| ᠣᠶᠢᠷ᠎ᠠ ᠳᠤ᠂ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠡᠯ᠎ᠡ ᠡᠮᠨᠡᠯᠭᠡ ᠶᠢᠨ | ᠲᠥᠪ ᠪᠠ ᠶᠢᠰᠦᠳᠦᠭᠡᠷ ᠡᠮᠨᠡᠯᠭᠡ ᠶᠢᠨ ᠲᠥᠪ ᠢᠶᠠᠷ ᠪᠦᠷᠢᠯᠳᠦᠭᠰᠡᠨ ︽ᠬᠤᠪᠢᠯᠭᠠᠨ ᠣᠩᠭᠤᠴᠠ ᠶᠢᠨ ᠡᠮᠴᠢᠯᠡᠭᠡᠨ ᠤ | ᠠᠩᠭᠢ︾ ᠡᠵᠡᠨ᠎ᠡ ᠬᠤᠰᠢᠭᠤᠨ ᠳᠤ ᠢᠷᠡᠵᠣ᠂ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠶᠢ ᠥᠷᠨᠢᠭᠦᠯᠵᠡᠢ᠃ | | ᠲᠣᠰ ᠤᠳᠠᠭᠠᠨ ᠤ ᠡᠮᠴᠢᠯᠡᠭᠡ ᠬᠦᠷᠭᠡᠬᠦ ᠠᠵᠢᠯᠯᠠᠭ᠎ᠠ ᠪᠣᠯ ︽ᠬᠤᠪᠢᠯᠭᠠᠨ ᠣᠩᠭᠤᠴᠠ ᠶᠢᠨ | ᠡᠮᠴᠢᠯᠡᠭᠡᠨ ᠤ ᠠᠩᠭᠢ︾ ᠨᠢ ᠬᠤᠪᠢᠯᠭᠠᠨ ᠣᠩᠭᠤᠴᠠ ᠠᠷᠪᠠ ᠶᠢᠰᠦᠳᠦᠭᠡᠷ ᠪᠣᠯᠣᠨ ᠬᠤᠪᠢᠯᠭᠠᠨ ᠣᠩᠭᠤᠴᠠ ᠠᠷᠪᠠᠨ | ᠨᠠᠢᠮᠠᠳᠤᠭᠠᠷ ᠰᠠᠨᠰᠠᠷᠴᠢᠨ ᠤ ᠡᠷᠡᠭᠦᠯ ᠮᠡᠨᠳᠦ ᠶᠢᠨ ᠪᠠᠲᠤᠯᠠᠭ᠎ᠠ ᠶᠢᠨ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ | ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠲᠤ ᠥᠨᠳᠥᠷ ᠲᠦᠪᠰᠢᠨ ᠤ ᠡᠮᠴᠢᠯᠡᠭᠡᠨ ᠤ ᠦᠢᠯᠡᠴᠢᠯᠡᠭᠡ ᠶᠢ | ᠡᠳ᠋ᠯᠡᠭᠦᠯᠵᠡᠢ᠃ ᠡᠵᠡᠨ᠎ᠡ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠠᠯᠪᠠᠨ ᠵᠢᠷᠤᠮ ᠤᠨ ᠡᠮᠴᠢᠯᠡᠭᠡᠨ ᠤ | ᠲᠤᠬᠠᠢ ᠶᠢᠨ ᠲᠠᠯᠠᠪᠠᠶ ᠳᠤ᠂ ᠲᠤᠰᠬᠠᠢ ᠮᠡᠷᠭᠡᠵᠢᠯᠲᠡᠳ ᠬᠦᠯᠢᠴᠡᠩᠭᠦᠢ᠂ ᠨᠠᠷᠢᠨ ᠨᠢᠮᠪᠠᠢ ᠣᠪᠣᠷ ᠢᠶᠠᠷ ᠰᠠᠭᠤᠭᠠᠯᠢ | ᠠᠷᠠᠳ ᠲᠤ ᠡᠮᠴᠢᠯᠡᠭᠡᠨ ᠤ ᠵᠥᠪᠯᠡᠯᠭᠡ᠂ ᠡᠷᠡᠭᠦᠯ ᠮᠡᠨᠳᠦ ᠶᠢᠨ ᠪᠠᠶᠢᠴᠠᠭᠠᠯᠲᠠ᠂ ᠠᠰᠠᠭᠤᠨ ᠣᠨᠣᠰᠢᠯᠠᠬᠤ ᠵᠡᠷᠭᠡ | ᠦᠢᠯᠡᠴᠢᠯᠡᠭᠡ ᠬᠠᠩᠭᠠᠬᠤ ᠶᠢᠨ ᠬᠠᠮᠲᠤ ᠰᠠᠭᠤᠭᠠᠯᠢ ᠠᠷᠠᠳ ᠤᠨ ᠪᠡᠶ᠎ᠡ ᠶᠢᠨ ᠪᠠᠶᠢᠳᠠᠯ᠂ ᠡᠪᠡᠳᠴᠢᠨ ᠤ ᠲᠡᠦᠬᠡ᠂ | ᠡᠷᠡᠭᠦᠯ ᠮᠡᠨᠳᠦ ᠶᠢᠨ ᠬᠦᠰᠡᠯ ᠱᠠᠭᠠᠷᠳᠠᠯᠭ᠎ᠠ ᠶᠢ ᠨᠠᠷᠢᠨ ᠨᠢᠮᠪᠠᠢ ᠠᠰᠠᠭᠤᠨ ᠯᠠᠪᠯᠠᠵᠤ᠂ ᠠᠳᠠᠯᠢ ᠪᠤᠰᠤ ᠡᠪᠡᠳᠴᠢᠨ | ᠡᠮᠭᠡᠭ ᠲᠤ ᠴᠢᠭᠯᠡᠭᠦᠯᠦᠨ ᠵᠦᠢ ᠵᠣᠬᠢᠰᠲᠠᠢ ᠣᠨᠣᠰᠢᠯᠠᠨ ᠡᠮᠨᠡᠬᠦ ᠰᠠᠨᠠᠭᠤᠯᠭ᠎ᠠ ᠪᠠ ᠡᠮᠨᠡᠨ ᠵᠠᠰᠠᠬᠤ ᠲᠥᠰᠥᠯ ᠢ | ᠳᠤᠷᠠᠳᠴᠠᠢ᠃ ᠳᠡᠳᠡ ᠪᠠᠰᠠ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠪᠠ ᠡᠮ ᠬᠡᠷᠡᠭᠯᠡᠬᠦ ᠠᠮᠤᠷ ᠲᠦᠪᠰᠢᠨ ᠤ | ᠲᠠᠯ᠎ᠠ ᠪᠠᠷ ᠰᠢᠨᠵᠢᠯᠡᠬᠦ ᠤᠬᠠᠭᠠᠨ ᠢ ᠲᠦᠭᠡᠮᠡᠯᠵᠢᠭᠦᠯᠵᠦ᠂ ᠰᠠᠭᠤᠭᠠᠯᠢ ᠠᠷᠠᠳ ᠲᠤ ᠲᠣᠭᠲᠠᠮᠠᠯ ᠬᠤᠭᠤᠴᠠᠭ᠎ᠠ ᠲᠠᠢ ᠪᠠᠷ | ᠪᠡᠶ᠎ᠡ ᠶᠢᠨ ᠪᠠᠶᠢᠳᠠᠯ ᠢᠶᠠᠨ ᠪᠠᠶᠢᠴᠠᠭᠠᠬᠤ᠂ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠤᠯᠬᠤ ᠶᠢ ᠵᠠᠬᠢᠵᠠᠢ᠃ | | ᠠᠯᠪᠠᠨ ᠵᠢᠷᠤᠮ ᠤᠨ ᠡᠮᠴᠢᠯᠡᠭᠡ ᠳᠠᠭᠤᠰᠤᠭᠰᠠᠨ ᠤ ᠳᠠᠷᠠᠭ᠎ᠠ᠂ ᠲᠤᠰᠬᠠᠢ ᠮᠡᠷᠭᠡᠵᠢᠯᠲᠡᠳ ᠠᠴᠠ | ᠡᠮᠨᠡᠯᠭᠡ ᠶᠢᠨ ᠠᠵᠢᠯᠲᠠᠳ ᠲᠤ ᠠᠮᠢᠰᠬᠤᠯ ᠤᠨ ᠮᠠᠰᠢᠨ ᠢ ᠡᠮᠴᠢᠯᠡᠭᠡᠨ ᠳᠤ ᠬᠡᠷᠡᠭᠯᠡᠬᠦ ᠪᠣᠳᠠᠲᠤ ᠪᠣᠯᠪᠠᠰᠤᠷᠠᠯ ᠢ | ᠬᠦᠷᠲᠡᠭᠡᠬᠦ ᠶᠢᠨ ᠬᠠᠮᠲᠤ ᠠᠮᠢᠰᠬᠤᠯ ᠤᠨ ᠮᠠᠰᠢᠨ ᠢ ᠵᠢᠷᠤᠮᠵᠢᠭᠤᠯᠤᠨ ᠬᠡᠷᠡᠭᠯᠡᠬᠦ ᠶᠢᠨ ᠴᠢᠬᠤᠯᠠ ᠴᠢᠨᠠᠷ ᠢ | ᠲᠠᠶᠢᠯᠪᠤᠷᠢᠯᠠᠨ ᠥᠭᠴᠡᠢ᠃ ︽ᠪᠢᠳᠠᠨ ᠪ᠊ ᠢᠷᠡᠭᠰᠡᠨ ᠵᠣᠷᠢᠯᠭ᠎ᠠ ᠪᠣᠯ ᠡᠵᠡᠨ᠎ᠡ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ ᠲᠠᠢ ᠬᠠᠮᠲᠤ ᠪᠠᠷ ᠡᠪᠡᠳᠴᠢᠲᠡᠨ ᠢ ᠬᠠᠪᠰᠤᠷᠤᠨ ᠲᠡᠳᠬᠦᠬᠦ ᠰᠢᠰᠲ᠋ᠧᠮ ᠢ ᠪᠠᠶᠢᠭᠤᠯᠵᠤ᠂ | ᠠᠷᠠᠳ ᠲᠦᠮᠡᠨ ᠢ ᠠᠪᠤᠷᠠᠨ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠪᠡᠳᠴᠢᠲᠡᠨ ᠳᠤ | ᠨᠡᠩ ᠰᠠᠶᠢᠨ ᠦᠢᠯᠡᠴᠢᠯᠡᠬᠦ ᠶᠢᠨ ᠲᠥᠯᠥᠭᠡ ᠶᠤᠮ︾ ᠭᠡᠵᠦ ᠴᠢᠯᠦᠭᠡᠯᠡᠬᠦ ᠴᠡᠷᠢᠭ ᠤᠨ ᠶᠡᠷᠦᠩᠬᠡᠢ ᠡᠮᠨᠡᠯᠭᠡ ᠶᠢᠨ | ᠬᠤᠷᠢᠶᠠᠨ ᠤ ᠶᠢᠰᠦᠳᠦᠭᠡᠷ ᠠᠨᠠᠭᠠᠬᠤ ᠤᠬᠠᠭᠠᠨ ᠤ ᠲᠥᠪ ᠤᠨ ᠬᠦᠨᠳᠦ ᠡᠪᠡᠳᠴᠢᠨ ᠤ ᠠᠨᠠᠭᠠᠬᠤ ᠤᠬᠠᠭᠠᠨ ᠤ | ᠰᠠᠯᠠᠭᠠᠨ ᠤ ᠡᠷᠭᠢᠯᠡᠭᠴᠢ ᠵᠧᠦ ᠹᠧᠢ ᠬᠤ᠋ ᠶᠠᠷᠢᠯ᠎ᠠ᠃ | ᠲᠤᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠡᠵᠡᠨ᠎ᠡ ᠬᠤᠰᠢᠭᠤᠨ ᠤ | ᠰᠠᠭᠤᠭᠠᠯᠢ ᠠᠷᠠᠳ ᠲᠤ ᠨᠡᠩ ᠲᠤᠰᠬᠠᠢ ᠮᠡᠷᠭᠡᠵᠢᠯ ᠤᠨ᠂ ᠨᠡᠩ ᠪᠠᠶᠠᠯᠢᠭ ᠲᠤᠷᠰᠢᠯᠭ᠎ᠠ ᠲᠠᠢ ᠡᠮ ᠡᠮᠨᠡᠯᠭᠡ ᠶᠢᠨ | ᠦᠢᠯᠡᠴᠢᠯᠡᠭᠡ ᠬᠦᠷᠲᠡᠭᠡᠭᠰᠡᠨ ᠢᠶᠠᠷ ᠪᠠᠷᠠᠬᠤ ᠦᠭᠡᠢ᠂ ᠡᠪᠡᠳᠴᠢᠨ ᠤ ᠣᠨᠣᠰᠢᠯᠠᠯᠲᠠ ᠶᠢᠨ ᠣᠨᠣᠪᠴᠢ ᠶᠢᠨ ᠬᠡᠮᠵᠢᠶ᠎ᠡ | ᠪᠠ ᠡᠮᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠷᠡᠭᠦᠯ ᠮᠡᠨᠳᠦ ᠶᠢᠨ ᠮᠡᠳᠡᠯᠭᠡ ᠶᠢᠨ ᠬᠥᠮᠦᠵᠢᠯ ᠢ | ᠲᠦᠭᠡᠮᠡᠯᠵᠢᠭᠦᠯᠬᠦ ᠪᠠᠷ ᠳᠡᠮᠵᠢᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠦᠨ᠂ | ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠪᠤᠶᠢᠳᠠ ᠪᠥᠭᠯᠡᠭᠦᠦ ᠭᠠᠵᠠᠷ ᠣᠷᠣᠨ ᠳᠤ ᠬᠦᠷᠭᠡᠨ ᠬᠠᠮᠤᠭ ᠶᠡᠭᠡ | ᠦᠢᠯᠡᠳᠦᠯ ᠢ ᠪᠠᠳᠠᠷᠠᠭᠤᠯᠵᠤ᠂ ᠡᠵᠡᠨ᠎ᠡ ᠬᠤᠰᠢᠭᠤᠨ ᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠵᠡᠢ᠃ ︵ᠬᠤ᠋ ᠰᠾᠢ ᠴᠢ ᠠᠯᠲᠠᠨᠲᠠᠨᠠ︶ | |