| ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ᠄ ᠪᠠᠶᠢᠭᠠᠯᠢ ᠶᠢᠨ ᠡᠬᠢ | ᠪᠠᠶᠠᠯᠢᠭ ᠤᠨ ᠬᠦᠷᠢᠶᠡᠨ ᠤ ᠥᠭᠡᠷᠡᠴᠢᠯᠡᠯᠲᠡ ᠶᠢ ᠪᠦᠭᠦ ᠬᠦᠴᠦᠨ ᠢᠶᠠᠷ ᠢᠶᠠᠨ ᠠᠬᠢᠭᠤᠯᠵᠤ ᠥᠪᠡᠷᠲᠡᠭᠡᠨ ᠵᠠᠰᠠᠬᠤ | ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠨ᠎ᠡ | ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠠᠨᠠᠷ | ᠡᠨᠡ ᠵᠢᠯ ᠠᠴᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ | ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠬᠢᠴᠠ ᠶᠢ | ᠴᠢᠩᠭ᠎ᠠ ᠲᠠᠭᠠᠨ᠂ ᠠᠯᠤᠰ ᠭᠡᠲᠦ ᠶᠢᠨ ᠲᠥᠯᠦᠪᠵᠢᠭᠦᠯᠭᠡ ᠬᠢᠵᠦ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠳᠠᠯᠭ᠎ᠠ | ᠲᠠᠢ ᠬᠦᠷᠢᠶᠡᠨ ᠤ ᠥᠭᠡᠷᠡᠴᠢᠯᠡᠯᠲᠡ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠥᠭᠡᠷᠡᠴᠢᠯᠡᠯᠲᠡ | ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠬᠤ ᠲᠤᠬᠠᠢ ᠠᠵᠢᠯ ᠤᠨ ᠲᠥᠰᠥᠯ︾ ᠢ ᠲᠣᠭᠲᠠᠭᠠᠨ | ᠳᠠᠷᠤᠮᠠᠯᠯᠠᠨ ᠲᠠᠷᠬᠠᠭᠠᠵᠤ᠂ 35 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠥᠪᠡᠷᠲᠡᠭᠡᠨ | ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠬᠥᠳᠡᠯᠭᠡᠬᠦ ᠬᠦᠴᠦᠨ ᠣᠯᠭᠤᠵᠤ᠂ ᠠᠮᠢᠵᠢᠷᠠᠯ ᠤᠨ ᠬᠦᠴᠦᠨ | ᠨᠡᠮᠡᠷᠢᠯᠡᠨ᠎ᠡ᠃ ᠬᠡᠷᠬᠢᠨ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠣᠬᠢᠰᠲᠠᠢ ᠠᠰᠢᠭᠯᠠᠬᠤ ᠳᠦᠷᠢᠮ ᠢ | ᠪᠦᠷᠢᠨᠰᠢᠭᠦᠯᠵᠦ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ ᠲᠤᠬᠠᠢ ᠣᠶᠢᠷ᠎ᠠ ᠳᠤ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ | ᠤᠨ ᠳᠠᠷᠤᠭ᠎ᠠ ᠵᠣᠣ ᠳ᠋ᠠ ᠶᠦᠩ ᠢ ᠰᠤᠷᠪᠤᠯᠵᠢᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠪᠣᠯ ᠥᠪᠡᠷᠲᠡᠭᠡᠨ ᠵᠠᠰᠠᠬᠤ ᠣᠷᠣᠨ ᠤ ᠣᠷᠣᠨ ᠵᠠᠢ ᠶᠢᠨ ᠬᠥᠭᠵᠢᠯᠲᠡ ᠶᠢᠨ ᠵᠦᠭᠯᠡᠭᠦᠷ ᠪᠠ | ᠦᠷᠭᠦᠯᠵᠢᠯᠡᠬᠦ ᠬᠥᠭᠵᠢᠯᠲᠡ ᠶᠢᠨ ᠵᠢᠷᠤᠭ ᠲᠥᠰᠥᠪ ᠪᠤᠯᠬᠤ ᠪᠥᠭᠡᠳ ᠡᠯ᠎ᠡ ᠲᠥᠷᠥᠯ ᠤᠨ ᠨᠡᠭᠡᠭᠡᠨ ᠬᠠᠮᠠᠭᠠᠯᠠᠵᠤ | ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠦᠨᠳᠦᠰᠦᠨ ᠦᠨᠳᠦᠰᠦᠯᠡᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠶᠢᠨ ᠰᠢᠰᠲ᠋ᠧᠮ ᠢ ᠪᠦᠷᠢᠨᠰᠢᠭᠦᠯᠬᠦ ᠲᠠᠯ᠎ᠠ ᠪᠠᠷ ᠪᠣᠳᠠᠲᠠᠢ ᠶᠠᠮᠠᠷᠰᠢᠤ ᠠᠵᠢᠯ ᠥᠷᠨᠢᠭᠦᠯᠦᠭᠰᠡᠨ ᠪᠤᠶ︖ | | ᠵᠣᠣ ᠳ᠋ᠠ ᠶᠦᠩ᠄ ᠪᠢᠳᠡ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠪᠦᠭᠦ ᠤᠯᠤᠰ ᠤᠨ | ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠳᠣᠪᠤᠶᠢᠯᠭᠠᠵᠤ᠂ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠠᠭᠠᠯᠠᠵᠤ ᠨᠡᠭᠡᠭᠡᠨ ᠬᠥᠭᠵᠢᠭᠦᠯᠬᠦ ᠶᠡᠷᠦᠩᠬᠡᠢ ᠪᠠᠶᠢᠷᠢᠰᠢᠯ ᠢ | ᠪᠠᠶᠢᠭᠤᠯᠪᠠ᠃ 2023 ᠣᠨ ᠤ 12 ᠰᠠᠷ᠎ᠠ ᠶᠢᠨ 18 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠣᠷᠣᠨ ᠵᠠᠢ ᠶᠢᠨ | ᠲᠥᠯᠦᠪᠵᠢᠭᠦᠯᠭᠡ ︵ 2021 - 2035 ᠣᠨ︶︾ ᠶᠢ ᠵᠢᠩᠬᠢᠨᠢ ᠪᠠᠷ ᠴᠣᠬᠤᠯᠠᠪᠤᠷᠢᠯᠠᠵᠤ᠂ ᠪᠦᠭᠦ ᠤᠯᠤᠰ ᠤᠨ | ᠠᠷᠪᠠᠨ ᠭᠤᠷᠪᠠᠳᠤᠭᠠᠷ ᠵᠥᠪᠰᠢᠶᠡᠷᠡᠯ ᠣᠯᠣᠭᠰᠠᠨ ᠮᠤᠵᠢ ᠶᠢᠨ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ | ᠣᠷᠣᠨ ᠵᠠᠢ ᠶᠢᠨ ᠲᠥᠯᠦᠪᠵᠢᠭᠦᠯᠭᠡ ᠪᠣᠯᠵᠠᠢ᠃ ︽ᠭᠤᠷᠪᠠᠨ ᠣᠷᠣᠨ ᠭᠤᠷᠪᠠᠨ ᠱᠤᠭᠤᠮ︾ ᠢ ᠬᠤᠪᠢᠶᠠᠷᠢᠯᠠᠨ | ᠲᠣᠭᠲᠠᠭᠠᠬᠤ ᠶᠢᠨ ᠬᠠᠮᠲᠤ ᠴᠢᠩᠭ᠎ᠠ ᠰᠠᠬᠢᠵᠤ᠂ ︽ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠤᠨ | ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠤᠨ ᠬᠡᠰᠡᠭ ᠲᠠᠯ᠎ᠠ ᠶᠢ ᠰᠢᠯᠢᠳᠡᠭᠵᠢᠭᠦᠯᠬᠦ ᠲᠠᠰ | ᠳᠠᠷᠠᠭᠠᠯᠠᠯ ᠢ ᠵᠢᠷᠤᠮᠵᠢᠭᠤᠯᠤᠨ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠤᠨ ᠭᠠᠳᠠᠨᠠᠬᠢ ᠬᠡᠰᠡᠭ | ᠪᠤᠰᠠᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠦᠢ ᠵᠣᠬᠢᠰᠲᠠᠢ | ᠪᠠᠶᠢᠷᠢᠰᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠬᠥᠭᠵᠢᠯᠲᠡ ᠶᠢᠨ ᠠᠷᠭ᠎ᠠ ᠭᠡᠯᠪᠡᠷᠢ ᠶᠢ | ᠠᠭᠤᠯᠬᠤᠨ ᠤ ᠥᠷᠭᠡᠳᠬᠡᠯ ᠠᠴᠠ ᠠᠭᠤᠯᠤᠭᠳᠠᠬᠤᠨ ᠤ ᠳᠡᠭᠡᠭᠰᠢᠯᠡᠯᠲᠡ ᠲᠡᠶᠢᠰᠢ ᠲᠦᠷᠭᠡᠳᠬᠡᠨ ᠬᠤᠪᠢᠷᠠᠭᠤᠯᠪᠠ; | ︽ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠯᠢᠳᠡᠭᠵᠢᠭᠦᠯᠦᠨ ᠲᠣᠬᠢᠷᠠᠭᠤᠯᠬᠤ ᠬᠤᠯᠪᠣᠭᠳᠠᠯ | ᠪᠦᠬᠦᠢ ᠠᠵᠢᠯ ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠢᠵᠠᠭᠠᠷ ᠲᠠᠢ ᠠᠵᠢᠯᠯᠠᠭ᠎ᠠ ᠶᠢᠨ ᠲᠦᠷᠦᠯ | ᠭᠡᠯᠪᠡᠷᠢ ᠶᠢ ᠨᠠᠷᠢᠯᠢᠭᠵᠢᠭᠤᠯᠤᠨ᠂ ᠡᠯ᠎ᠡ ᠭᠠᠵᠠᠷ ᠤᠨ ᠬᠢᠨ ᠤ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ | ᠱᠤᠭᠤᠮ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠥᠷᠨᠢᠭᠦᠯᠬᠦ ᠶᠢ ᠵᠢᠭᠠᠨ ᠵᠢᠯᠤᠭᠤᠳᠴᠤ᠂ ᠠᠮᠢ ᠠᠬᠤᠢ | ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠰᠢᠯᠢᠳᠡᠭᠵᠢᠭᠦᠯᠦᠨ ᠲᠣᠬᠢᠷᠠᠭᠤᠯᠬᠤ ᠰᠠᠭᠤᠷᠢ ᠶᠢ ᠪᠠᠬᠢᠵᠢᠭᠦᠯᠪᠡ᠃ | | ᠥᠪᠥᠷ ᠮᠣᠩᠭᠤᠯ ᠤᠨ ᠡᠳᠦᠷ ᠤᠨ ᠰᠣᠨᠢᠨ᠄ ᠥᠪᠥᠷ ᠮᠣᠩᠭᠤᠯ ᠪᠣᠯ ᠮᠠᠨ ᠤ ᠤᠯᠤᠰ ᠤᠨ13 ᠠᠮᠤ | ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠨᠢᠭᠡ ᠪᠣᠯᠣᠨ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ | ᠳᠦᠷᠢᠮ ᠤᠨ ᠥᠭᠡᠷᠡᠴᠢᠯᠡᠯᠲᠡ ᠶᠢ ᠬᠡᠷᠬᠢᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠬᠤᠷᠢᠭ᠎ᠠ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠬᠡᠷᠬᠢᠨ ᠪᠠᠬᠢᠵᠢᠭᠦᠯᠵᠦ | ᠪᠠᠶᠢᠬᠤ ᠪᠤᠶ︖ | ᠵᠣᠣ ᠳ᠋ᠠ ᠶᠦᠩ᠄ ᠪᠢᠳᠡ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠴᠢᠩᠭ᠎ᠠ | ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠢ ᠱᠠᠲᠤ ᠳᠠᠷᠠᠭᠠᠯᠠᠨ ᠲᠣᠭᠲᠠᠵᠤ᠂ | ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤᠯᠤᠰ ᠤᠨ ᠬᠢᠨᠠᠨ | ᠰᠢᠯᠭᠠᠯᠲᠠ ᠳᠤ ᠰᠢᠯᠢᠳᠡᠭ ᠲᠠᠰ ᠢᠶᠠᠷ ᠦᠨᠡᠯᠡᠭᠳᠡᠪᠡ᠃ ︽ᠲᠠᠷᠢᠶᠠᠨ ᠭᠠᠵᠠᠷ ᠢ ᠬᠠᠮᠠᠭᠠᠯᠠᠬᠤ ᠶᠢ ᠴᠢᠩᠭᠠᠳᠬᠠᠨ | ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ | ᠪᠠᠶᠢᠯᠭᠠᠬᠤ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠨᠡᠶᠢᠲᠡᠯᠡᠨ᠂ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠲᠠᠢ ᠬᠠᠮᠲᠤᠷᠠᠨ ︽ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠥᠭᠡᠷᠡᠴᠢᠯᠡᠨ | ᠲᠡᠭᠦᠯᠳᠡᠷᠵᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠪᠤᠰᠤ ᠪᠦᠲᠦᠭᠡᠨ | ᠪᠠᠶᠢᠭᠤᠯᠤᠯᠲᠠ᠂ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠵᠡᠷᠭᠡ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ | ᠪᠠᠶᠢᠯᠭᠠᠬᠤ ᠬᠠᠮᠢᠶᠠᠷᠤᠯᠲᠠ ᠳᠤ ᠨᠢᠭᠡᠳᠦᠯᠲᠡᠢ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠢ | ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠰᠢᠰᠲ᠋ᠧᠮ ᠢ ᠪᠠᠶᠢᠭᠤᠯᠤᠨ ᠬᠡᠷᠡᠭᠯᠡᠵᠦ᠂ ᠭᠦᠢᠴᠡᠳᠬᠡᠯ | ᠲᠤᠭ᠎ᠠ ᠶᠢ ᠲᠣᠬᠢᠷᠠᠭᠤᠯᠬᠤ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ | ᠲᠠᠷᠢᠶᠠᠨ ᠭᠠᠵᠠᠷ ᠤᠨ ᠶᠡᠷᠦᠩᠬᠡᠢ ᠬᠡᠮᠵᠢᠶ᠎ᠡ ᠶᠢᠨ ᠬᠥᠳᠡᠯᠦᠩᠭᠦᠢ ᠲᠡᠩᠴᠡᠭᠦᠷᠢ᠂ ᠶᠠᠰᠤ ᠴᠢᠨᠠᠷ ᠢ ᠪᠠᠭᠤᠷᠠᠭᠤᠯᠬᠤ | ᠦᠭᠡᠢ ᠪᠠᠶᠢᠬᠤ ᠶᠢ ᠦᠨᠡᠨ ᠬᠦ ᠪᠠᠲᠤᠯᠠᠪᠠ᠃ | ᠥᠪᠥᠷ ᠮᠣᠩᠭᠤᠯ ᠤᠨ ᠡᠳᠦᠷ ᠤᠨ ᠰᠣᠨᠢᠨ᠄ ᠴᠢᠨᠠᠷ ᠰᠠᠶᠢᠲᠠᠢ ᠬᠥᠭᠵᠢᠯᠲᠡ ᠨᠢ ᠭᠠᠵᠠᠷ ᠰᠢᠷᠣᠢ ᠶᠢ | ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠠᠰᠢᠭᠯᠠᠬᠤ ᠠᠴᠠ ᠰᠠᠯᠵᠤ ᠴᠢᠳᠠᠬᠤ ᠦᠭᠡᠢ ᠶᠤᠮ᠂ ᠥᠪᠡᠷᠲᠡᠭᠡᠨ | ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ | ᠤᠨ ᠥᠭᠡᠷᠡᠴᠢᠯᠡᠯᠲᠡ ᠶᠢ ᠠᠬᠢᠭᠤᠯᠬᠤ᠂ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ | ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠲᠠᠯ᠎ᠠ ᠪᠠᠷ ᠶᠠᠮᠠᠷᠰᠢᠤ ᠠᠵᠢᠯ ᠥᠷᠨᠢᠭᠦᠯᠦᠭᠰᠡᠨ ᠪᠤᠶ︖ | ᠵᠣᠣ ᠳ᠋ᠠ ᠶᠦᠩ᠄ ᠪᠢᠳᠡ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠥᠯᠥᠪᠵᠢᠭᠦᠯᠦᠭᠰᠡᠨ | ᠭᠠᠵᠠᠷ ᠰᠢᠷᠣᠢ ᠠᠰᠢᠭᠯᠠᠬᠤ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ | ᠬᠤᠪᠢᠶᠠᠷᠢᠯᠠᠵᠤ᠂ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ ᠳᠠᠪᠠᠭᠤᠯᠢᠭ | ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠲᠤᠬᠠᠢ ᠰᠠᠨᠠᠯ︾ ᠢ | ᠰᠤᠳᠤᠯᠤᠨ ᠲᠤᠭᠤᠷᠪᠢᠵᠤ᠂ 2024 ᠣᠨ ᠤ ᠲᠦᠷᠦᠭᠦᠦ ᠭᠤᠷᠪᠠᠨ ᠤᠯᠠᠷᠢᠯ ᠳᠤ᠂ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢ 22.48 ᠲᠦᠮᠡᠨ ᠮᠦ ︵ᠪᠦᠭᠦ ᠤᠯᠤᠰ ᠤᠨ ᠳᠥᠷᠪᠡᠳᠦᠭᠡᠷ ᠲᠤ ᠵᠢᠭᠰᠠᠨ᠎ᠠ︶ | ᠵᠥᠪᠰᠢᠶᠡᠷᠡᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ 38.43 ᠲᠦᠮᠡᠨ ᠮᠦ ︵ᠪᠦᠭᠦ | ᠤᠯᠤᠰ ᠤᠨ ᠭᠤᠷᠪᠠᠳᠤᠭᠠᠷ ᠲᠤ ᠵᠢᠭᠰᠠᠨ᠎ᠠ︶ ᠬᠠᠩᠭᠠᠵᠤ᠂ ᠳᠠᠪᠠᠭᠤᠯᠢᠭ ᠭᠠᠵᠠᠷ ᠣᠷᠣᠨ᠂ ᠭᠤᠣᠯᠯᠠᠬᠤ ᠠᠵᠤ | ᠦᠢᠯᠡᠰ ᠪᠠ ᠴᠢᠬᠤᠯᠠ ᠶᠡᠭᠡ ᠲᠥᠷᠥᠯ ᠵᠦᠢᠯ ᠤᠨ ᠭᠠᠵᠠᠷ ᠰᠢᠷᠣᠢ ᠬᠡᠷᠡᠭᠯᠡᠬᠦ ᠬᠡᠷᠡᠭᠴᠡᠭᠡ ᠶᠢ ᠭᠤᠣᠯᠳᠠᠯᠭ᠎ᠠ ᠲᠠᠢ | ᠪᠠᠲᠤᠯᠠᠪᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠡᠮᠬᠢ ᠵᠢᠷᠤᠮ ᠲᠠᠢ ᠪᠠᠷ | ᠠᠬᠢᠭᠤᠯᠤᠨ᠂ ᠪᠦᠭᠦ ᠣᠷᠣᠨ ᠳᠤ ᠨᠢᠭᠡᠨᠲᠡ 19 ᠪᠦᠯᠦᠭ ᠭᠠᠵᠠᠷ ᠰᠢᠷᠣᠢ ᠶᠢ ᠠᠮᠵᠢᠯᠲᠠ ᠲᠠᠢ ᠪᠠᠷ ᠵᠠᠬ᠎ᠠ ᠳᠡᠯᠭᠡᠭᠦᠷ | ᠲᠤ ᠣᠷᠣᠭᠤᠯᠵᠤ᠂ 4.52 ᠳ᠋ᠦᠩᠰᠢᠭᠤᠷ ᠲᠥᠭᠦᠷᠢᠭ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢ | ᠳᠠᠶᠢᠴᠢᠯᠠᠨ᠂ 696 ᠠᠵᠢᠯ ᠤᠨ ᠪᠠᠶᠢᠷᠢ ᠬᠠᠩᠭᠠᠵᠤ᠂ ᠴᠠᠯᠢᠩ ᠬᠥᠯᠥᠰᠦ ᠶᠢᠨ ᠴᠢᠨᠠᠷᠲᠠᠢ ᠣᠷᠣᠯᠭ᠎ᠠ ᠶᠢ 1207. | 7 ᠲᠦᠮᠡᠨ ᠲᠥᠭᠦᠷᠢᠭ ᠨᠡᠮᠡᠭᠳᠡᠭᠦᠯᠪᠡ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠠᠬᠢ ᠰᠢᠨ᠎ᠡ ᠪᠠᠷ | ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠣᠢ ᠶᠢᠨ ︽ᠪᠠᠷᠢᠮᠵᠢᠶᠠᠲᠤ ᠭᠠᠵᠠᠷ︾ ᠢ 422 | ᠬᠡᠰᠡᠭ ᠢ ᠰᠢᠯᠵᠢᠭᠦᠯᠬᠦ ᠶᠢ ᠠᠬᠢᠭᠤᠯᠵᠤ᠂ ᠪᠦᠭᠦ ᠣᠷᠣᠨ ᠤ ︽ᠪᠠᠷᠢᠮᠵᠢᠶᠠᠲᠤ ᠭᠠᠵᠠᠷ︾ ᠤᠨ ᠰᠢᠨ᠎ᠡ ᠪᠠᠷ | ᠨᠡᠮᠡᠭᠳᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠰᠢᠷᠣᠢ ᠳᠠᠬᠢ ᠡᠵᠡᠯᠡᠬᠦ ᠬᠠᠷᠢᠴᠠᠯ ᠨᠢ 100% ᠪᠠᠶᠢᠵᠤ᠂ | ᠠᠵᠤ ᠦᠢᠯᠡᠳᠪᠦᠷᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ︽ᠲᠦᠷᠭᠡᠳᠬᠡᠭᠦᠷ︾ ᠤᠨ ᠦᠢᠯᠡᠳᠦᠯ | ᠦᠵᠡᠭᠦᠯᠪᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠥᠪᠥᠷ ᠮᠣᠩᠭᠤᠯ ᠪᠣᠯ ᠤᠯᠤᠰ ᠤᠨ ᠴᠢᠬᠤᠯᠠ ᠡᠨᠧᠷᠭᠢ | ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠮᠥᠨ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠤᠨ ᠬᠠᠮᠢᠶᠠᠷᠤᠯᠲᠠ ᠨᠢ ᠤᠯᠤᠰ ᠤᠨ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠲᠠᠢ | ᠬᠤᠯᠪᠣᠭᠳᠠᠨ᠎ᠠ᠃ ᠣᠶᠢᠷ᠎ᠠ ᠶᠢᠨ ᠵᠢᠯ ᠳᠤ ᠪᠦᠭᠦ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠠᠵᠢᠯ ᠶᠠᠮᠠᠷ ᠪᠣᠳᠠᠲᠠᠢ ᠦᠷ᠎ᠡ ᠪᠦᠲᠦᠮᠵᠢ ᠣᠯᠣᠭᠰᠠᠨ ᠢ ᠶᠠᠷᠢᠭᠠᠳ ᠥᠭᠭᠦᠨ᠎ᠡ ᠤᠤ︖ | ᠵᠣᠣ ᠳ᠋ᠠ ᠶᠦᠩ᠄ ᠪᠢᠳᠡ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ | ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 18.6 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ | ᠢ ᠨᠡᠶᠢᠲᠡ 352 ᠪᠠᠶᠢᠷᠢᠯᠠᠭᠤᠯᠵᠤ᠂ ᠲᠣᠮᠣ ᠳᠤᠮᠳᠠ ᠭᠡᠯᠪᠡᠷᠢ ᠶᠢᠨ ᠨᠡᠭᠦᠷᠡᠰᠦᠨ ᠤ ᠪᠤᠰᠤ ᠪᠠᠶᠢᠯᠳᠤᠬᠤ ᠪᠣᠳᠣᠯᠭ᠎ᠠ | ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠭᠠᠵᠠᠷ 42 ᠰᠢᠨ᠎ᠡ ᠪᠠᠷ ᠨᠡᠮᠡᠭᠳᠡᠵᠦ᠂ 8 ᠠᠭᠤᠷᠬᠠᠢ ᠶᠢᠨ ᠲᠥᠷᠥᠯ | ᠨᠢ ᠤᠯᠤᠰ ᠠᠴᠠ ᠪᠠᠭᠤᠯᠭᠠᠭᠰᠠᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢ | ᠨᠡᠮᠡᠭᠳᠡᠭᠦᠯᠦᠨ ᠨᠥᠭᠡᠴᠡᠯᠡᠬᠦ ᠡᠭᠦᠷᠭᠡ ᠶᠢ ᠳᠠᠪᠠᠭᠤᠯᠤᠨ ᠪᠡᠶᠡᠯᠡᠭᠦᠯᠪᠡ᠃ ︽ᠨᠡᠶᠢᠭᠡᠮ ᠤᠨ ᠪᠡᠯᠡ ᠮᠥᠩᠭᠦ ᠶᠢᠨ | ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠳᠤ ᠣᠷᠤᠯᠴᠠᠬᠤ ᠲᠤᠷᠰᠢᠯᠲᠠ ᠶᠢᠨ ᠴᠡᠭ ᠤᠨ ᠬᠡᠷᠡᠭᠵᠢᠭᠦᠯᠬᠦ | ᠲᠥᠰᠥᠯ︾ ᠢ ᠳᠠᠷᠤᠮᠠᠯᠯᠠᠨ ᠲᠠᠷᠬᠠᠭᠠᠵᠤ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠲᠤ ᠨᠡᠶᠢᠭᠡᠮ ᠤᠨ | ᠪᠡᠯᠡ ᠮᠥᠩᠭᠦ ᠶᠢᠨ ᠰᠠᠭᠤᠷᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠳᠤ ᠣᠷᠤᠯᠴᠠᠬᠤ ᠲᠤᠷᠰᠢᠯᠲᠠ ᠶᠢᠨ ᠴᠡᠭ ᠤᠨ | ᠠᠵᠢᠯ ᠢ ᠥᠷᠨᠢᠭᠦᠯᠦᠨ᠂ ᠣᠷᠣᠨ ᠤ ᠳᠣᠲᠣᠷᠠᠬᠢ ᠤᠯᠤᠰ ᠤᠨ ᠥᠮᠴᠢᠯᠡᠯ ᠤᠨ ᠭᠠᠵᠠᠷ ᠰᠢᠨᠵᠢᠯᠡᠭᠡᠨ ᠤ ᠬᠠᠶᠢᠨ | ᠪᠠᠶᠢᠴᠠᠭᠠᠬᠤ ᠨᠢᠭᠡᠴᠢ ᠶᠢᠨ ᠥᠪᠡᠷ ᠤᠨ ᠪᠠᠶᠢᠭ᠎ᠠ ᠪᠡᠯᠡ ᠮᠥᠩᠭᠦ ᠪᠠᠨ ᠠᠰᠢᠭᠯᠠᠨ ᠣᠷᠣᠨ ᠪᠦᠰᠡ ᠶᠢᠨ ᠠᠭᠤᠷᠬᠠᠢ | ᠶᠢᠨ ᠭᠠᠷᠤᠯᠲᠠ ᠶᠢᠨ ᠭᠠᠵᠠᠷ ᠰᠢᠨᠵᠢᠯᠡᠭᠡᠨ ᠤ ᠪᠠᠶᠢᠴᠠᠭᠠᠯᠲᠠ ᠬᠢᠬᠦ ᠪᠠ ᠣᠷᠣᠨ ᠬᠡᠰᠡᠭ ᠤᠨ ᠰᠢᠯᠢᠳᠡᠭ ᠢ ᠨᠢ | ᠰᠣᠩᠭᠤᠨ ᠪᠠᠶᠢᠴᠠᠭᠠᠵᠤ ᠦᠨᠡᠯᠡᠬᠦ ᠠᠵᠢᠯ ᠥᠷᠨᠢᠭᠦᠯᠬᠦ ᠶᠢ ᠠᠬᠢᠭᠤᠯᠵᠤ ᠪᠠᠶᠢᠨ᠎ᠠ᠃ ︽ᠠᠭᠤᠷᠬᠠᠢ ᠶᠢᠨ ᠦᠢᠯᠡᠰ ᠤᠨ | ᠡᠷᠬᠡ ᠶᠢ ᠰᠢᠯᠵᠢᠭᠦᠯᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ | ᠲᠠᠷᠬᠠᠭᠠᠵᠤ᠂ ᠰᠢᠯᠵᠢᠭᠦᠯᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠰᠢᠯᠵᠢᠭᠦᠯᠬᠦ ᠣᠷᠣᠨ | ᠬᠡᠰᠡᠭ ᠤᠨ ᠢᠷᠡᠯᠲᠡ ᠶᠢ ᠢᠳᠡᠪᠬᠢᠲᠡᠢ ᠪᠠᠷ ᠥᠷᠭᠡᠵᠢᠭᠦᠯᠵᠦ᠂ ᠰᠢᠯᠵᠢᠭᠦᠯᠬᠦ ᠲᠥᠷᠥᠯ ᠵᠦᠢᠯ ᠤᠨ ᠬᠥᠮᠥᠷᠭᠡ ᠶᠢ | ᠲᠡᠭᠦᠯᠳᠡᠷᠵᠢᠭᠦᠯᠦᠨ᠂ ᠠᠭᠤᠷᠬᠠᠢ ᠶᠢᠨ ᠦᠢᠯᠡᠰ ᠤᠨ ᠡᠷᠬᠡ ᠶᠢ ᠵᠠᠬ᠎ᠠ ᠳᠡᠯᠭᠡᠭᠦᠷᠴᠢᠯᠡᠨ ᠰᠢᠯᠵᠢᠭᠦᠯᠬᠦ ᠶᠢ ᠪᠦᠭᠦ ᠲᠠᠯ᠎ᠠ | ᠪᠠᠷ ᠠᠬᠢᠭᠤᠯᠵᠤ ᠪᠤᠢ᠃ ᠡᠨᠡ ᠵᠢᠯ ᠠᠴᠠ ᠨᠠᠭᠠᠰᠢ᠂ 61 ᠠᠭᠤᠷᠬᠠᠢ ᠶᠢᠨ ᠦᠢᠯᠡᠰ ᠤᠨ ᠡᠷᠬᠡ ᠶᠢ ᠵᠠᠬ᠎ᠠ | ᠳᠡᠯᠭᠡᠭᠦᠷᠴᠢᠯᠡᠨ ᠰᠢᠯᠵᠢᠭᠦᠯᠵᠦ᠂ ᠠᠷᠠᠯᠵᠢᠶ᠎ᠠ ᠪᠦᠲᠦᠭᠰᠡᠨ ᠶᠡᠷᠦᠩᠬᠡᠢ ᠦᠨ᠎ᠡ ᠨᠢ 190 ᠳ᠋ᠦᠩᠰᠢᠭᠤᠷ ᠲᠥᠭᠦᠷᠢᠭ | ᠲᠤ ᠬᠦᠷᠴᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠠᠲᠤᠯᠠᠭ᠎ᠠ ᠶᠢᠨ ᠴᠢᠳᠠᠪᠤᠷᠢ ᠲᠠᠰᠤᠷᠠᠯᠲᠠ | ᠦᠭᠡᠢ ᠳᠡᠭᠡᠭᠰᠢᠯᠡᠪᠡ᠃ | ᠥᠪᠥᠷ ᠮᠣᠩᠭᠤᠯ ᠤᠨ ᠡᠳᠦᠷ ᠤᠨ ᠰᠣᠨᠢᠨ᠄ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠢ | ᠬᠠᠮᠠᠭᠠᠯᠠᠵᠤ᠂ ᠲᠡᠭᠷᠢ ᠨᠢ ᠴᠡᠯᠮᠡᠭ᠂ ᠲᠠᠯ᠎ᠠ ᠨᠢ ᠨᠣᠭᠤᠭᠠᠨ᠂ ᠤᠰᠤ ᠨᠢ ᠲᠤᠩᠭᠠᠯᠠᠭ ᠦᠵᠡᠰᠬᠦᠯᠡᠩᠲᠦ ᠰᠠᠶᠢᠬᠠᠨ ᠭᠡᠷ | ᠣᠷᠣᠨ ᠢ ᠪᠦᠲᠦᠭᠡᠨ ᠪᠠᠶᠢᠭᠤᠯᠬᠤ ᠪᠣᠯ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠴᠢᠬᠤᠯᠠ ᠡᠭᠦᠷᠭᠡ ᠮᠥᠨ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ | ᠤᠨ ᠲᠢᠩᠬᠢᠮ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠪᠠ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠶᠠᠮᠠᠷᠰᠢᠤ ᠴᠢᠬᠤᠯᠠ ᠪᠦᠳᠤᠮᠵᠢᠳᠠᠢ ᠠᠷᠭ᠎ᠠ ᠬᠡᠮᠵᠢᠶ᠎ᠡ | ᠠᠪᠤᠭᠰᠠᠨ ᠪᠤᠶ︖ | ᠵᠤᠤ ᠳ᠋ᠠ ᠶᠦᠩ᠄ ᠪᠢᠳᠡ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠬᠠᠮᠠᠭᠠᠯᠠᠨ ᠰᠡᠷᠭᠦᠭᠡᠬᠦ 2 ᠢᠨᠵᠧᠨᠧᠷᠢᠩ ᠪᠣᠯᠣᠨ ᠲᠡᠦᠬᠡᠨ ᠠᠴᠠ ᠦᠯᠡᠳᠡᠭᠳᠡᠵᠦ | ᠢᠷᠡᠭᠰᠡᠨ 3 ᠬᠠᠶᠠᠭᠳᠠᠮᠠᠯ ᠠᠭᠤᠷᠬᠠᠢ ᠶᠢᠨ ᠵᠢᠱᠢᠶ᠎ᠡ ᠦᠵᠡᠭᠦᠯᠭᠦ ᠢᠨᠵᠧᠨᠧᠷᠢᠩ ᠢ ᠠᠮᠵᠢᠯᠲᠠ ᠲᠠᠢ ᠭᠤᠶᠤᠴᠢᠯᠠᠨ | ᠮᠡᠳᠡᠭᠦᠯᠦᠭᠰᠡᠨ ᠪᠥᠭᠡᠳ ᠬᠡᠷᠡᠭᠵᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠤ ᠲᠡᠦᠬᠡᠨ ᠠᠴᠠ ᠦᠯᠡᠳᠡᠭᠳᠡᠵᠦ ᠢᠷᠡᠭᠰᠡᠨ 73.76 ᠬᠠᠪᠲᠠᠭᠠᠢ ᠳᠥᠷᠪᠡᠯᠵᠢᠨ ᠺᠢᠯᠣᠮᠧᠲᠷ ᠤᠨ | ᠬᠠᠶᠠᠭᠳᠠᠮᠠᠯ ᠠᠭᠤᠷᠬᠠᠢ ᠶᠢᠨ ᠵᠠᠰᠠᠯᠲᠠ ᠶᠢ ᠪᠡᠶᠡᠯᠡᠭᠦᠯᠵᠦ᠂ 344 ᠪᠣᠬᠢᠷᠳᠤᠯ ᠦᠭᠡᠢ ᠠᠭᠤᠷᠬᠠᠢ ᠶᠢ ᠪᠠᠶᠢᠭᠤᠯᠪᠠ᠃ | ︽ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠵᠤ ᠦᠵᠡᠰᠬᠦᠯᠡᠩᠲᠦ ᠰᠠᠶᠢᠬᠠᠨ | ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠮᠡᠳᠡᠭᠳᠡᠯ︾ ᠢ | ᠳᠠᠷᠤᠮᠠᠯᠯᠠᠨ ᠲᠠᠷᠬᠠᠭᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠬᠦ᠂ | ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ᠂ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ | ᠨᠢᠭᠡᠳᠦᠯᠲᠡᠢ ᠲᠥᠯᠥᠪᠵᠢᠭᠦᠯᠬᠦ᠂ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ᠂ ᠵᠠᠰᠠᠯᠲᠠ | ᠶᠢᠨ ᠳᠦᠷᠢᠮ ᠤᠨ ᠰᠢᠰᠲ᠋ᠧᠮ ᠢ ᠪᠦᠷᠢᠨᠰᠢᠭᠦᠯᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠪᠦᠭᠦ ᠲᠠᠯ᠎ᠠ ᠪᠠᠷ | ᠴᠢᠩᠭᠠᠳᠬᠠᠬᠤ ᠵᠡᠷᠭᠡ 6 ᠲᠠᠯ᠎ᠠ ᠪᠠᠷ 48 ᠵᠤᠷᠪᠤᠰ ᠪᠣᠳᠠᠲᠠᠢ ᠠᠷᠭ᠎ᠠ ᠬᠡᠮᠵᠢᠶ᠎ᠡ ᠳᠤᠷᠠᠳᠴᠤ᠂ ᠠᠵᠤ ᠠᠬᠤᠢ | ᠨᠡᠶᠢᠭᠡᠮ ᠤᠨ ᠪᠣᠬᠢᠷᠳᠤᠯ ᠦᠭᠡᠢ ᠪᠠᠷ ᠭᠡᠯᠪᠡᠷᠢ ᠪᠠᠨ ᠬᠤᠪᠢᠷᠠᠭᠤᠯᠬᠤ ᠪᠠ ᠦᠵᠡᠰᠬᠦᠯᠡᠩᠲᠦ ᠰᠠᠶᠢᠬᠠᠨ ᠥᠪᠥᠷ | ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠪᠦᠭᠦ ᠲᠠᠯ᠎ᠠ ᠪᠠᠷ ᠬᠦᠴᠦᠨ ᠨᠡᠮᠡᠷᠢᠯᠡᠪᠡ᠃ |