| | ● ᠶᠠᠨ ᠴᠧᠨ ᠴᠧᠨ | ᠠᠶᠢᠮᠠᠭ ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ ᠤ ᠪᠦᠷᠢᠳᠬᠡᠯ ᠢ ᠦᠨᠳᠦᠰᠦᠯᠡᠪᠡᠯ | ᠂ ᠡᠨᠡ ᠵᠢᠯ ᠤᠨ ᠲᠡᠷᠭᠡᠯ ᠰᠠᠷ᠎ᠠ ᠶᠢᠨ ᠪᠠᠶᠠᠷ ᠤᠨ ᠬᠤᠭᠤᠴᠠᠭᠠᠨ ᠳᠤ᠂ ᠠᠯᠠᠱᠠ ᠠᠶᠢᠮᠠᠭ ᠤᠯᠤᠰ ᠤᠨ ᠳᠣᠲᠣᠭᠠᠳᠤ | ᠭᠠᠳᠠᠭᠠᠳᠤ ᠶᠢᠨ 32.18 ᠲᠦᠮᠡᠨ ᠲᠣᠭᠤᠷᠢᠨ ᠵᠤᠭᠠᠴᠠᠭᠰᠠᠳ ︵ᠤᠳᠠᠭ᠎ᠠ︶ ᠢ ᠭᠥᠯᠢᠶᠡᠨ ᠵᠣᠴᠢᠯᠠᠵᠤ᠂ 2023 | ᠣᠨ ᠤ ᠠᠳᠠᠯᠢ ᠬᠤᠭᠤᠴᠠᠭᠠᠨ ᠪ᠊ ᠬᠢ ᠠᠴᠠ 12.32% ᠢᠶᠠᠷ ᠨᠡᠮᠡᠭᠳᠡᠪᠡ;2.18 ᠳ᠋ᠦᠩᠰᠢᠭᠤᠷ | ᠲᠥᠭᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠡᠭᠦᠳᠴᠦ᠂ 2023 ᠣᠨ ᠤ ᠠᠳᠠᠯᠢ ᠬᠤᠭᠤᠴᠠᠭᠠᠨ ᠪ᠊ ᠬᠢ ᠠᠴᠠ | 20.71% ᠪᠠᠷ ᠨᠡᠮᠡᠭᠳᠡᠭᠰᠡᠨ ᠪᠠᠶᠢᠨ᠎ᠠ᠃ | ᠴᠠᠭ ᠠᠭᠤᠷ ᠤᠨ ᠨᠥᠯᠥᠭᠡ ᠠᠴᠠ ᠪᠣᠯᠵᠤ᠂ ᠠᠯᠠᠱᠠ ᠠᠶᠢᠮᠠᠭ ᠤᠨ ᠵᠢᠭᠤᠯᠴᠢᠳ ᠭᠤᠣᠯᠳᠠᠭᠤ ᠭᠡᠷ | ᠬᠤᠲᠠᠯᠠᠭᠠᠷ ᠢᠶᠠᠨ ᠲᠣᠭᠤᠷᠢᠵᠤ ᠵᠤᠭᠠᠯᠠᠬᠤ ᠪᠠᠷ ᠭᠤᠣᠯ ᠪᠤᠯᠭᠠᠬᠰᠠᠨ ᠣᠶᠢᠷ᠎ᠠ ᠲᠡᠭᠦᠷᠭᠡ ᠶᠢᠨ ᠵᠢᠭᠤᠯᠴᠢᠯᠠᠯ᠂ | ᠣᠶᠢᠷ᠎ᠠ ᠱᠤᠭᠤᠮ ᠤᠨ ᠵᠢᠭᠤᠯᠴᠢᠯᠠᠯ᠂ ᠬᠤᠪᠢ ᠶᠢᠨ ᠮᠠᠰᠢᠨ ᠲᠡᠷᠭᠡᠨ ᠤ ᠵᠢᠭᠤᠯᠴᠢᠯᠠᠯ᠂ ᠨᠣᠭᠤᠭ᠎ᠠ ᠵᠢᠮᠢᠰ ᠲᠡᠭᠦᠬᠦ᠂ | ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠵᠡᠷᠭᠡ ᠰᠡᠯᠡᠭᠦᠴᠡᠯ ᠵᠢᠭᠤᠯᠴᠢᠯᠠᠯ ᠢᠶᠠᠷ ᠭᠤᠣᠯᠯᠠᠵᠤ᠂ ᠭᠠᠳᠠᠨᠠᠬᠢ ᠵᠨ | ᠵᠤᠭᠠᠴᠠᠭᠰᠠᠳ ᠭᠤᠣᠯᠳᠠᠭᠤ ᠨᠢᠩᠰᠢᠶᠠ᠂ ᠱᠠᠨᠰᠢ᠂ ᠰᠧᠴᠦᠸᠠᠨ᠂ ᠭᠠᠨᠰᠤ᠂ ᠾᠧᠪᠧᠢ᠂ ᠾᠧᠨᠠᠨ᠂ ᠪᠡᠭᠡᠵᠢᠩ᠂ | ᠱᠠᠩᠬᠠᠢ᠂ ᠱᠠᠨ ᠰᠢ᠂ ᠭᠤᠸᠠᠩᠳᠦ᠋ᠩ᠂ ᠵᠧᠵᠢᠶᠠᠩ ᠵᠡᠷᠭᠡ ᠮᠤᠵᠢ ᠣᠷᠣᠨ ᠬᠤᠳᠠ ᠵᠢᠴᠢ ᠦᠬᠠᠢ᠂ ᠪᠠᠶᠠᠨᠨᠠᠭᠤᠷ᠂ | ᠣᠷᠳᠣᠰ᠂ ᠭᠦᠭᠡᠬᠤᠲᠠ᠂ ᠪᠤᠭᠤᠲᠤ ᠵᠡᠷᠭᠡ ᠡᠷᠭᠢᠨ ᠲᠣᠭᠤᠷᠢᠨ ᠤ ᠠᠶᠢᠮᠠᠭ ᠬᠤᠳᠠ ᠶᠢᠨ ᠲᠣᠭᠤᠷᠢᠨ ᠵᠤᠭᠠᠴᠠᠭᠰᠠᠳ | ᠢᠶᠠᠷ ᠭᠤᠣᠯᠯᠠᠵᠠᠢ᠃ | ᠠᠯᠠᠱᠠ ᠠᠶᠢᠮᠠᠭ ᠤᠨ ᠡᠯ᠎ᠡ ᠬᠤᠰᠢᠭᠤ ᠣᠷᠣᠨ᠂ ᠡᠯ᠎ᠡ ᠦᠵᠡᠮᠵᠢ ᠶᠢᠨ ᠣᠷᠣᠨ ᠤ ᠬᠢᠨ ᠤᠷᠠᠨ | ᠰᠠᠶᠢᠬᠠᠨ ᠤ ᠲᠤᠬᠯᠠᠯᠳᠠ᠂ ᠣᠨᠢᠰᠤᠭ᠎ᠠ ᠲᠠᠭᠠᠬᠤ᠂ ᠲᠡᠷᠭᠡᠯ ᠰᠠᠷ᠎ᠠ ᠶᠢᠨ ᠪᠠᠶᠠᠷ ᠤᠨ ᠭᠤᠣᠯ ᠰᠡᠳᠦᠪᠲᠦ ᠡᠯ᠎ᠡ ᠵᠦᠢᠯ | ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠷᠨᠢᠭᠦᠯᠦᠨ᠂ ᠲᠣᠭᠤᠷᠢᠨ ᠵᠤᠭᠠᠴᠠᠭᠰᠠᠳ ᠤᠨ ᠠᠩᠬᠠᠷᠤᠯ ᠢ | ᠲᠠᠲᠠᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃ | | |