ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠵᠢᠯᠣᠭᠤᠳᠤᠮᠵᠢ ᠪᠣᠯᠭᠠᠨ ᠥᠭᠡᠷᠡᠴᠢᠯᠡᠯᠲᠡ ᠶᠢᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠭᠦ ᠬᠦᠴᠦᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2024/12/31
           ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠭᠦᠩ ᠮᠢᠩ ᠵᠦ᠄ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠵᠢᠯᠣᠭᠤᠳᠤᠮᠵᠢ ᠪᠣᠯᠭᠠᠨ ᠥᠭᠡᠷᠡᠴᠢᠯᠡᠯᠲᠡ ᠶᠢᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠭᠦ ᠬᠦᠴᠦᠨ ᠢᠶᠠᠷ ᠠᠬᠢᠭᠤᠯᠤᠨ᠎ᠠ              ᠥᠪᠥᠷ ᠮᠣᠩᠭᠤᠯ ᠤᠨ ᠡᠳᠦᠷ ᠤᠨ ᠰᠣᠨᠢᠨ ᠤ ᠰᠤᠷᠪᠤᠯᠵᠢᠯᠠᠬᠴᠢ ᠯᠢ ᠶᠦᠡᠭ ᠲᠤᠤ              ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠶᠡᠷᠦᠩᠬᠡᠢ ᠳᠠᠶᠢᠴᠢᠯᠠᠯᠲᠠ᠂ ᠶᠡᠷᠦᠩᠬᠡᠢ ᠪᠠᠶᠢᠷᠢᠯᠠᠭᠤᠯᠤᠯᠲᠠ ᠬᠢᠵᠡᠢ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠡᠷᠬᠢᠨ ᠡᠭᠦᠷᠭᠡ ᠴᠢᠳᠠᠪᠬᠢ ᠪᠠᠨ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠪᠤᠢ︖ ᠲᠦᠷᠦᠭᠦᠬᠡᠨ ᠲᠤᠰ ᠰᠣᠨᠢᠨ ᠤ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠭᠦᠩ ᠮᠢᠩ ᠵᠦ ᠶᠢ ᠰᠤᠷᠪᠤᠯᠵᠢᠯᠠᠪᠠ᠃              ᠥᠪᠥᠷ ᠮᠣᠩᠭᠤᠯ ᠤᠨ ᠡᠳᠦᠷ ᠤᠨ ᠰᠣᠨᠢᠨ᠄ ᠣᠳᠣᠬᠠᠨ ᠳᠤ ᠣᠷᠣᠨ ᠳᠠᠶᠠᠭᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠬᠡᠷᠬᠢᠨ ᠣᠳᠣᠬᠠᠨ ᠤ ᠠᠵᠢᠯ ᠢᠶᠠᠨ ᠰᠠᠶᠢᠲᠤᠷ ᠬᠢᠬᠦ ᠯᠦᠭᠡ ᠤᠶᠠᠯᠳᠤᠭᠤᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠠᠵᠢᠯ ᠢ ᠲᠦᠷᠭᠡᠳᠬᠡᠨ ᠠᠬᠢᠭᠤᠯᠬᠤ ᠪᠤᠶ︖᠎               ᠭᠦᠩ ᠮᠢᠩ ᠵᠦ᠄ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠰᠤᠳᠤᠯᠭᠠᠨ᠂ ᠲᠥᠯᠦᠪᠵᠢᠭᠦᠯᠭᠡ ᠲᠥᠯᠥᠪᠯᠡᠭᠡ᠂ ᠲᠥᠷᠥᠯ ᠵᠦᠢᠯ ᠤᠨ ᠪᠡᠯᠡ ᠣᠷᠣᠭᠤᠯᠤᠯᠲᠠ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠶᠡᠷᠦᠩᠬᠡᠶᠢᠯᠡᠨ ᠨᠢᠭᠡᠳᠦᠯᠲᠡᠢ ᠲᠥᠯᠥᠪᠯᠡᠬᠦ ᠪᠠ ᠶᠡᠷᠦᠩᠬᠡᠶᠢᠯᠡᠨ ᠲᠡᠩᠴᠡᠭᠦᠷᠢᠰᠢᠭᠦᠯᠬᠦ ᠲᠠᠪᠤᠨ ᠶᠡᠭᠡ ᠡᠭᠦᠷᠭᠡ ᠴᠢᠳᠠᠪᠬᠢ ᠳᠤ ᠰᠠᠭᠤᠷᠢᠯᠠᠨ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠᠷ ᠵᠢᠯᠣᠭᠤᠳᠤᠮᠵᠢ ᠪᠤᠯᠭᠠᠵᠤ᠂ ᠥᠪᠡᠷ ᠢ ᠪᠠᠨ ᠰᠢᠨᠡᠴᠢᠯᠡᠬᠦ ᠪᠠ ᠰᠤᠷᠲᠠᠯ ᠢᠶᠠᠨ ᠬᠤᠪᠢᠷᠠᠭᠤᠯᠬᠤ ᠪᠠᠷ ᠭᠠᠷᠳᠠᠴᠠ ᠪᠣᠯᠭᠠᠨ᠂ ᠥᠭᠡᠷᠡᠴᠢᠯᠡᠯᠲᠡ ᠶᠢᠨ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃              ᠪᠢᠳᠡ ᠶᠠᠭ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠨ ︽ᠠᠰᠠᠭᠤᠳᠠᠯ ᠢ ᠥᠭᠡᠷᠡᠴᠢᠯᠡᠬᠦ᠂ ᠲᠣᠭᠲᠠᠴᠠ ᠶᠢ ᠥᠭᠡᠷᠡᠴᠢᠯᠡᠬᠦ᠂ ᠪᠠᠶᠢᠷᠢᠰᠢᠭᠤᠯᠤᠯᠲᠠ ᠶᠢ ᠥᠭᠡᠷᠡᠴᠢᠯᠡᠬᠦ᠂ ᠰᠤᠷᠲᠠᠯ ᠢ ᠰᠠᠶᠢᠵᠢᠷᠠᠭᠤᠯᠬᠤ︾᠎ ᠶᠢ ᠨᠢᠭᠡ ᠴᠣᠭᠴᠠᠵᠢᠭᠤᠯᠤᠨ ᠠᠬᠢᠭᠤᠯᠵᠤ᠂ ᠲᠡᠷᠡ ᠳᠠᠷᠤᠢ ᠳᠤᠨᠢ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠥᠭᠡᠷᠡᠴᠢᠯᠡᠯᠲᠡ ᠶᠢᠨ ᠡᠭᠦᠷᠭᠡ ᠶᠢ ᠬᠡᠷᠡᠭᠵᠢᠭᠦᠯᠬᠦ ᠶᠢ ᠠᠬᠢᠭᠤᠯᠬᠤ ᠠᠵᠢᠯ ᠤᠨ ᠲᠥᠰᠥᠯ︾᠎ ᠢ ᠲᠣᠭᠲᠠᠭᠠᠨ᠂ ᠴᠠᠭ ᠤᠨ ᠬᠦᠰᠦᠨᠦᠭᠲᠦ᠂ ᠵᠢᠷᠤᠭ ᠲᠥᠰᠥᠪ ᠢ ᠲᠣᠳᠣᠷᠬᠠᠶᠢᠯᠠᠵᠤ᠂ ᠰᠤᠷᠲᠠᠯ ᠢᠶᠠᠨ ᠬᠤᠪᠢᠷᠠᠭᠤᠯᠬᠤ ᠠᠵᠢᠯ ᠤᠨ ᠱᠠᠭᠠᠷᠳᠠᠯᠭ᠎ᠠ ᠶᠢ ᠴᠢᠬᠤᠯᠠᠴᠢᠯᠠᠪᠠ᠃ ᠪᠢᠳᠡ ᠥᠪᠡᠷᠲᠡᠭᠡᠨ ᠵᠠᠰᠠᠬᠤ ᠣᠷᠣᠨ ᠠᠴᠠ ᠲᠦᠷᠦᠭᠦᠯᠡᠨ ᠬᠢᠬᠦ 37 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠢᠳᠡᠪᠬᠢᠲᠡᠢ ᠪᠠᠷ ᠭᠥᠯᠢᠶᠡᠨ ᠠᠪᠬᠤ ᠶᠢᠨ ᠬᠠᠮᠲᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ 4 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠥᠭᠡᠷᠡᠴᠢᠯᠡᠯᠲᠡ ᠶᠢ ᠤᠬᠠᠮᠰᠠᠷ ᠠᠴᠠ ᠪᠠᠨ ᠨᠡᠮᠡᠭᠳᠡᠭᠦᠯᠦᠭᠰᠡᠨ ᠤ ᠬᠠᠮᠲᠤ ᠪᠤᠶ ᠪᠦᠬᠦᠢ 41 ᠵᠦᠢᠯ ᠤᠨ ᠲᠦᠷᠦᠭᠦᠯᠡᠨ ᠬᠢᠬᠦ ᠡᠭᠦᠷᠭᠡ ᠳᠤ ᠠᠵᠢᠯ ᠤᠨ ᠨᠠᠷᠢᠨ ᠲᠠᠩᠰᠠ ᠶᠢ ᠪᠠᠶᠢᠭᠤᠯᠵᠤ᠂ ᠲᠣᠰ ᠲᠣᠰ ᠲᠤᠨᠢ ᠠᠵᠢᠯ ᠤᠨ ᠲᠥᠰᠥᠯ ᠲᠣᠭᠲᠠᠭᠠᠪᠠ᠃ ᠣᠳᠣᠬᠠᠨ ᠳᠤ ᠪᠤᠶ ᠪᠦᠬᠦᠢ ᠲᠦᠷᠦᠭᠦᠯᠡᠨ ᠬᠢᠬᠦ ᠡᠭᠦᠷᠭᠡ ᠶᠢ ᠨᠢᠭᠡᠨᠲᠡ ᠪᠦᠭᠦᠨ ᠢ ᠡᠬᠢᠯᠡᠭᠦᠯᠵᠦ᠂ 2024 ᠣᠨ ᠤ 16 ᠵᠦᠢᠯ ᠤᠨ ᠡᠭᠦᠷᠭᠡ ᠶᠢᠨ 9 ᠵᠦᠢᠯ ᠢ ᠨᠢ ᠨᠢᠭᠡᠨᠲᠡ ᠪᠡᠶᠡᠯᠡᠭᠦᠯᠵᠦ᠂ ᠪᠤᠰᠤᠳ 7 ᠵᠦᠢᠯ ᠢ ᠨᠢ ᠲᠥᠯᠥᠪᠯᠡᠭᠡ ᠶᠣᠰᠣᠭᠠᠷ ᠵᠢᠯ ᠤᠨ ᠳᠣᠲᠣᠷ᠎ᠠ ᠪᠡᠶᠡᠯᠡᠭᠦᠯᠵᠦ᠂ 2026 ᠣᠨ ᠤ ᠡᠴᠦᠰ ᠠᠴᠠ ᠡᠮᠦᠨ᠎ᠡ 41 ᠵᠦᠢᠯ ᠤᠨ ᠲᠦᠷᠦᠭᠦᠯᠡᠨ ᠬᠢᠬᠦ ᠥᠭᠡᠷᠡᠴᠢᠯᠡᠯᠲᠡ ᠶᠢᠨ ᠡᠭᠦᠷᠭᠡ ᠶᠢ ᠪᠦᠭᠦᠨ ᠢ ᠪᠡᠶᠡᠯᠡᠭᠦᠯᠬᠦ ᠪᠠᠷ ᠲᠥᠯᠥᠪᠯᠡᠵᠦ ᠪᠠᠶᠢᠨ᠎ᠠ᠃              ᠥᠪᠥᠷ ᠮᠣᠩᠭᠤᠯ ᠤᠨ ᠡᠳᠦᠷ ᠤᠨ ᠰᠣᠨᠢᠨ᠄ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠠᠴᠠ ᠰᠠᠯᠵᠤ ᠴᠢᠳᠠᠬᠤ ᠦᠭᠡᠢ ᠶᠤᠮ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠠᠵᠤ ᠠᠬᠤᠢ ᠶᠢᠨ ᠪᠠᠶᠢᠭᠤᠯᠤᠯ ᠤᠨ ᠬᠦᠷᠢᠶ᠎ᠡ ᠴᠠᠷᠠᠭᠠᠨ ᠤ ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠠᠪᠴᠤ ᠶᠠᠮᠠᠷ ᠰᠢᠨ᠎ᠡ ᠪᠣᠳᠠᠲᠤ ᠦᠷ᠎ᠡ ᠪᠦᠲᠦᠮᠵᠢ ᠣᠯᠣᠭᠰᠠᠨ ᠪᠤᠶ︖᠎               ᠭᠦᠩ ᠮᠢᠩ ᠵᠦ᠄ ᠪᠢᠳᠡ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠭᠤᠯᠤᠯ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠠᠵᠤ ᠠᠬᠤᠢ ᠶᠢᠨ ᠪᠠᠶᠢᠭᠤᠯᠤᠯ ᠤᠨ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠶ ᠪᠣᠯᠭᠠᠪᠠ᠃              ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠣᠭᠲᠠᠴᠠ ᠶᠢ ᠪᠠᠶᠢᠭᠤᠯᠬᠤ ᠲᠠᠯ᠎ᠠ ᠪᠠᠷ᠂ ︽ᠠᠵᠤ ᠦᠢᠯᠡᠰ ᠤᠨ ᠪᠠᠶᠢᠷᠢᠰᠢᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠬᠦ ᠲᠤᠬᠠᠢ ᠵᠢᠯᠤᠭᠤᠳᠬᠤ ᠰᠠᠨᠠᠯ︾᠂ ︽ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠥᠰᠥᠯ ︵ᠡᠬᠡ ᠨᠣᠣᠷᠠᠭ︶︾᠎ ᠢ ᠲᠤᠭᠤᠷᠪᠢᠨ᠂ ︽ᠴᠢᠨᠠᠷ ᠰᠠᠶᠢᠲᠠᠢ ᠥᠨᠳᠥᠷ ᠪᠦᠲᠦᠮᠵᠢᠲᠡᠶ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠲᠦᠷᠭᠡᠳᠬᠡᠨ ᠪᠠᠶᠢᠭᠤᠯᠬᠤ ᠠᠵᠢᠯᠯᠠᠭᠠᠨ ᠤ ᠲᠥᠰᠥᠯ ︵᠎ 2024-2026 ᠣᠨ︶︾᠎ ᠢ ᠳᠠᠷᠤᠮᠠᠯᠯᠠᠨ ᠲᠠᠷᠬᠠᠭᠠᠵᠤ᠂ 8 ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠴᠢᠨᠠᠭᠰᠢᠳᠠ ᠰᠢᠯᠢᠳᠡᠭᠵᠢᠭᠦᠯᠵᠦ᠂ 5 ᠢᠷᠡᠭᠡᠳᠦᠢ ᠶᠢᠨ ᠠᠵᠤ ᠦᠢᠯᠡᠰ ᠢ ᠤᠷᠢᠳᠠᠴᠢ ᠴᠢᠨᠠᠷᠲᠠᠢ ᠪᠠᠷ ᠲᠥᠯᠥᠪᠵᠢᠭᠦᠯᠦᠨ᠂ ᠪᠦᠭᠦ ᠣᠷᠣᠨ ᠤ ᠠᠵᠤ ᠦᠢᠯᠡᠰ ᠤᠨ ᠪᠦᠬᠦᠯᠢ ᠴᠣᠭᠴᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ 2024 ᠣᠨ ᠤ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 7.5% ᠪᠠ 4.4%᠎ ᠪᠠᠷ ᠨᠡᠮᠡᠭᠳᠡᠵᠡᠢ᠃              ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠣᠭᠲᠠᠴᠠ ᠶᠢ ᠪᠠᠬᠢᠵᠢᠭᠦᠯᠬᠦ ᠲᠠᠯ᠎ᠠ ᠪᠠᠷ᠂ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠨᠠᠮ ᠤᠨ ᠬᠤᠷᠢᠶ᠎ᠠ ᠪᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠦᠢᠯᠡᠴᠢᠯᠡᠭᠡᠨ ᠤ ᠲᠣᠭᠲᠠᠴᠠ ᠵᠡᠷᠭᠡ 3 ᠵᠦᠢᠯ ᠤᠨ ᠳᠦᠷᠢᠮ ᠢ ᠲᠣᠭᠲᠠᠭᠠᠵᠤ᠂ ︽ᠵᠠᠰᠠᠭ ᠤᠨ ᠣᠷᠳᠣᠨ ᠪᠠ ᠠᠷᠠᠯᠵᠢᠶᠠᠴᠢᠨ ᠤ ᠶᠠᠪᠤᠯᠴᠠᠭ᠎ᠠ ᠶᠢ ᠵᠢᠷᠤᠮᠵᠢᠭᠤᠯᠬᠤ ᠠᠵᠢᠯᠯᠠᠭ᠎ᠠ ᠶᠢᠨ ᠵᠥᠪ ᠲᠠᠯ᠎ᠠ ᠶᠢᠨ ᠨᠠᠷᠢᠨ ᠲᠠᠩᠰᠠ︾᠂ ︽ᠵᠠᠰᠠᠭ ᠤᠨ ᠣᠷᠳᠣᠨ ᠪᠠ ᠠᠷᠠᠯᠵᠢᠶᠠᠴᠢᠨ ᠤ ᠶᠠᠪᠤᠯᠴᠠᠭ᠎ᠠ ᠶᠢ ᠵᠢᠷᠤᠮᠵᠢᠭᠤᠯᠬᠤ ᠠᠵᠢᠯᠯᠠᠭ᠎ᠠ ᠶᠢᠨ ᠨᠠᠵᠠᠭᠠᠢ ᠲᠠᠯ᠎ᠠ ᠶᠢᠨ ᠨᠠᠷᠢᠨ ᠲᠠᠩᠰᠠ︾᠂ ︽ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠣᠶᠢᠵᠢᠬᠤ ᠶᠢ ᠵᠣᠷᠢᠭᠵᠢᠭᠤᠯᠬᠤ ᠰᠠᠨᠠᠭᠠᠴᠢᠯᠠᠭ᠎ᠠ ᠶᠢᠨ ᠨᠠᠷᠢᠨ ᠲᠠᠩᠰᠠ︾᠎ ᠶᠢ ᠲᠦᠷᠦᠭᠦᠯᠡᠨ ᠲᠣᠭᠲᠠᠭᠠᠪᠠ᠃ ᠡᠭᠦᠨ ᠤ ᠬᠠᠮᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠦᠷᠢᠮ ᠲᠣᠭᠲᠠᠭᠠᠬᠤ ᠶᠢ ᠠᠬᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠣᠭᠲᠠᠭᠠᠨ ᠲᠡᠭᠦᠯᠳᠡᠷᠵᠢᠭᠦᠯᠬᠦ ᠶᠢ ᠳᠡᠮᠵᠢᠨ ᠵᠢᠯᠣᠭᠤᠳᠴᠠᠢ᠃ 9 ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ ᠠᠷᠠᠳ ᠤᠨ ᠡᠵᠡᠩᠨᠡᠯᠲᠡ ᠶᠢᠨ ᠡᠵᠡᠩᠨᠡᠯᠲᠡ ᠶᠢᠨ ᠪᠡᠶᠡᠴᠢ ᠴᠣᠭᠴᠠ ᠠᠳᠠᠯᠢ ᠬᠤᠭᠤᠴᠠᠭᠠᠨ ᠤ ᠬᠢ ᠠᠴᠠ 7.15%᠎ ᠪᠠᠷ ᠨᠡᠮᠡᠭᠳᠡᠪᠡ᠃              ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠲᠣᠭᠲᠠᠴᠠ ᠶᠢ ᠪᠠᠶᠢᠭᠤᠯᠬᠤ ᠲᠠᠯ᠎ᠠ ᠪᠠᠷ ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ 15+9 ᠰᠡᠷᠭᠡᠶᠢᠯᠡᠬᠦ ᠵᠦᠢᠯᠡᠰ ᠤᠨ ᠨᠠᠷᠢᠨ ᠳᠠᠩᠰᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠡᠬᠢᠯᠡᠭᠦᠯᠪᠡ᠃ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠵᠦ ᠬᠠᠮᠲᠤ ᠎ ᠪᠠᠷ ᠡᠳ᠋ᠯᠡᠬᠦ ᠪᠠ ᠬᠡᠷᠡᠭᠯᠡᠬᠦ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠪᠠ᠃ ᠦᠨ᠎ᠡ ᠬᠠᠩᠰᠢ ᠶᠢᠨ ᠲᠣᠭᠲᠠᠴᠠ ᠶᠢ ᠪᠦᠷᠢᠨᠰᠢᠭᠦᠯᠵᠦ᠂ ᠢᠯᠴᠢ ᠬᠠᠩᠭᠠᠭᠰᠠᠨ ᠬᠡᠮᠵᠢᠶ᠎ᠡ ᠪᠠᠷ ᠰᠦᠢᠳᠬᠡᠯ ᠬᠤᠷᠢᠶᠠᠬᠤ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠶᠢᠨ ᠳᠦᠷᠢᠮ ᠪᠠ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠪᠤᠰᠤ ᠲᠣᠭᠲᠠᠭᠰᠠᠨ ᠬᠡᠮᠵᠢᠶᠡᠨ ᠠᠴᠠ ᠬᠡᠲᠦᠷᠡᠭᠰᠡᠨ ᠬᠡᠰᠡᠭ ᠲᠤ ᠠᠬᠢᠭᠤᠯᠤᠨ ᠪᠤᠳᠤᠵᠤ ᠦᠨ᠎ᠡ ᠶᠢ ᠥᠰᠬᠡᠬᠦ ᠳᠦᠷᠢᠮ ᠢ ᠲᠡᠭᠦᠯᠳᠡᠷᠵᠢᠭᠦᠯᠦᠨ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠳᠡᠭᠡᠷ᠎ᠡ ᠳᠣᠣᠷ᠎ᠠ ᠤᠷᠤᠰᠬᠠᠯ ᠤᠨ ᠦᠨ᠎ᠡ ᠬᠠᠩᠰᠢ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠠᠢ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠪᠦᠰᠡ ᠶᠢᠨ ᠪᠠᠶᠢᠩᠭᠤᠵᠢᠭᠰᠠᠨ ᠠᠵᠢᠯ ᠤᠨ ᠬᠤᠯᠪᠤᠭ᠎ᠠ ᠠᠪᠬᠤ ᠲᠣᠭᠲᠠᠴᠠ ᠶᠢ ᠪᠦᠷᠢᠨᠰᠢᠭᠦᠯᠦᠨ᠂ ᠬᠠᠲᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠬᠡᠯᠬᠢᠶ᠎ᠡ᠂ ᠠᠵᠢᠯ ᠤᠨ ᠬᠡᠯᠬᠢᠶ᠎ᠡ᠂ ᠬᠠᠷᠢᠭᠤᠴᠠᠯᠭ᠎ᠠ ᠶᠢᠨ ᠬᠡᠯᠬᠢᠶ᠎ᠡ ᠶᠢᠨ ᠲᠣᠭᠲᠠᠴᠠ ᠪᠣᠯᠣᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠪᠡ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠲᠣᠭᠲᠠᠴᠠ ᠶᠢ ᠪᠠᠶᠢᠭᠤᠯᠵᠤ᠂ ︽︿ᠬᠥᠮᠥᠨ ᠢᠶᠠᠷ ᠦᠨᠳᠦᠰᠦ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ﹀᠎ ᠶᠢ ᠭᠦᠨᠵᠡᠭᠡᠢ ᠬᠡᠷᠡᠭᠵᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠪᠠ ︽ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ ᠰᠠᠨᠠᠯ︾᠎ ᠢ ᠪᠦᠷᠢᠯᠳᠦᠭᠦᠯᠪᠡ᠃ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠲᠣᠭᠲᠠᠴᠠ ᠶᠢ ᠳᠡᠭᠡᠭᠰᠢᠯᠡᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠰᠥᠯ ︵᠎ 2024-2026 ᠣᠨ︶︾᠎ ᠢ ᠲᠣᠭᠲᠠᠭᠠᠨ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠢᠨᠠᠷ ᠰᠠᠶᠢᠲᠠᠢ ᠬᠥᠭᠵᠢᠯᠲᠡ ᠶᠢᠨ ︽ᠳᠥᠷᠪᠡᠨ ᠶᠡᠭᠡ ᠰᠢᠰᠲ᠋ᠧᠮ︾᠎ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃ 10 ᠰᠠᠷ᠎ᠠ ᠪᠤᠯᠲᠠᠯ᠎ᠠ ᠪᠦᠭᠦ ᠣᠷᠣᠨ ᠤ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 381 ᠴᠤᠪᠤᠭ᠎ᠠ ᠶᠠᠪᠤᠵᠤ᠂ ᠠᠳᠠᠯᠢ ᠬᠤᠭᠤᠴᠠᠭᠠᠨ ᠤ ᠬᠢ ᠠᠴᠠ 15.1%᠎ ᠪᠠᠷ ᠨᠡᠮᠡᠭᠳᠡᠵᠡᠢ᠃ ᠠᠮᠢ ᠠᠬᠤᠢ ᠶᠢᠨ ᠪᠣᠯᠪᠠᠰᠤᠨ ᠤ ᠥᠭᠡᠷᠡᠴᠢᠯᠡᠯᠲᠡ ᠶᠢᠨ ᠲᠣᠭᠲᠠᠴᠠ ᠶᠢ ᠭᠦᠨᠵᠡᠭᠡᠶᠢᠷᠡᠭᠦᠯᠵᠦ᠂ ︽ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠲᠦᠷᠭᠡᠨ ᠢᠶᠠᠷ ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾᠎ ᠢ ᠪᠦᠷᠢᠯᠳᠦᠭᠦᠯᠵᠦ᠂ 26 ᠵᠤᠷᠪᠤᠰ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠳᠠᠭᠢᠨ ᠠᠰᠢᠭᠯᠠᠬᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠪᠡ᠃ ᠠᠮᠢ ᠠᠬᠤᠢ ᠶᠢᠨ ᠦᠢᠯᠡᠳᠬᠦᠨ ᠤ ᠣᠯᠠᠨ ᠡᠰᠢᠲᠦ ᠥᠷᠲᠡᠭ ᠢ ᠬᠤᠪᠢᠷᠠᠭᠤᠯᠬᠤ ᠠᠷᠭ᠎ᠠ ᠵᠠᠮ ᠢ ᠪᠡᠶᠡᠯᠡᠭᠦᠯᠬᠦ ᠲᠣᠭᠲᠠᠴᠠ ᠶᠢᠨ ᠰᠢᠨ᠎ᠡ ᠶᠢ ᠡᠭᠦᠳᠴᠦ᠂ ︽ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢ ᠲᠦᠷᠭᠡᠳᠬᠡᠨ ᠪᠠᠶᠢᠭᠤᠯᠬᠤ ᠠᠵᠢᠯ ᠤᠨ ᠲᠥᠰᠥᠯ︾᠎ ᠢ ᠲᠣᠭᠲᠠᠭᠠᠵᠤ᠂ 3 ᠠᠶᠢᠮᠠᠭ ᠬᠤᠲᠠ ᠶᠢᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ ᠠᠬᠢᠭᠤᠯᠤᠨ᠂ ᠨᠡᠭᠦᠷᠡᠰᠦᠲᠥ᠋ᠷᠥᠭᠴᠢ ᠶᠢᠨ ᠡᠳ᠋ ᠬᠥᠷᠥᠩᠭᠡ ᠶᠢ ᠶᠡᠷᠦᠩᠬᠡᠶᠢᠯᠡᠨ ᠬᠠᠮᠢᠶᠠᠷᠬᠤ ᠲᠠᠪᠴᠠᠩ ᠢ ᠰᠦᠪᠡᠭᠴᠢᠯᠡᠨ ᠪᠠᠶᠢᠭᠤᠯᠵᠠᠢ᠃              ᠥᠪᠥᠷ ᠮᠣᠩᠭᠤᠯ ᠤᠨ ᠡᠳᠦᠷ ᠤᠨ ᠰᠣᠨᠢᠨ᠄ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠥᠭᠡᠷᠡᠴᠢᠯᠡᠯᠲᠡ ᠨᠢ ᠤᠯᠠᠨ ᠲᠠᠯ᠎ᠠ ᠳᠤ ᠬᠤᠯᠪᠣᠭᠳᠠᠵᠤ ᠪᠠᠶᠢᠳᠠᠭ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠡᠷᠬᠢᠨ ᠲᠤᠰ ᠲᠦᠷᠦᠯ ᠤᠨ ᠥᠭᠡᠷᠡᠴᠢᠯᠡᠯᠲᠡ ᠶᠢ ᠠᠬᠢᠭᠤᠯᠬᠤ ᠪᠤᠢ︖᠎               ᠭᠦᠩ ᠮᠢᠩ ᠵᠦ᠄ ᠡᠨᠡ ᠵᠢᠯ ᠠᠴᠠ ᠨᠠᠭᠠᠰᠢ ᠪᠢᠳᠡ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠳᠦᠮᠵᠢ ᠶᠢ ᠨᠡᠮᠡᠭᠳᠡᠭᠦᠯᠬᠦ ᠪᠠᠷ ᠬᠠᠷᠠᠯᠲᠠ ᠪᠣᠯᠭᠠᠨ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠦᠨᠡᠬᠢ ᠬᠤᠭᠤᠴᠠᠭᠠᠨ ᠳᠤ ᠵᠠᠰᠠᠭ ᠵᠠᠬᠢᠷᠭᠠᠨ ᠤ ᠡᠷᠬᠡ ᠶᠢ ︽ᠬᠠᠰᠤᠬᠤ ᠶᠣᠰᠣᠲᠠᠢ ᠶᠢ ᠨᠢ ᠪᠦᠭᠦᠨ ᠢ ᠬᠠᠰᠤᠵᠤ᠂ ᠲᠠᠯᠪᠢᠬᠤ ᠶᠣᠰᠣᠲᠠᠢ ᠶᠢ ᠨᠢ ᠪᠦᠭᠦᠨ ᠢ ᠲᠠᠯᠪᠢᠭᠰᠠᠨ︾ ᠰᠠᠭᠤᠷᠢᠨ ᠳᠡᠭᠡᠷ᠎ᠡ᠂ ᠲᠠᠯᠳᠠ ᠴᠢᠳᠠᠪᠤᠷᠢ ᠶᠢ ᠭᠦᠨᠵᠡᠭᠡᠢ ᠠᠭᠤᠳᠠᠯᠵᠤ᠂ 4 ᠵᠦᠢᠯ ᠤᠨ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠤ ᠥᠭᠡᠷᠡᠴᠢᠯᠡᠯᠲᠡ ᠶᠢ ᠤᠬᠠᠭᠠᠯᠠᠨ ᠲᠥᠰᠥᠪᠯᠡᠵᠦ ᠬᠡᠷᠡᠭᠵᠢᠭᠦᠯᠵᠡᠢ᠃              ᠨᠢᠭᠡ ᠳᠤ᠂ ᠡᠨᠧᠷᠭᠢ ᠠᠷᠪᠢᠯᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠥᠭᠡᠷᠡᠴᠢᠯᠡᠯᠲᠡ᠃ ᠠᠶᠢᠮᠠᠭ ᠬᠤᠳᠠ ᠶᠢᠨ ᠡᠨᠧᠷᠭᠢ ᠠᠷᠪᠢᠯᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠨᠠᠷᠢᠨ ᠲᠠᠩᠰᠠ ᠪᠣᠯᠣᠨ ᠡᠨᠧᠷᠭᠢ ᠠᠷᠪᠢᠯᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠳᠠᠷᠠᠭᠠᠯᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠶᠠᠪᠤᠴᠠ ᠶᠢᠨ ᠬᠢᠨᠠᠨ ᠬᠠᠮᠢᠶᠠᠷᠤᠯᠲᠠ ᠶᠢ ᠪᠠᠭᠠᠰᠬᠠᠨ᠂ ᠦᠷ᠎ᠡ ᠳ᠋ᠦᠩ ᠤᠨ ᠬᠢᠨᠠᠯᠲᠠ ᠲᠠᠯᠪᠢᠯᠲᠠ ᠬᠢᠭᠡᠳ ᠬᠡᠷᠡᠭᠯᠡᠯᠲᠡ ᠶᠢ ᠴᠢᠩᠭᠠᠳᠬᠠᠵᠤ᠂ ︽ᠡᠯ᠎ᠡ ᠠᠶᠢᠮᠠᠭ ᠬᠤᠳᠠ ᠶᠢᠨ ᠡᠨᠧᠷᠭᠢ ᠠᠷᠪᠢᠯᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾᠂ ︽ᠡᠨᠧᠷᠭᠢ ᠠᠷᠪᠢᠯᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠲᠦᠭᠦᠮ ᠳᠠᠷᠠᠭᠠᠯᠠᠯ ᠤᠨ ᠵᠢᠷᠤᠭ︾᠂ ︽ᠡᠨᠧᠷᠭᠢ ᠠᠷᠪᠢᠯᠠᠬᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠤᠨ ᠡ᠊ᠩ ᠤᠨ ᠳᠠᠷᠠᠭᠠᠯᠠᠯ ᠤᠨ ᠵᠢᠷᠤᠭ︾᠎ ᠢ ᠲᠣᠭᠲᠠᠭᠠᠨ ᠳᠠᠷᠤᠮᠠᠯᠯᠠᠨ ᠲᠠᠷᠬᠠᠭᠠᠵᠠᠢ᠃              ᠬᠤᠶᠠᠷ ᠲᠤ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ᠃ ᠥᠪᠡᠷᠲᠡᠭᠡᠨ ᠵᠠᠰᠠᠬᠤ ᠣᠷᠣᠨ ᠤ ᠪᠡᠯᠡ ᠤᠷᠤᠭᠤᠯᠤᠯᠳᠠ ᠶᠢᠨ ᠲᠦᠷᠦᠯ ᠵᠦᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠤᠨ 2.0 ᠬᠡᠪ ᠢ ᠰᠢᠯᠢᠳᠡᠭᠵᠢᠭᠦᠯᠦᠨ ᠲᠡᠰ ᠳᠡᠪᠰᠢᠭᠦᠯᠵᠦ᠂ ᠤᠳᠤ ᠶᠢᠨ ᠴᠢᠬᠤᠯᠠ ᠶᠡᠭᠡ ᠲᠦᠷᠦᠯ ᠵᠦᠢᠯ ᠤᠨ ᠲᠣᠬᠢᠷᠠᠭᠤᠯᠤᠯᠲᠠ ᠶᠢᠨ ᠠᠵᠢᠯ ᠢ ᠪᠦᠭᠦᠨ ᠢ ᠲᠠᠪᠴᠠᠩ ᠳᠤ ᠪᠠᠭᠲᠠᠭᠠᠨ ᠣᠷᠣᠭᠤᠯᠪᠠ᠃              ᠭᠤᠷᠪᠠ ᠳᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠵᠢᠴᠢ ᠬᠠᠮᠲᠤ ᠪᠠᠷ ᠡᠳ᠋ᠯᠡᠬᠦ ᠬᠡᠷᠡᠭᠯᠡᠭᠡᠨ ᠤ ᠰᠢᠰᠲ᠋ᠧᠮ ᠤᠨ ᠥᠭᠡᠷᠡᠴᠢᠯᠡᠯᠲᠡ᠃ ᠢᠲᠡᠭᠡᠮᠵᠢ ᠶᠢᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠲᠣᠭᠲᠠᠴᠠ ᠶᠢ ᠰᠢᠯᠢᠳᠡᠭᠵᠢᠭᠦᠯᠦᠨ᠂ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠵᠦ᠂ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠲᠤᠯᠭᠠᠭᠤᠷᠢᠯᠠᠯ ᠬᠠᠩᠭᠠᠪᠠ᠃              ᠣᠨᠴᠠᠭᠠᠶᠢᠯᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠠᠨ ᠨᠡᠶᠢᠳᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠭᠤᠭᠴᠣᠭᠠᠨ ᠤ ᠥᠭᠡᠷᠡᠴᠢᠯᠡᠯᠲᠡ ᠶᠢ ᠠᠬᠢᠭᠤᠯᠬᠤ ᠲᠤᠬᠠᠢ ᠱᠠᠭᠠᠷᠳᠠᠯᠭ᠎ᠠ ᠶᠣᠰᠣᠭᠠᠷ᠂ ᠲᠤᠰᠬᠠᠢ ᠮᠡᠷᠭᠡᠵᠢᠯᠲᠡᠨ ᠤᠯᠠᠨ ᠨᠡᠶᠢᠳᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ︵ᠬᠢᠨᠠᠨ ᠲᠣᠭᠲᠠᠭᠠᠬᠤ ᠳᠦᠷᠢᠮ︶᠎ ᠎ ᠢ ᠪᠦᠷᠢᠨᠰᠢᠭᠦᠯᠬᠦ ᠥᠭᠡᠷᠡᠴᠢᠯᠡᠯᠲᠡ ᠥᠷᠨᠢᠭᠦᠯᠦᠨ᠂ ᠲᠤᠰᠬᠠᠢ ᠮᠡᠷᠭᠡᠵᠢᠯᠲᠡᠨ ᠤ ᠵᠠᠰᠠᠭ ᠲᠤ ᠲᠤᠰᠠᠯᠠᠵᠤ ᠰᠠᠨᠠᠭᠤᠯᠭ᠎ᠠ ᠭᠠᠷᠭᠠᠬᠤ᠂ ᠰᠢᠨᠵᠢᠯᠡᠬᠦ ᠤᠬᠠᠭᠠᠨᠴᠢ ᠠᠷᠠᠳᠴᠢᠯᠠᠯ ᠎ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠲᠤᠯᠭᠠᠭᠤᠷᠢᠯᠠᠬᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠨ ᠠᠬᠢᠭᠤᠯᠬᠤ ᠦᠢᠯᠡᠳᠦᠯ ᠢ ᠪᠦᠳᠦᠮᠵᠢᠳᠡᠢ ᠪᠠᠳᠠᠷᠠᠭᠤᠯᠵᠤ᠂ ᠣᠳᠣᠬᠠᠨ ᠳᠤ ᠨᠢᠭᠡᠨᠲᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠮᠡᠷᠭᠡᠵᠢᠯᠲᠡᠨ ᠤᠯᠠᠨ ᠨᠡᠶᠢᠳᠡ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ ᠳᠦᠷᠢᠮ ︵ᠬᠢᠨᠠᠨ ᠲᠣᠭᠲᠠᠭᠠᠬᠤ ᠳᠦᠷᠢᠮ︶᠎ ᠎ ᠢ ᠤᠯᠠᠮ ᠨᠢᠭᠡ ᠠᠯᠬᠤᠮ ᠪᠦᠷᠢᠨᠰᠢᠭᠦᠯᠬᠦ ᠥᠭᠡᠷᠡᠴᠢᠯᠡᠯᠲᠡ ᠶᠢᠨ ᠲᠥᠰᠥᠯ︾᠎ ᠢ ᠲᠣᠭᠲᠠᠭᠠᠵᠤ ᠭᠠᠷᠭᠠᠵᠠᠢ᠃              ᠥᠪᠥᠷ ᠮᠣᠩᠭᠤᠯ ᠤᠨ ᠡᠳᠦᠷ ᠤᠨ ᠰᠣᠨᠢᠨ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠡᠷᠬᠢᠨ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠨ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠎ ᠤᠨ ᠬᠤᠶᠠᠷ ᠶᠡᠭᠡ ᠶᠠᠪᠤᠳᠠᠯ ᠳᠤ ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠳᠠᠪᠤᠷᠢ ᠪᠠ ᠦᠷ᠎ᠡ ᠪᠦᠲᠦᠮᠵᠢ ᠶᠢ ᠲᠠᠰᠤᠷᠠᠯᠳᠠ ᠦᠭᠡᠢ ᠲᠡᠭᠡᠭᠰᠢᠯᠡᠭᠦᠯᠭᠦ ᠪᠤᠢ︖᠎               ᠭᠦᠩ ᠮᠢᠩ ᠵᠦ᠄ ᠡᠨᠡ ᠵᠢᠯ ᠠᠴᠠ ᠨᠠᠭᠠᠰᠢ ᠪᠢᠳᠡ ᠦᠢᠯᠡᠴᠢᠯᠡᠭᠡ ᠶᠢ ᠰᠢᠯᠢᠳᠡᠭᠵᠢᠭᠦᠯᠦᠨ ᠲᠡᠭᠡᠭᠰᠢᠯᠡᠭᠦᠯᠭᠦ ᠪᠠᠷ ᠠᠳᠬᠤᠴᠠ ᠪᠣᠯᠭᠠᠨ ᠰᠤᠷᠲᠠᠯ ᠢᠶᠠᠨ ᠬᠤᠪᠢᠷᠠᠭᠤᠯᠬᠤ ᠶᠢ ᠭᠦᠨᠵᠡᠭᠡᠶᠢᠷᠡᠭᠦᠯᠵᠡᠢ᠃ ᠰᠤᠷᠲᠠᠯ ᠎ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠶᠢᠨ ᠬᠢᠵᠠᠭᠠᠷᠯᠠᠯ ᠢ ᠴᠢᠩᠭᠠᠳᠬᠠᠵᠠᠢ᠃ ︽ᠵᠠᠰᠠᠭ ᠵᠠᠬᠢᠷᠭᠠᠨ ᠤ ᠡᠷᠬᠡ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠠᠵᠢᠯ ᠤᠨ ᠰᠤᠷᠲᠠᠯ ᠢ ᠭᠦᠨᠵᠡᠭᠡᠢ ᠬᠤᠪᠢᠷᠠᠭᠤᠯᠬᠤ ᠲᠤᠬᠠᠢ ᠰᠠᠨᠠᠯ︾᠎ ᠢ ᠳᠠᠷᠤᠮᠠᠯᠯᠠᠨ ᠲᠠᠷᠬᠠᠭᠠᠵᠤ᠂ 3 ᠲᠠᠯ᠎ᠠ ᠶᠢᠨ 16 ᠵᠤᠷᠪᠤᠰ ᠰᠠᠨᠠᠯ ᠱᠠᠭᠠᠷᠳᠠᠯᠭ᠎ᠠ ᠶᠢ ᠳᠤᠷᠠᠳᠤᠨ ᠭᠠᠷᠭᠠᠵᠠᠢ᠃ 20 ᠦᠭᠡ 80 ᠦᠰᠦᠭ ᠤᠨ ︽ᠠᠵᠢᠯ ᠤᠨ ᠦᠢᠯᠡᠴᠢᠯᠡᠭᠡ ᠶᠢ ᠭᠥᠯᠢᠶᠡᠨ ᠠᠪᠬᠤ ᠳᠦᠷᠢᠮ︾ ᠪᠠ ︽ᠲᠦᠷᠦᠯ ᠵᠦᠢᠯ ᠢ ᠬᠢᠨᠠᠨ ᠵᠥᠪᠰᠢᠶᠡᠷᠡᠵᠦ ᠲᠠᠩᠰᠠᠨ ᠳᠤ ᠲᠡᠮᠳᠡᠭᠯᠡᠬᠦ ᠵᠢᠴᠢ ᠲᠦᠷᠦᠯ ᠵᠦᠢᠯ ᠤᠨ ᠪᠡᠯᠡ ᠮᠥᠩᠭᠦᠨ ᠤ ᠬᠤᠪᠢᠶᠠᠷᠢᠯᠠᠯᠲᠠ ᠶᠢᠨ︿ᠲᠤᠯᠤᠭᠠᠨ ᠪᠤᠯᠬᠤ ᠦᠭᠡᠢ﹀ ︵ᠲᠦᠷ ᠬᠡᠷᠡᠭᠵᠢᠭᠦᠯᠬᠦ︶︾᠎ ᠶᠢ ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠵᠢᠴᠢ ᠪᠡᠯᠡ ᠮᠥᠩᠭᠦᠨ ᠤ ᠬᠤᠪᠢᠶᠠᠷᠢᠯᠠᠯᠲᠠ ᠳᠤᠮᠳᠠᠬᠢ ᠨᠠᠵᠠᠭᠠᠢ ᠲᠠᠯ᠎ᠠ ᠶᠢᠨ ᠠᠵᠢᠯᠯᠠᠭ᠎ᠠ ᠶᠢᠨ ᠨᠠᠷᠢᠨ ᠲᠠᠩᠰᠠ ᠶᠢ ᠲᠣᠳᠣᠷᠬᠠᠢ ᠳᠤᠷᠠᠳᠤᠨ ᠭᠠᠷᠭᠠᠵᠤ᠂ ᠬᠤᠷᠢᠭ᠎ᠠ ᠲᠠᠢ ᠵᠦᠢᠯᠡᠰ ᠢ ᠨᠠᠷᠢᠯᠢᠭ ᠰᠠᠶᠢᠬᠠᠨ ᠬᠤᠪᠢᠶᠠᠷᠢᠯᠠᠨ ᠲᠣᠭᠲᠠᠭᠠᠵᠤ᠂ ᠦᠢᠯᠡᠴᠢᠯᠡᠭᠡᠨ ᠤ ᠤᠬᠠᠮᠰᠠᠷ ᠪᠣᠯᠣᠨ ᠪᠠᠷᠢᠮᠵᠢᠶ᠎ᠠ ᠶᠢ ᠲᠠᠰᠤᠷᠠᠯᠳᠠ ᠦᠭᠡᠢ ᠲᠡᠭᠡᠭᠰᠢᠯᠡᠭᠦᠯᠭᠦ ᠶᠢ ᠠᠬᠢᠭᠤᠯᠵᠠᠢ᠃ ᠲᠠᠷᠠᠭᠠᠴᠢ ᠪᠠᠷ᠂ ᠪᠢᠳᠡ ᠴᠢᠳᠠᠪᠤᠷᠢ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠣᠯᠭᠤᠵᠤ᠂ ᠲᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠶᠢ ᠠᠬᠢᠭᠤᠯᠬᠤ ᠳᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ᠃      
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号