︽ᠳᠥᠷᠪᠡᠨ ᠵᠦᠢᠯ ᠤᠨ ᠠᠷᠭ᠎ᠠ ᠬᠡᠮᠵᠢᠶ᠎ᠡ︾᠎ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠭᠦ ᠠᠶᠢᠮᠠᠭ ᠤᠨ ᠪᠠᠶᠢᠭᠤᠯᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/12/31
                                      ᠯᠢ ᠴᠧᠩ ᠭᠠᠩ                            ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠬᠡᠷᠬᠢᠨ ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠳᠡᠬᠦ ᠲᠤᠬᠠᠢ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠴᠧᠨ ᠸᠠᠨ ᠵᠢᠶᠦ᠋ᠨ᠂ ︽ᠳᠥᠷᠪᠡᠨ ᠵᠦᠢᠯ ᠤᠨ ᠠᠷᠭ᠎ᠠ ᠬᠡᠮᠵᠢᠶ᠎ᠡ︾᠎ ᠪᠠᠷ ᠳᠠᠮᠵᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠱᠢᠶ᠎ᠡ ᠦᠵᠡᠭᠦᠯᠭᠦ ᠠᠶᠢᠮᠠᠭ ᠤᠨ ᠪᠠᠶᠢᠭᠤᠯᠤᠯᠲᠠ ᠶᠢ ᠠᠬᠢᠭᠤᠯᠵᠤ᠂ ᠠᠯᠠᠱᠠ ᠠᠶᠢᠮᠠᠭ ᠤᠨ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠠᠬᠢᠭᠤᠯᠤᠨ᠎ᠠ ᠭᠡᠪᠡ᠃              ︽ᠤᠮᠠᠷᠠᠲᠤ ᠬᠢᠯᠢ ᠶᠢᠨ ᠰᠣᠶᠣᠯ︾᠎ ᠢ ᠠᠭᠤᠳᠠᠯᠬᠤ ᠲᠣᠭᠤᠷᠢᠨ ᠳᠤ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠡᠭᠦᠳᠴᠡᠢ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠮᠡᠳᠡᠷᠡᠮᠵᠢ ᠶᠢ ᠨᠡᠮᠡᠭᠳᠡᠭᠦᠯᠬᠦ ᠪᠠᠷ ᠭᠤᠣᠯᠯᠠᠵᠤ᠂ ︽ᠤᠮᠠᠷᠠᠲᠤ ᠬᠢᠯᠢ ᠶᠢᠨ ᠰᠣᠶᠣᠯ︾᠎ ᠤᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠠᠬᠢᠭᠤᠯᠤᠨ᠂ ᠠᠯᠠᠱᠠ ᠶᠢᠨ ᠲᠡᠦᠬᠡ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠡᠯ᠎ᠡ ᠵᠦᠢᠯ ᠤᠨ ᠲᠣᠮᠣ ᠭᠡᠯᠪᠡᠷᠢ ᠶᠢᠨ ᠳᠠᠭᠤᠤ ᠬᠥᠭᠵᠢᠮᠲᠦ ᠵᠦᠴᠦᠭᠡ ᠪᠠ ᠦᠯᠢᠭᠡᠷ ᠵᠡᠷᠭᠡ ᠨᠢᠭᠡ ᠪᠦᠯᠦᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠪᠦᠲᠦᠭᠡᠵᠡᠢ᠃ ᠠᠯᠠᠱᠠ ᠶᠢᠨ ᠦᠨᠳᠦᠰᠦᠲᠡᠨ ᠤ ᠪᠦᠯᠬᠦᠮᠳᠡᠯ ᠢ ᠰᠠᠶᠢᠲᠤᠷ ᠶᠠᠷᠢᠵᠤ᠂ ᠨᠤᠲᠤᠭ ᠤᠰᠤ ᠪᠠᠨ ᠰᠠᠬᠢᠨ ᠬᠢᠯᠢ ᠬᠢᠵᠠᠭᠠᠷ ᠢᠶᠠᠨ ᠬᠠᠮᠠᠭᠠᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠦᠢᠯᠡᠴᠢᠯᠡᠭᠰᠡᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠨ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠤᠶᠤᠨ ᠰᠠᠨᠠᠭᠠᠨ ᠳᠤ ᠪᠠᠲᠤ ᠴᠢᠩᠭ᠎ᠠ ᠰᠢᠩᠭᠡᠭᠡᠪᠡ᠃              ︽ᠭᠤᠷᠪᠠᠨ ᠵᠦᠢᠯ ᠤᠨ ᠲᠥᠯᠥᠪᠯᠡᠭᠡ︾᠎ ᠶᠢ ᠠᠬᠢᠭᠤᠯᠬᠤ ᠲᠣᠭᠤᠷᠢᠨ ᠳᠤ ᠦᠨᠳᠦᠰᠦᠲᠡᠨ ᠨᠦᠭᠦᠳ ᠎ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠠᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ︽ᠬᠡᠨ ᠠᠯᠢ ᠠᠴᠠ ᠪᠠᠨ ᠰᠠᠯᠵᠤ ᠴᠢᠳᠠᠬᠤ ᠦᠭᠡᠢ︾ ᠭᠡᠬᠦ ᠬᠠᠷᠢᠯᠴᠠᠨ ᠠᠭᠤᠰᠤᠯᠴᠠᠨ ᠬᠠᠷᠢᠯᠴᠠᠨ ᠬᠦᠨᠳᠦᠳᠬᠡᠬᠦ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠠᠭᠤᠰᠤᠯᠴᠠᠬᠤ ᠭᠡᠯᠪᠡᠷᠢ ᠶᠢᠨ 21 ᠲᠤᠷᠰᠢᠯᠲᠠ ᠶᠢᠨ ᠴᠡᠭ ᠤᠨ ᠲᠥᠷᠥᠯ ᠵᠦᠢᠯ ᠢ ᠲᠣᠭᠲᠠᠭᠠᠨ᠂ ︽ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠬᠠᠶᠢᠷ᠎ᠠ ᠪᠠᠨ ᠵᠤᠵᠠᠭᠠᠳᠬᠠᠶ᠎ᠠ︾ ᠵᠡᠷᠭᠡ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠠᠵᠢᠯᠯᠠᠭ᠎ᠠ ᠶᠢ 101 ᠤᠳᠠᠭ᠎ᠠ ᠥᠷᠨᠢᠭᠦᠯᠵᠦ᠂ 3.42 ᠲᠦᠮᠡᠨ ᠵᠠᠯᠠᠭᠤᠴᠤᠳ ᠪᠠᠭᠠᠴᠤᠳ ᠢ ᠲᠠᠶᠢᠴᠢᠯᠠᠪᠠ᠃ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠰᠢᠨ᠎ᠡ ᠶᠢ ᠡᠭᠦᠳᠴᠦ ᠬᠠᠮᠲᠤ ᠎ ᠪᠠᠷ ᠪᠠᠶᠢᠭᠤᠯᠬᠤ ᠵᠠᠭᠪᠤᠷ ᠢ ᠰᠦᠪᠡᠭᠴᠢᠯᠡᠵᠦ᠂ ᠰᠢᠨᠵᠢᠶᠠᠩ ᠤᠨ ᠪᠠᠶᠠᠨᠭᠤᠣᠯ ᠤᠨ ᠮᠣᠩᠭᠤᠯ ᠥᠪᠡᠷᠲᠡᠭᠡᠨ ᠵᠠᠰᠠᠬᠤ ᠵᠧᠦ᠂ ᠭᠤᠸᠠᠩᠰᠢ ᠶᠢᠨ ᠯᠢᠦᠵᠸᠦ᠂ ᠨᠢᠩᠰᠢᠶᠠ ᠶᠢᠨ ᠦ᠋ ᠵᠦᠩ ᠬᠤᠳᠠ ᠪᠣᠯᠣᠨ ᠬᠢᠩᠭᠠᠨ ᠠᠶᠢᠮᠠᠭ ᠵᠡᠷᠭᠡ ᠭᠠᠵᠠᠷ ᠣᠷᠣᠨ ᠲᠠᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠠᠮᠲᠤᠷᠠᠯᠴᠠᠭ᠎ᠠ ᠬᠢᠵᠦ ᠬᠠᠮᠲᠤ ᠪᠠᠷ ᠪᠠᠶᠢᠭᠤᠯᠵᠤ ᠬᠠᠮᠲᠤ ᠪᠠᠷ ᠤᠷᠤᠭᠰᠢᠯᠠᠬᠤ ᠬᠡᠯᠡᠯᠴᠡᠭᠡᠷ ᠲᠣᠭᠲᠠᠵᠤ᠂ ᠵᠢᠱᠢᠶ᠎ᠡ ᠦᠵᠡᠭᠦᠯᠭᠦ ᠠᠶᠢᠮᠠᠭ ᠤᠨ ᠪᠦᠲᠦᠭᠡᠨ ᠪᠠᠶᠢᠭᠤᠯᠤᠯᠲᠠ ᠶᠢ ᠨᠡᠩ ᠯᠠᠪᠳᠠᠭᠤᠨ ᠨᠡᠩ ᠪᠦᠲᠦᠮᠵᠢᠳᠡᠢ ᠪᠣᠯᠭᠠᠪᠠ᠃              ︽ᠨᠢᠭᠡ ᠣᠷᠣᠨ ᠨᠢᠭᠡ ᠪᠦᠰᠡ ᠭᠤᠷᠪᠠ ᠶᠢ ᠠᠭᠤᠰᠤᠯᠴᠠᠭᠤᠯᠬᠤ︾ ᠲᠣᠭᠤᠷᠢᠨ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠭᠦᠨᠵᠡᠭᠡᠶᠢᠷᠡᠭᠦᠯᠵᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠢ ᠪᠠᠲᠤ ᠪᠠᠬᠢ ᠪᠤᠶ ᠪᠤᠯᠭᠠᠬᠤ ᠳᠤ ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠣᠷᠣᠨ ᠨᠢᠭᠡ ᠪᠦᠰᠡ ᠭᠤᠷᠪᠠ ᠶᠢ ᠠᠭᠤᠰᠤᠯᠴᠠᠭᠤᠯᠬᠤ︾ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ︽ᠭᠠᠷ ᠬᠤᠯᠪᠣᠨ ᠳᠤᠮᠳᠠᠳᠤ ᠶᠢᠨ ᠬᠦᠰᠡᠯ ᠢ ᠬᠠᠮᠲᠤ ᠪᠠᠷ ᠲᠡᠷᠭᠡᠯᠰᠢᠭᠦᠯᠬᠦ︾ ᠨᠠᠷᠠᠲᠤ ᠲᠡᠮᠳᠡᠭ ᠢ ᠲᠠᠰᠤᠷᠠᠯᠲᠠ ᠦᠭᠡᠢ ᠪᠠᠲᠤᠳᠬᠠᠨ᠂ ︽ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠠᠶᠢᠮᠠᠭ︾᠎ ᠤᠨ ᠢᠷᠠᠭᠤ ᠠᠯᠳᠠᠷ ᠢ ᠥᠷᠭᠡᠳᠬᠡᠨ ᠤᠬᠠᠭᠤᠯᠵᠤ᠂ ︽ᠵᠢᠱᠢᠶ᠎ᠡ ᠦᠵᠡᠭᠦᠯᠭᠦ ᠠᠶᠢᠮᠠᠭ︾᠎ ᠤᠨ ᠪᠠᠶᠢᠭᠤᠯᠤᠯᠲᠠ ᠶᠢ ᠠᠬᠢᠭᠤᠯᠪᠠ᠃ ᠲᠠᠪᠤᠳᠠᠭᠢ ᠪᠦᠯᠦᠭ ᠤᠨ ᠠᠯᠠᠱᠠ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ 36 ᠵᠢᠱᠢᠶ᠎ᠡ ᠦᠵᠡᠭᠦᠯᠭᠦ ᠣᠷᠣᠨ ᠪᠠ ᠵᠢᠱᠢᠶ᠎ᠡ ᠦᠵᠡᠭᠦᠯᠭᠦ ᠨᠢᠭᠡᠴᠢ ᠶᠢ ᠨᠡᠷᠡᠶᠢᠳᠴᠦ᠂ ᠡᠵᠡᠨ᠎ᠡ ᠬᠤᠰᠢᠭᠤᠨ ᠤ ᠳ᠋ᠦᠩᠹᠧᠩ ᠪᠠᠯᠭᠠᠰᠤᠨ ᠤ ᠪᠣᠷᠣᠠ᠋ᠭᠤᠯᠠ ᠭᠠᠴᠠᠭᠠᠨ ᠤ ᠨᠠᠮ ᠤᠨ ᠡᠭᠦᠷ ᠪᠠ ᠠᠯᠠᠱᠠ ᠪᠠᠷᠠᠭᠤᠨ ᠬᠤᠰᠢᠭᠤᠨ ᠤ ᠲᠠᠩᠰᠤᠬᠪᠤᠯᠠᠭ ᠰᠤᠮᠤᠨ ᠤ ᠮᠠᠯᠴᠢᠨ ᠬᠢᠯᠢᠴᠢᠨ ᠨᠢᠮ᠎ᠠ ᠪᠦᠭᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠥᠨ ᠤ ᠢᠷᠠᠭᠤ ᠠᠯᠳᠠᠷ ᠢ ᠭᠦᠷᠳᠡᠪᠡ᠃              ᠥᠪᠥᠷ ᠮᠣᠩᠭᠤᠯ ᠤᠨ ︽ᠪᠠᠷᠠᠭᠤᠨ ᠶᠡᠭᠡ ᠬᠠᠭᠠᠯᠭ᠎ᠠ︾᠎ ᠶᠢ ᠰᠠᠶᠢᠲᠤᠷ ᠰᠠᠬᠢᠬᠤ ᠲᠣᠭᠤᠷᠢᠨ ᠳᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠥᠷᠥ ᠶᠢᠨ ᠴᠢᠬᠤᠯᠠ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ ᠬᠢᠯᠢ ᠬᠢᠵᠠᠭᠠᠷ ᠤᠨ ︽ᠬᠥᠨᠳᠡᠶᠢᠷᠡᠯ︾᠎ ᠤᠨ ᠠᠰᠠᠭᠤᠳᠠᠯ ᠢ ᠰᠢᠢᠳᠪᠦᠷᠢᠯᠡᠬᠦ ᠪᠠᠷ ᠴᠢᠬᠤᠯᠠ ᠭᠠᠷᠳᠠᠴᠠ ᠪᠤᠯᠭᠠᠵᠤ᠂ ᠠᠮᠢ ᠠᠬᠤᠢ ᠪᠠᠷ ᠬᠢᠯᠢ ᠬᠢᠵᠠᠭᠠᠷ ᠢ ᠰᠠᠬᠢᠬᠤ᠂ ᠠᠵᠤ ᠦᠢᠯᠡᠰ ᠢᠶᠠᠷ ᠬᠢᠯᠢ ᠬᠢᠵᠠᠭᠠᠷ ᠢ ᠰᠠᠬᠢᠬᠤ᠂ ᠤᠶᠤᠨ ᠤᠬᠠᠭᠠᠨ ᠢᠶᠠᠷ ᠬᠢᠯᠢ ᠬᠢᠵᠠᠭᠠᠷ ᠢ ᠰᠠᠬᠢᠬᠤ ᠶᠢ ᠢᠳᠡᠪᠬᠢᠲᠡᠢ ᠠᠬᠢᠭᠤᠯᠤᠨ᠂ ᠬᠢᠯᠢ ᠬᠢᠵᠠᠭᠠᠷ ᠣᠷᠣᠨ ᠤ ︽ᠲᠦᠷᠪᠡᠨ ᠬᠠᠮᠲᠤ︾ ᠤᠷᠳᠤ ᠬᠤᠩᠭᠢᠯ ᠪᠠ ︽ᠤᠰᠤ ᠴᠠᠭᠢᠯᠭᠠᠨ ᠵᠠᠮ ᠴᠢᠮᠡᠭᠡ ᠨᠡᠪᠲᠡᠷᠡᠯᠭᠡ︾᠎ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠬᠡᠷᠡᠭᠵᠢᠭᠦᠯᠵᠦ᠂ ︽ᠨᠠᠮ ᠵᠠᠰᠠᠭ ᠴᠡᠷᠢᠭ ᠴᠠᠭᠳᠠᠭ᠎ᠠ ᠠᠵᠤ ᠠᠬᠤᠶᠢᠯᠠᠯ ᠠᠷᠠᠳ︾ ᠬᠦᠴᠦ ᠪᠠᠨ ᠬᠠᠮᠲᠤᠳᠬᠠᠨ ᠬᠢᠯᠢ ᠬᠢᠵᠠᠭᠠᠷ ᠢ ᠰᠠᠬᠢᠵᠤ ᠬᠠᠮᠠᠭᠠᠯᠠᠬᠤ ᠰᠢᠨ᠎ᠡ ᠵᠠᠭᠪᠤᠷ ᠢ ᠨᠢᠭᠡᠨᠲᠡ ᠪᠦᠷᠢᠯᠳᠦᠭᠦᠯᠦᠭᠰᠡᠨ ᠪᠥᠭᠡᠳ ᠴᠢᠬᠤᠯᠠ ᠦᠢᠯᠡᠳᠦᠯ ᠢ ᠎ ᠨᠢ ᠪᠠᠳᠠᠷᠠᠭᠤᠯᠪᠠ᠃ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠡᠯᠡ ᠮᠥᠩᠭᠦ ᠶᠢᠨ 19 ᠲᠥᠷᠥᠯ ᠵᠦᠢᠯ ᠢ ᠬᠡᠷᠡᠭᠵᠢᠭᠦᠯᠵᠦ᠂ 3859 ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠤᠲᠤᠭ ᠤᠰᠤ ᠪᠠᠨ ᠰᠠᠬᠢᠵᠤ ᠬᠢᠯᠢ ᠬᠢᠵᠠᠭᠠᠷ ᠢᠶᠠᠨ ᠬᠠᠮᠠᠭᠠᠯᠠᠭᠰᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠪᠡ᠃                            
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号