣᠭᠴᠠᠯᠠᠬᠤ ᠤᠷᠮ᠎ᠠ ᠵᠣᠷᠢᠭ ᠢ ᠬᠥᠭᠵᠢᠭᠡᠬᠦ  ᠪᠠᠷ ᠵᠣᠷᠢᠵᠠᠢ᠃              ᠣᠶᠢᠷ᠎ᠠ ᠶᠢᠨ ᠵᠢᠯ ᠠᠴᠠ᠂ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠶᠡᠭᠡ ᠪᠠᠷ ᠬᠥᠭᠵᠢᠭᠦᠯᠵᠦ᠂ ᠵᠠᠰᠠᠭ ᠤᠨ ᠣᠷᠳᠣᠨ ᠤ ᠭᠤᠣᠯᠯᠠᠨ ᠤᠳᠤᠷᠢᠳᠬᠤ ᠦᠢᠯᠡᠳᠦᠯ ᠪᠣᠯᠣᠨ ᠨᠡᠶᠢᠭᠡᠮ ᠤᠨ ᠬᠦᠴᠦᠨ ᠤ ᠬᠠᠮᠵᠢᠯᠴᠠᠬᠤ ᠦᠢᠯᠡᠳᠦᠯ ᠢ ᠪᠠᠳᠠᠷᠠᠭᠤᠯᠤᠨ᠂ 2022 ᠣᠨ ᠠᠴᠠ ᠨᠠᠭᠠᠰᠢ ᠵᠠᠯᠭᠠᠭ᠎ᠠ ᠪᠠᠷ ᠤᠯᠠᠨ ᠭᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ︽1+N︾ ᠠᠵᠢᠯ ᠤᠨ ᠠᠷᠭ᠎ᠠ ᠪᠠᠷ ᠳᠠᠮᠵᠢᠭᠤᠯᠤᠨ᠂ ᠡᠯ᠎ᠡ ᠰᠠᠯᠠᠭ᠎ᠠ ᠮᠥᠴᠢᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠪᠠᠶᠢᠭᠠᠳ ᠵᠡᠮᠳᠡᠭᠴᠦᠳ ᠤᠨ ᠦᠢᠯᠡᠳᠪᠦᠷᠢᠯᠡᠯ ᠠᠮᠢᠳᠤᠷᠠᠯ ᠤᠨ ᠲᠠᠯ᠎ᠠ ᠪᠠᠷ ᠬᠢ ᠡᠯ᠎ᠡ ᠵᠦᠢᠯ ᠤᠨ ᠬᠦᠴᠢᠷᠳᠡᠯ ᠢ ᠴᠢᠷᠮᠠᠶᠢᠨ ᠰᠢᠢᠳᠪᠦᠷᠢᠯᠡᠭᠰᠡᠭᠡᠷ ᠢᠷᠡᠵᠠᠢ᠃ ᠡᠭᠦᠨ ᠠᠴᠠ ᠭᠠᠳᠠᠨ᠎ᠠ᠂ ᠠᠶᠢᠮᠠᠭ ᠤᠨ ᠵᠡᠮᠳᠡᠭᠴᠦᠳ ᠤᠨ ᠬᠤᠯᠪᠤᠭ᠎ᠠ ᠪᠠᠰᠠ ᠨᠡᠶᠢᠭᠡᠮ ᠤᠨ ᠰᠠᠶᠢᠨ ᠳᠤᠷ᠎ᠠ ᠶᠢᠨ 8 ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ ᠠᠮᠢᠳᠤᠷᠠᠯ ᠬᠦᠴᠢᠷᠳᠡᠯᠲᠡᠢ 8 ᠵᠡᠮᠳᠡᠭᠴᠦᠳ ᠲᠠᠢ ᠬᠤᠯᠪᠤᠭ᠎ᠠ ᠪᠠᠶᠢᠭᠤᠯᠵᠤ᠂ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ ︽ᠨᠠᠨᠳᠢᠨ ᠬᠠᠶᠢᠷ᠎ᠠ ᠶᠢᠨ ᠠᠵᠢᠯᠯᠠᠭ᠎ᠠ︾᠂ ︽ᠤᠮᠠᠷᠠᠲᠤ ᠬᠢᠯᠢ ᠶᠢᠨ ᠰᠠᠶᠢᠨ ᠳᠤᠷ᠎ᠠ ᠶᠢᠨ ᠠᠵᠢᠯᠯᠠᠭ᠎ᠠ︾ ᠵᠡᠷᠭᠡ ᠠᠵᠢᠯᠯᠠᠭ᠎ᠠ ᠪᠠᠷ ᠲᠠᠮᠵᠢᠨ ᠵᠡᠮᠳᠡᠭᠴᠦᠳ ᠤᠨ ᠲᠤᠰᠬᠠᠭᠰᠠᠨ 135 ᠵᠦᠢᠯ ᠤᠨ ᠬᠦᠰᠡᠯ ᠱᠠᠭᠠᠷᠳᠠᠯᠭ᠎ᠠ ᠶᠢ ᠪᠡᠶᠡᠯᠡᠭᠦᠯᠵᠦ ᠥᠭᠭᠦᠭᠰᠡᠨ ᠪᠠᠶᠢᠨ᠎ᠠ᠃  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号