| | - ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠬᠠᠤᠯᠢ ᠪᠠᠷ ᠵᠠᠰᠠᠬᠤ | ᠳᠠᠪᠰᠢᠯᠲᠠ ᠶᠢᠨ ᠠᠮᠵᠢᠯᠲᠠ ᠪᠦᠲᠦᠮᠵᠢ ᠶᠢᠨ ᠲᠤᠬᠠᠢ ᠬᠦᠦᠷᠨᠢᠯ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠳᠤᠮᠳᠠᠳᠤ ᠤᠯᠤᠰ ᠤᠨ | ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠤᠯᠤᠰ ᠤᠨ | ᠪᠠᠶᠢᠳᠠᠯ ᠳᠤ ᠨᠡᠶᠢᠴᠡᠭᠰᠡᠨ᠂ ᠴᠠᠭ ᠦᠶ᠎ᠡ ᠳᠤ ᠵᠣᠬᠢᠴᠠᠭᠰᠠᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠵᠠᠮ ᠢ ᠬᠠᠶᠢᠨ ᠰᠦᠪᠡᠭᠴᠢᠯᠡᠪᠡ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠰᠢ | ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠨᠡᠶᠢᠭᠡᠮ ᠵᠢᠷᠤᠮ ᠤᠨ ᠬᠠᠤᠯᠢ | ᠪᠠᠷ ᠵᠠᠰᠠᠬᠤ ᠤᠯᠤᠰ ᠤᠨ ᠪᠠᠶᠢᠭᠤᠯᠤᠯᠲᠠ ᠭᠦᠨᠵᠡᠭᠡᠶᠢᠷᠡᠨ ᠠᠬᠢᠵᠤ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ | ᠵᠠᠰᠠᠬᠤ ᠶᠡᠷᠦᠩᠬᠡᠢ ᠪᠠᠶᠢᠷᠢᠰᠢᠯ ᠦᠨᠳᠦᠰᠦᠨ ᠳᠡᠭᠡᠨ ᠪᠦᠷᠢᠯᠳᠦᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠰᠢᠰᠲ᠋ᠧᠮ ᠤᠨ ᠪᠠᠶᠢᠭᠤᠯᠤᠯᠲᠠ ᠲᠦᠷᠭᠡᠳᠴᠦ᠂ ᠬᠠᠤᠯᠢ ᠴᠠᠭᠠᠵᠠ ᠶᠢᠨ ᠪᠠᠶᠢᠭᠤᠯᠤᠯ | ᠤᠨ ᠥᠭᠡᠷᠡᠴᠢᠯᠡᠯᠲᠡ ᠴᠢᠬᠤᠯᠠ ᠶᠡᠭᠡ ᠠᠬᠢᠴᠠ ᠲᠠᠢ ᠪᠣᠯᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ | ᠪᠠᠲᠤᠯᠠᠭ᠎ᠠ ᠨᠡᠩ ᠪᠠᠬᠢᠵᠢᠪᠡ᠃ | | ᠳᠤᠮᠳᠠᠳᠤ ᠤᠯᠤᠰ ᠤᠨ ᠵᠠᠰᠠᠯᠲᠠ ᠰᠢᠨ᠎ᠡ ᠠᠬᠤᠢ ᠪᠠᠶᠢᠳᠠᠯ ᠳᠤ ᠣᠷᠣᠬᠤ ᠶᠢ ᠠᠬᠢᠭᠤᠯᠪᠠ | 1954 ᠣᠨ ᠤ 6 ᠰᠠᠷ᠎ᠠ ᠶᠢᠨ 14 ᠤ ᠡᠳᠦᠷ ᠦᠨᠳᠦᠰᠦᠨ ᠬᠠᠤᠯᠢ ᠶᠢᠨ ᠲᠥᠰᠥᠯ ᠢ ᠵᠢᠩᠬᠢᠨᠢ ᠪᠠᠷ | ᠨᠡᠶᠢᠲᠡᠯᠡᠭᠰᠡᠨ ᠤ ᠲᠠᠷᠠᠭ᠎ᠠ᠂ ᠨᠡᠶᠢᠳᠡ 1.5 ᠳ᠋ᠦᠩᠰᠢᠭᠤᠷ ᠭᠠᠷᠤᠢ ᠬᠥᠮᠥᠨ ᠶᠠᠷᠢᠯᠴᠠᠬᠤ ᠳᠤ ᠣᠷᠣᠯᠴᠠᠵᠤ᠂ 118 | ᠲᠦᠮᠡ ᠭᠠᠷᠤᠢ ᠵᠤᠷᠪᠤᠰ ᠵᠠᠰᠠᠪᠤᠷᠢ ᠣᠷᠣᠭᠤᠯᠬᠤ ᠪᠠ ᠨᠥᠬᠦᠪᠦᠷᠢᠯᠡᠬᠦ ᠰᠠᠨᠠᠯ ᠳᠤᠷᠠᠳᠪᠠ; 1954 ᠣᠨ ᠤ 9 | ᠰᠠᠷ᠎ᠠ ᠶᠢᠨ 20 ᠤ ᠡᠳᠦᠷ᠂ ᠠᠩᠬᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠨᠢᠭᠡᠳᠦᠭᠡᠷ ᠬᠤᠷᠠᠯ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠨ ᠬᠠᠤᠯᠢ︾ ᠶᠢ ᠪᠦᠷᠢᠨ ᠪᠢᠯᠧᠲ ᠢᠶᠠᠷ ᠪᠠᠲᠤᠯᠠᠪᠠ᠃ ︽ᠲᠠᠪᠤᠨ ᠰᠠᠷ᠎ᠠ ᠶᠢᠨ ᠳᠦᠷᠪᠡᠨ ᠤ ᠦᠨᠳᠦᠰᠦᠨ | ᠬᠠᠤᠯᠢ︾ ᠮᠡᠨᠳᠦᠯᠡᠭᠰᠡᠨ ᠨᠢ ᠰᠢᠨ᠎ᠡ ᠳᠤᠮᠳᠠᠳᠤ ᠤᠯᠤᠰ ᠤᠨ ᠬᠠᠤᠯᠢ ᠪᠠᠷ ᠵᠠᠰᠠᠬᠤ ᠪᠠᠶᠢᠭᠤᠯᠤᠯᠲᠠ ᠵᠠᠩᠭᠢᠯᠠᠭ᠎ᠠ ᠶᠢᠨ | ᠨᠢᠭᠡ ᠠᠯᠬᠤᠮ ᠢ ᠠᠯᠬᠤᠭᠰᠠᠨ ᠢ ᠭᠡᠷᠡᠴᠢᠯᠡᠪᠡ᠃ | ᠵᠠᠮ ᠱᠤᠭᠤᠮ ᠬᠤᠪᠢ ᠵᠠᠶᠠᠭ᠎ᠠ ᠶᠢ ᠲᠣᠭᠲᠠᠭᠠᠵᠤ᠂ ᠲᠤᠭ ᠲᠡᠮᠳᠡᠭ ᠴᠢᠭᠯᠡᠯ ᠢ ᠲᠣᠭᠲᠠᠭᠠᠨ᠎ᠠ᠃ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠮᠠᠨ ᠤ ᠨᠠᠮ ᠰᠢᠨ᠎ᠡ | ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠰᠠᠭᠤᠷᠢᠨ ᠤ ᠬᠠᠤᠯᠢ ᠳᠦᠷᠢᠮ ᠤᠨ ᠪᠠᠶᠢᠭᠤᠯᠤᠯᠲᠠ ᠶᠢᠨ | ᠠᠮᠵᠢᠯᠲᠠ ᠲᠠᠢ ᠲᠤᠷᠰᠢᠯᠭ᠎ᠠ ᠶᠢ ᠢᠳᠡᠪᠬᠢᠲᠡᠢ ᠬᠡᠷᠡᠭᠯᠡᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠶᠠᠪᠤᠳᠠᠯ ᠢ | ᠱᠠᠯᠠᠪᠳᠠᠨ ᠬᠢᠭᠰᠡᠨ ᠠᠴᠠ ᠨᠠᠮ ᠤᠨ ᠠᠷᠪᠠᠨ ᠲᠠᠪᠤᠳᠤᠭᠠᠷ ᠶᠡᠭᠡ ᠬᠤᠷᠠᠯ ᠠᠴᠠ ᠬᠠᠤᠯᠢ ᠶᠣᠰᠣᠭᠠᠷ ᠤᠯᠤᠰ ᠢᠶᠠᠨ | ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ ᠲᠣᠭᠲᠠᠭᠠᠭᠰᠠᠨ ᠭᠦᠷᠳᠡᠯ᠎ᠡ᠂ ᠳᠠᠭᠢᠭᠠᠳ ᠨᠠᠮ ᠤᠨ ᠠᠷᠪᠠᠨ | ᠳᠣᠯᠣᠳᠤᠭᠠᠷ ᠶᠡᠭᠡ ᠬᠤᠷᠠᠯ ᠠᠴᠠ ᠬᠠᠤᠯᠢ ᠶᠣᠰᠣᠭᠠᠷ ᠤᠯᠤᠰ ᠢᠶᠠᠨ ᠵᠠᠰᠠᠬᠤ ᠦᠨᠳᠦᠰᠦᠨ ᠠᠷᠭ᠎ᠠ ᠪᠣᠳᠣᠯᠭ᠎ᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠲᠦᠷᠭᠡᠪᠴᠢᠯᠡᠨ | ᠪᠦᠲᠦᠭᠡᠨ ᠪᠠᠶᠢᠭᠤᠯᠬᠤ ᠶᠢ ᠳᠤᠷᠠᠳᠤᠨ ᠭᠠᠷᠭᠠᠭᠰᠠᠨ ᠭᠦᠷᠳᠡᠯ᠎ᠡ ᠁ ᠭᠠᠶᠢᠬᠠᠮᠰᠢᠭᠲᠤ ᠲᠡᠦᠬᠡᠨ ᠠᠶᠠᠨ ᠢ | ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢ | ᠬᠠᠶᠢᠨ ᠰᠦᠪᠡᠭᠴᠢᠯᠡᠭᠰᠡᠨ ᠪᠠ ᠡᠭᠦᠳᠦᠨ ᠨᠡᠭᠡᠭᠡᠭᠰᠡᠨ ᠨᠢᠭᠡᠨ ᠭᠤᠣᠯ ᠰᠢᠵᠢᠮ ᠲᠣᠳᠣᠷᠬᠠᠢ ᠬᠠᠷᠠᠭᠳᠠᠨ᠎ᠠ᠃ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠰᠢᠨ᠎ᠡ ᠭᠠᠷᠤᠭ᠎ᠠ ᠳᠤ ᠭᠠᠷᠴᠤ᠂ ᠰᠢᠨ᠎ᠡ | ᠥᠷᠢᠰᠦᠯᠳᠦᠭᠡᠨ ᠳᠤ ᠰᠢᠭᠤᠳ ᠬᠠᠨᠳᠤᠵᠤ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠪᠦᠭᠦ ᠲᠠᠯ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠬᠠᠤᠯᠢ ᠪᠠᠷ ᠵᠠᠰᠠᠬᠤ ᠶᠢ | ᠲᠣᠭᠲᠠᠭᠠᠵᠤ᠂ ᠬᠠᠤᠯᠢ ᠪᠠᠷ ᠵᠠᠰᠠᠬᠤ ᠶᠢ ᠪᠠᠶᠢᠷᠢᠰᠢᠭᠤᠯᠵᠤ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠦᠨ᠂ | ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ︽ᠳᠦᠷᠪᠡᠨ ᠪᠦᠭᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ | ᠬᠥᠭᠵᠢᠯᠲᠡ ᠶᠢᠨ ᠪᠦᠭᠦ ᠲᠠᠯ᠎ᠠ ᠳᠤ ᠲᠠᠯᠪᠢᠨ ᠲᠥᠯᠥᠪᠵᠢᠭᠦᠯᠦᠨ᠂ ᠠᠬᠢᠭᠤᠯᠵᠤ᠂ ᠠᠯᠢ ᠤᠯᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠠᠯᠢ ᠤᠯᠠᠨ ᠴᠢᠬᠤᠯᠠ ᠠᠷᠭ᠎ᠠ ᠬᠡᠮᠵᠢᠶ᠎ᠡ ᠶᠢ ᠳᠤᠷᠠᠳᠴᠠᠢ᠃ | ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠭᠦ ᠲᠠᠯ᠎ᠠ ᠪᠠᠷ ᠠᠬᠢᠭᠤᠯᠬᠤ ᠶᠡᠷᠦᠩᠬᠡᠢ ᠬᠠᠷᠠᠯᠲᠠ ᠶᠢ | ᠠᠩᠬ᠎ᠠ ᠤᠳᠠᠭ᠎ᠠ ᠳᠤᠷᠠᠳᠤᠨ ᠭᠠᠷᠭᠠᠪᠠ; ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠰᠢᠰᠲ᠋ᠧᠮ ᠤᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠠᠩᠬ᠎ᠠ ᠤᠳᠠᠭ᠎ᠠ ᠲᠣᠳᠣᠷᠬᠠᠶᠢᠯᠠᠪᠠ; | ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠦᠨᠳᠦᠰᠦᠨ ᠪᠣᠷᠣ ᠲᠥᠯᠥᠪ ᠪᠣᠯᠣᠨ ᠶᠡᠷᠦᠩᠬᠡᠢ | ᠪᠠᠶᠢᠷᠢᠰᠢᠭᠤᠯᠤᠯᠲᠠ ᠶᠢ ᠠᠩᠬ᠎ᠠ ᠤᠳᠠᠭ᠎ᠠ ᠲᠣᠳᠣᠷᠬᠠᠶᠢᠯᠠᠪᠠ ᠁ ᠶᠡᠷᠦᠩᠬᠡᠢ ᠱᠦᠵᠢ ᠰᠢ ᠶᠢᠨ ᠫᠢᠩ ᠪᠦᠭᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ | ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠪᠦᠲᠦᠭᠡᠯᠴᠢ ᠪᠠᠷ ᠳᠤᠷᠠᠳᠴᠤ᠂ ᠰᠢ ᠶᠢᠨ ᠫᠢᠩ ᠤᠨ ᠬᠠᠤᠯᠢ ᠪᠠᠷ | ᠵᠠᠰᠠᠬᠤ ᠦᠵᠡᠯ ᠰᠠᠨᠠᠭ᠎ᠠ ᠶᠢ ᠪᠦᠷᠢᠯᠳᠦᠭᠦᠯᠵᠦ᠂ ᠬᠠᠤᠯᠢ ᠪᠠᠷ ᠵᠠᠰᠠᠬᠤ ᠳᠤᠮᠳᠠᠳᠤ ᠤᠯᠤᠰ ᠢ ᠪᠠᠶᠢᠭᠤᠯᠬᠤ ᠳᠤ | ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ | ᠲᠥᠪ ᠤᠨ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠵᠥᠪᠯᠡᠯ ᠢ ᠪᠠᠶᠢᠭᠤᠯᠵᠤ᠂ ᠪᠦᠭᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠨᠡᠩ ᠪᠠᠲᠤ ᠴᠢᠩᠭ᠎ᠠ | ᠬᠦᠴᠦᠨ ᠲᠠᠢ ᠪᠤᠯᠪᠠ; ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠠᠶᠢᠭᠤᠯᠤᠯᠲᠠ ᠶᠢᠨ ︽ᠨᠢᠭᠡ | ᠲᠥᠯᠦᠪᠵᠢᠭᠦᠯᠭᠡ ᠬᠤᠶᠠᠷ ᠬᠥᠲᠥᠯᠪᠦᠷᠢ︾ ᠶᠢ ᠲᠣᠭᠲᠠᠭᠠᠵᠤ᠂ ᠬᠠᠤᠯᠢ ᠪᠠᠷ ᠵᠠᠰᠠᠬᠤ ᠤᠯᠤᠰ᠂ ᠬᠠᠤᠯᠢ ᠪᠠᠷ ᠵᠠᠰᠠᠬᠤ | ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠨᠡᠶᠢᠭᠡᠮ ᠢ ᠨᠢᠭᠡ ᠴᠣᠭᠴᠠᠵᠢᠭᠤᠯᠤᠨ ᠪᠠᠶᠢᠭᠤᠯᠬᠤ ︽ᠪᠠᠷᠢᠯᠭ᠎ᠠ ᠶᠢᠨ | ᠬᠦᠰᠦᠨᠦᠭᠲᠦ︾᠂ ︽ᠵᠠᠮ ᠤᠨ ᠵᠢᠷᠤᠭ︾ ᠢ ᠵᠢᠷᠤᠬᠯᠠᠪᠠ; ᠦᠨᠳᠦᠰᠦᠨ ᠬᠠᠤᠯᠢ ᠪᠠᠷ ᠭᠤᠣᠯ ᠪᠤᠯᠭᠠᠬᠰᠠᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠨᠡᠩ | ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠠᠤᠯᠢ ᠴᠠᠭᠠᠵᠠ ᠶᠢᠨ ᠰᠢᠰᠲ᠋ᠧᠮ ᠠᠴᠠ ᠬᠠᠤᠯᠢ | ᠲᠣᠭᠲᠠᠭᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠶᠢ ᠰᠠᠬᠢᠬᠤ ᠡᠯ᠎ᠡ ᠭᠤᠭᠴᠤᠭ᠎ᠠ ᠶᠢ | ᠬᠠᠮᠤᠷᠤᠭᠰᠠᠨ ᠬᠠᠤᠯᠢ ᠪᠠᠷ ᠵᠠᠰᠠᠬᠤ ᠰᠢᠰᠲ᠋ᠧᠮ ᠲᠡᠶᠢᠰᠢ ᠪᠦᠭᠦ ᠲᠠᠯ᠎ᠠ ᠪᠠᠷ ᠳᠡᠭᠡᠭᠰᠢᠯᠡᠭᠦᠯᠪᠡ ᠁ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠣᠭᠤᠳᠤᠯᠭ᠎ᠠ ᠳᠣᠣᠷ᠎ᠠ᠂ ᠮᠠᠨ ᠤ ᠤᠯᠤᠰ ᠤᠨ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠳᠤ | ᠲᠡᠦᠬᠡᠲᠦ ᠴᠢᠨᠠᠷᠲᠠᠢ ᠬᠤᠪᠢᠰᠤᠯᠲᠠ ᠭᠠᠷᠴᠤ᠂ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠳᠤᠮᠳᠠᠳᠤ | ᠤᠯᠤᠰ ᠤᠨ ᠵᠠᠰᠠᠯᠲᠠ ᠶᠢᠨ ᠰᠢᠨ᠎ᠡ ᠠᠬᠤᠢ ᠪᠠᠶᠢᠳᠠᠯ ᠳᠤ ᠣᠷᠣᠬᠤ ᠶᠢ ᠠᠬᠢᠭᠤᠯᠪᠠ᠃ | | ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ | ᠪᠠᠶᠢᠯᠭᠠᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠪᠠ | 1979 ᠣᠨ ᠳᠤ᠂ ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠳᠤᠮᠳᠠᠳᠤ ᠭᠠᠳᠠᠭᠠᠳᠤ ᠶᠢᠨ ᠪᠡᠯᠡ | ᠨᠡᠶᠢᠯᠡᠭᠦᠯᠦᠨ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠢ ᠪᠠᠲᠤᠯᠠᠵᠤ᠂ ᠨᠢᠭᠡ ᠪᠦᠯᠦᠭ ᠳᠤᠮᠳᠠᠳᠤ | ᠭᠠᠳᠠᠭᠠᠳᠤ ᠶᠢᠨ ᠪᠡᠯᠡ ᠨᠡᠶᠢᠯᠡᠭᠦᠯᠦᠨ ᠡᠵᠡᠩᠨᠡᠭᠰᠡᠨ ᠠᠵᠤ ᠠᠬᠤᠶᠢᠯᠠᠯ ᠡᠭᠦᠨ ᠠᠴᠠ ᠡᠬᠢᠯᠡᠨ ᠲᠡᠦᠬᠡᠨ ᠲᠠᠪᠴᠠᠩ ᠳᠤ | ᠭᠠᠷᠪᠠ; 40 ᠵᠢᠯ ᠤᠨ ᠳᠠᠷᠠᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠭᠠᠳᠠᠭᠠᠳᠤ ᠶᠢᠨ ᠠᠷᠠᠯᠵᠢᠶᠠᠴᠢᠨ ᠤ ᠪᠡᠯᠡ | ᠣᠷᠣᠭᠤᠯᠤᠯᠲᠠ ᠶᠢᠨ ᠬᠠᠤᠯᠢ ᠶᠢ ᠪᠠᠲᠤᠯᠠᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠭᠠᠳᠠᠭᠠᠳᠤ ᠶᠢᠨ | ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠬᠦᠷᠢᠶᠡᠨ ᠳᠠᠬᠢ ᠰᠢᠨ᠎ᠡ ᠰᠠᠭᠤᠷᠢ ᠴᠢᠨᠠᠷᠲᠠᠢ ᠬᠠᠤᠯᠢ ᠴᠠᠭᠠᠵᠠ ᠪᠣᠯᠵᠤ | ᠂ ᠨᠠᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠪᠠ᠃ | ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠪᠠᠲᠤᠯᠠᠵᠤ᠂ ᠢᠷᠭᠡᠨ ᠤ ᠬᠠᠤᠯᠢ ᠶᠢᠨ | ᠪᠢᠴᠢᠭ᠂ ᠰᠦᠯᠵᠢᠶᠡᠨ ᠤ ᠠᠮᠤᠷ ᠲᠦᠪᠰᠢᠨ ᠤ ᠬᠠᠤᠯᠢ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠤᠯᠢ | ᠵᠡᠷᠭᠡ ᠶᠢ ᠲᠣᠭᠲᠠᠭᠠᠪᠠ᠃ ᠣᠳᠣᠬᠠᠨ ᠪᠤᠯᠳᠠᠯ᠎ᠠ᠂ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ | ᠬᠦᠴᠦᠨ ᠲᠠᠢ ᠬᠠᠤᠯᠢ ᠴᠠᠭᠠᠵᠠ 300 ᠭᠠᠷᠤᠢ ᠪᠠᠶᠢᠵᠤ᠂ ᠭᠤᠣᠯᠳᠠᠯᠭ᠎ᠠ ᠲᠠᠢ ᠬᠦᠷᠢᠶ᠎ᠡ᠂ ᠰᠢᠨ᠎ᠡ ᠪᠠᠷ ᠬᠥᠭᠵᠢᠭᠰᠡᠨ | ᠬᠦᠷᠢᠶ᠎ᠡ᠂ ᠭᠠᠳᠠᠭᠠᠳᠤ ᠳᠤ ᠬᠤᠯᠪᠣᠭᠳᠠᠭᠰᠠᠨ ᠬᠦᠷᠢᠶᠡᠨ ᠤ ᠬᠠᠤᠯᠢ ᠲᠣᠭᠲᠠᠭᠠᠬᠤ ᠠᠵᠢᠯ ᠳᠠᠰᠤᠷᠠᠯᠳᠠ ᠦᠭᠡᠢ | ᠴᠢᠩᠭᠠᠷᠠᠵᠤ᠂ ᠬᠠᠤᠯᠢ ᠪᠠᠷ ᠵᠠᠰᠠᠬᠤ ᠬᠦᠴᠦᠨ ᠢᠶᠠᠷ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠨᠡᠶᠢᠭᠡᠮ | ᠤᠨ ᠵᠢᠱᠢᠯᠲᠡ ᠶᠢ ᠲᠣᠭᠲᠠᠪᠤᠷᠢᠵᠢᠭᠤᠯᠵᠤ ᠪᠠᠶᠢᠨ᠎ᠠ᠃ | ᠬᠠᠤᠯᠢ ᠪᠠᠷ ᠵᠠᠰᠠᠬᠤ ᠪᠣᠯ ᠬᠠᠮᠤᠭ ᠤᠨ ᠰᠠᠶᠢᠨ ᠡᠵᠡᠩᠨᠡᠯᠲᠡ ᠶᠢᠨ ᠣᠷᠴᠢᠨ ᠨᠥᠬᠦᠴᠡᠯ ᠮᠥᠨ᠂ | ᠲᠡᠷᠡ ᠨᠢ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠭᠡᠳᠤ ᠳᠤ ᠠᠰᠢᠭᠲᠠᠢ | ᠪᠠᠶᠢᠯᠭᠠᠬᠤ ᠪᠠᠲᠤᠯᠠᠭ᠎ᠠ ᠶᠢᠨ ᠦᠢᠯᠡᠳᠦᠯ ᠲᠠᠢ ᠶᠤᠮ᠃ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠬᠠᠤᠯᠢ | ᠪᠠᠷ ᠵᠠᠰᠠᠬᠤ ᠨᠢ ᠢᠮᠠᠭᠲᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠮᠠᠭᠠᠯᠠᠵᠤ᠂ ᠲᠦᠷᠦ ᠶᠢ ᠵᠠᠰᠠᠬᠤ | ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠪᠠ᠃ | ᠠᠵᠤ ᠠᠬᠤᠢ ᠨᠡᠶᠢᠭᠡᠮ ᠬᠥᠭᠵᠢᠭᠡᠳ ᠬᠠᠮᠢᠭ᠎ᠠ ᠭᠦᠷᠪᠡᠯ᠂ ᠬᠠᠤᠯᠢ ᠪᠠᠷ ᠵᠠᠰᠠᠬᠤ ᠪᠠᠲᠤᠯᠠᠭ᠎ᠠ ᠴᠦ | ᠲᠡᠨᠳᠡ ᠲᠠᠭᠠᠵᠦ ᠭᠦᠷᠦᠨ᠎ᠠ᠃ | ᠨᠠᠮ ᠤᠨ ᠲᠥᠪ ᠬᠤᠷᠢᠶ᠎ᠠ ᠶᠢᠨ ᠨᠡᠷ᠎ᠡ ᠪᠠᠷ ᠥᠮᠴᠢᠯᠡᠯ ᠤᠨ ᠡᠷᠬᠡ ᠶᠢ ᠬᠠᠮᠠᠭᠠᠯᠠᠬᠤ ᠳᠦᠷᠢᠮ ᠢ | ᠲᠡᠭᠦᠯᠳᠡᠷᠵᠢᠭᠦᠯᠬᠦ᠂ ᠥᠮᠴᠢᠯᠡᠯ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠬᠤ ᠦᠵᠦ ᠲᠥᠯᠥᠪᠯᠡᠭᠡ ᠶᠢ ᠨᠡᠶᠢᠲᠡᠯᠡᠵᠦ | ᠂ ᠠᠷᠠᠳ ᠤᠨ ᠰᠢᠭᠦᠬᠦ ᠬᠤᠷᠢᠶ᠎ᠠ ᠥᠮᠴᠢᠯᠡᠯ ᠤᠨ ᠡᠷᠬᠡ ᠳᠤ ᠬᠤᠯᠪᠣᠭᠳᠠᠭᠰᠠᠨ ᠬᠡᠷᠡᠭ ᠢ ᠢᠯᠭᠠᠨ ᠲᠣᠳᠣᠯᠠᠬᠤ ᠪᠠ | ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠶᠢᠴᠠᠭᠠᠬᠤ ᠪᠠᠶᠢᠭᠤᠯᠭ᠎ᠠ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠵᠢᠷᠤᠮᠵᠢᠭᠤᠯᠤᠨ ᠰᠢᠢᠳᠪᠦᠷᠢᠯᠡᠬᠦ ᠳᠤ ᠬᠠᠤᠯᠢ ᠬᠡᠷᠡᠭᠵᠢᠭᠦᠯᠬᠦ ᠬᠠᠤᠯᠢ | ᠪᠠᠷᠢᠬᠤ ᠪᠠᠷᠢᠮᠵᠢᠶ᠎ᠠ ᠶᠢ ᠲᠣᠭᠲᠠᠭᠠᠪᠠ ᠁ | ᠮᠤᠵᠢ ᠬᠤᠲᠠ ᠰᠢᠶᠠᠨ ᠭᠤᠷᠪᠠᠨ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠡᠷᠬᠡ | ᠪᠠ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠡᠶᠢᠲᠡᠯᠡᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ | ᠪᠣᠳᠣᠯᠭ᠎ᠠ ᠲᠣᠭᠲᠠᠭᠠᠬᠤ ᠵᠢᠷᠤᠮ ᠢ ᠨᠠᠶᠢᠳᠠᠪᠤᠷᠢᠵᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠣᠳᠠᠲᠠᠢ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠬᠤ ᠶᠢ ᠥᠷᠨᠢᠭᠦᠯᠪᠡ ᠁ | ᠣᠲᠣ ᠶᠢᠨ ᠬᠡᠷᠡᠭᠵᠢᠭᠦᠯᠵᠦ ᠪᠠᠶᠢᠭ᠎ᠠ ᠪᠦᠲᠦᠮᠵᠢᠲᠡᠶ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ | ᠲᠥᠪᠯᠡᠷᠡᠭᠦᠯᠦᠨ ᠢᠯᠭᠠᠷᠠᠭᠤᠯᠵᠤ᠂ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠦᠨ᠂ | ᠠᠵᠤ ᠠᠬᠤᠶᠢᠯᠠᠯ ᠪᠠ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠯᠤᠭ᠎ᠠ ᠨᠢᠭᠲᠠ ᠬᠠᠷᠢᠴᠠᠭ᠎ᠠ ᠲᠠᠢ ᠨᠢᠭᠡ | ᠪᠦᠯᠦᠭ ᠵᠣᠭᠤᠰ ᠢᠶᠠᠷ ᠲᠣᠷᠭᠠᠬᠤ ᠵᠦᠢᠯᠡᠰ ᠢ ᠬᠦᠴᠦᠨ ᠦᠭᠡᠢ ᠪᠤᠯᠭᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠠᠶᠢᠷᠢᠯᠠᠭᠤᠯᠤᠨ | ᠥᠷᠨᠢᠭᠦᠯᠪᠡ ᠁ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠭᠦᠨᠵᠡᠭᠡᠶᠢᠷᠡᠨ ᠠᠬᠢᠵᠤ᠂ ᠵᠠᠰᠠᠭ ᠤᠨ | ᠣᠷᠳᠣᠨ ᠤ ᠡᠭᠦᠷᠭᠡ ᠴᠢᠳᠠᠮᠵᠢ ᠶᠢᠨ ᠵᠠᠭᠠᠭ ᠬᠢᠵᠠᠭᠠᠷ ᠡᠳᠦᠷ ᠢᠷᠡᠬᠦᠶ᠎ᠡ ᠲᠣᠳᠣᠷᠬᠠᠢ ᠪᠣᠯᠵᠤ᠂ ᠡᠷᠬᠡ ᠶᠢᠨ | ᠲᠣᠬᠢᠷᠠᠭᠤᠯᠤᠯᠲᠠ ᠨᠡᠩ ᠵᠣᠬᠢᠰᠲᠠᠢ ᠪᠣᠯᠵᠤ᠂ ᠵᠠᠰᠠᠯᠲᠠ ᠶᠢᠨ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠦ᠂ ᠠᠵᠤ | ᠠᠬᠤᠢ ᠨᠡᠶᠢᠭᠡᠮ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ | ᠰᠢᠨ᠎ᠡ ᠠᠰᠢᠭ ᠢ ᠲᠠᠰᠤᠷᠠᠯᠳᠠ ᠦᠭᠡᠢ ᠪᠠᠳᠠᠷᠠᠭᠤᠯᠪᠠ᠃ | | ᠲᠥᠪ ᠭᠤᠣᠯᠴᠢ ᠰᠢᠳᠤᠷᠭᠤ ᠶᠣᠰᠣᠨ ᠤ ᠭᠡᠷᠡᠯ ᠢᠶᠠᠷ ᠠᠷᠠᠳ ᠲᠦᠮᠡᠨ ᠤ ᠰᠡᠳᠬᠢᠯ ᠢ ᠭᠡᠶᠢᠭᠦᠯᠪᠡ | ᠤᠯᠤᠰ ᠢ ᠵᠠᠰᠠᠬᠤ ᠴᠢᠬᠤᠯᠠ ᠶᠣᠰᠣ ᠨᠢ ᠲᠥᠪ ᠭᠤᠣᠯᠴᠢ ᠰᠢᠳᠤᠷᠭᠤ ᠴᠢᠬᠡᠴᠢ ᠪᠠᠶᠢᠬᠤ ᠳᠤ | ᠣᠷᠣᠰᠢᠨ᠎ᠠ᠃ | 1979 ᠣᠨ ᠳᠤ᠂ ᠳᠤᠮᠳᠠᠳᠤ ᠤᠯᠤᠰ ᠤᠨ ᠠᠩᠬᠠᠳᠠᠭᠴᠢ ᠡᠷᠡᠭᠦᠦ ᠶᠢᠨ ᠬᠠᠤᠯᠢ᠂ ᠡᠷᠡᠭᠦᠦ ᠶᠢᠨ | ᠵᠠᠷᠭᠤ ᠶᠢᠨ ᠬᠠᠤᠯᠢ ᠮᠡᠨᠳᠦᠯᠡᠵᠦ᠂ ᠡᠷᠡᠭᠦᠦ ᠶᠢᠨ ᠬᠡᠷᠡᠭ ᠤᠨ ᠰᠢᠭᠦᠨ ᠲᠠᠰᠤᠯᠤᠯᠲᠠ ᠡᠭᠦᠨ ᠠᠴᠠ ᠡᠬᠢᠯᠡᠨ ᠵᠢᠷᠤᠮᠯᠠᠬᠤ | ᠠᠴᠠ ᠬᠠᠤᠯᠢ ᠲᠠᠢ ᠪᠤᠯᠪᠠ; 1996 ᠣᠨ ᠳᠤ᠂ ᠡᠷᠡᠭᠦᠦ ᠶᠢᠨ ᠵᠠᠷᠭᠤ ᠶᠢᠨ ᠬᠠᠤᠯᠢ ᠳᠤ ᠠᠩᠬ᠎ᠠ ᠤᠳᠠᠭ᠎ᠠ | ᠵᠠᠰᠠᠪᠤᠷᠢ ᠣᠷᠣᠭᠤᠯᠵᠤ᠂ ︽ᠰᠡᠵᠢᠭᠲᠡᠢ ᠶᠠᠯ᠎ᠠ ᠶᠢ ᠶᠠᠯ᠎ᠠ ᠦᠭᠡᠢ ᠳᠤ ᠲᠣᠭᠠᠴᠢᠬᠤ︾ ᠡᠷᠡᠭᠦᠦ ᠶᠢᠨ ᠬᠡᠷᠡᠭ ᠤᠨ | ᠬᠠᠤᠯᠢ ᠪᠠᠷᠢᠬᠤ ᠵᠠᠷᠴᠢᠮ ᠢ ᠬᠠᠤᠯᠢ ᠴᠠᠭᠠᠵᠠ ᠶᠢᠨ ᠲᠠᠯ᠎ᠠ ᠪᠠᠷ ᠨᠠᠶᠢᠳᠠᠪᠤᠷᠢᠵᠢᠭᠤᠯᠪᠠ; 2013 ᠣᠨ ᠳᠤ᠂ | ᠬᠠᠭᠠᠰ ᠢᠯᠡᠭᠦᠦ ᠵᠠᠭᠤᠨ ᠦᠷᠭᠦᠯᠵᠢᠯᠡᠭᠰᠡᠨ ᠭᠦᠳᠡᠯᠮᠦᠷᠢ ᠪᠠᠷ ᠵᠠᠰᠠᠨ ᠬᠥᠮᠥᠵᠢᠭᠦᠯᠬᠦ ᠳᠦᠷᠢᠮ ᠢ ᠵᠢᠩᠬᠢᠨᠢ ᠪᠠᠷ | ᠬᠦᠴᠦᠨ ᠦᠭᠡᠢ ᠪᠤᠯᠭᠠᠪᠠ; | 2014 ᠣᠨ ᠳᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠳᠥᠷᠪᠡᠳᠦᠭᠡᠷ ᠪᠦᠭᠦᠳᠡ ᠬᠤᠷᠠᠯ ᠠᠴᠠ ᠰᠢᠭᠦᠨ ᠲᠠᠰᠤᠯᠤᠯᠲᠠ ᠪᠠᠷ ᠭᠤᠣᠯ ᠪᠤᠯᠭᠠᠬᠰᠠᠨ ᠵᠠᠷᠭᠤ ᠶᠢᠨ ᠳᠦᠷᠢᠮ ᠤᠨ | ᠥᠭᠡᠷᠡᠴᠢᠯᠡᠯᠲᠡ ᠵᠡᠷᠭᠡ ᠠᠯᠢ ᠣᠯᠠᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠥᠭᠡᠷᠡᠴᠢᠯᠡᠯᠲᠡ ᠶᠢ | ᠠᠬᠢᠭᠤᠯᠤᠨ᠎ᠠ ᠭᠡᠵᠦ ᠳᠤᠷᠠᠳᠪᠠ ᠁ ᠬᠠᠤᠯᠢ ᠪᠠᠷ ᠵᠠᠰᠠᠬᠤ ᠬᠥᠮᠥᠨ ᠤ ᠡᠷᠬᠡ ᠶᠢᠨ ᠪᠠᠲᠤᠯᠠᠭ᠎ᠠ ᠶᠢᠨ | ᠳᠠᠪᠰᠢᠯᠲᠠ ᠶᠢᠨ ᠤᠯᠠ ᠮᠥᠷ ᠲᠣᠳᠣᠷᠬᠠᠢ ᠬᠠᠷᠠᠭᠳᠠᠨ᠎ᠠ᠃ 2024 ᠣᠨ ᠤ ᠠᠷᠠᠳ ᠤᠨ ᠳᠡᠭᠡᠳᠦ ᠰᠢᠭᠦᠬᠦ ᠬᠤᠷᠢᠶ᠎ᠠ | ᠶᠢᠨ ᠠᠵᠢᠯ ᠤᠨ ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2023 ᠣᠨ ᠳᠤ ᠠᠷᠠᠳ ᠤᠨ ᠰᠢᠭᠦᠬᠦ ᠬᠤᠷᠢᠶ᠎ᠠ | ᠠᠯᠪᠠᠨ ᠵᠠᠭᠠᠯᠳᠤᠯᠭ᠎ᠠ ᠶᠢᠨ ᠬᠡᠷᠡᠭ ᠤᠨ 465 ᠵᠠᠭᠠᠯᠳᠤᠭᠳᠠᠭᠴᠢ ᠪᠠ ᠥᠪᠡᠷ ᠲᠡᠭᠡᠨ ᠵᠠᠭᠠᠯᠳᠤᠭᠰᠠᠨ ᠬᠡᠷᠡᠭ ᠤᠨ | 339 ᠵᠠᠭᠠᠯᠳᠤᠭᠳᠠᠭᠴᠢ ᠶᠢ ᠬᠠᠤᠯᠢ ᠶᠣᠰᠣᠭᠠᠷ ᠶᠠᠯ᠎ᠠ ᠦᠭᠡᠢ ᠪᠠᠷ ᠵᠠᠷᠯᠠᠵᠤ᠂ ᠠᠳᠠᠯᠢ ᠬᠤᠭᠤᠴᠠᠭᠠᠨ ᠤ ᠬᠢ ᠠᠴᠠ | ᠲᠣᠰ ᠲᠣᠰ 31.4%᠂ 22.4% ᠪᠠᠷ ᠨᠡᠮᠡᠭᠳᠡᠪᠡ; ᠳᠠᠬᠢᠨᠲᠠ ᠰᠢᠭᠦᠯᠲᠡ ᠬᠢᠬᠦ ᠪᠠᠷ ᠳᠠᠮᠵᠢᠨ 87 ᠬᠡᠷᠡᠭ | 122 ᠬᠥᠮᠥᠨ ᠢ ᠶᠠᠯ᠎ᠠ ᠦᠭᠡᠢ ᠪᠠᠷ ᠥᠭᠡᠷᠡᠴᠢᠯᠡᠨ ᠲᠡᠰᠦᠯᠵᠦ᠂ ᠠᠳᠠᠯᠢ ᠬᠤᠭᠤᠴᠠᠭᠠᠨ ᠤ ᠬᠢ ᠠᠴᠠ 21 ᠬᠡᠷᠡᠭ | 42 ᠬᠥᠮᠥᠨ ᠨᠡᠮᠡᠭᠳᠡᠪᠡ᠃ | ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠭᠦᠨᠴᠡ ᠪᠠ | ᠥᠷᠭᠡᠴᠡ ᠥᠩᠭᠡᠷᠡᠭᠰᠡᠨ ᠤ ᠬᠢ ᠠᠴᠠ ᠬᠤᠯᠠ ᠳᠠᠪᠠᠵᠤ᠂ ᠠᠯᠤᠰ ᠭᠡᠳᠦ ᠶᠢᠨ ᠨᠥᠯᠥᠭᠡ ᠦᠵᠡᠭᠦᠯᠵᠡᠢ - | ᠥᠩᠭᠡᠷᠡᠭᠰᠡᠨ ᠳᠤ ︽ᠡᠭᠦᠳᠡ ᠪᠠᠷ ᠨᠢ ᠣᠷᠣᠬᠤ ᠳᠤ ᠬᠦᠴᠢᠷ᠂ ᠬᠡᠷᠡᠭ ᠪᠣᠯᠭᠠᠨ ᠳᠠᠩᠰᠠᠯᠠᠬᠤ ᠳᠤ | ᠬᠦᠴᠢᠷ︾ ᠪᠠᠶᠢᠭᠰᠠᠨ ᠠᠴᠠ ᠪᠠᠨ ︽ᠬᠡᠷᠡᠭ ᠪᠠᠶᠢᠪᠠᠯ ᠵᠠᠪᠠᠯ ᠳᠠᠩᠰᠠᠯᠠᠵᠤ᠂ ᠵᠠᠷᠭᠤ ᠪᠠᠶᠢᠪᠠᠯ ᠵᠠᠪᠠᠯ ᠰᠢᠢᠳᠪᠦᠷᠢᠯᠡᠬᠦ︾ | ᠪᠣᠯᠵᠤ ᠬᠤᠪᠢᠷᠠᠬᠰᠠᠨ; ᠵᠠᠰᠠᠭ ᠵᠠᠬᠢᠷᠭᠠᠨ ᠤ ᠵᠠᠷᠭᠤ ᠶᠢᠨ ᠬᠠᠤᠯᠢ ᠳᠤ ᠵᠠᠰᠠᠪᠤᠷᠢ ᠣᠷᠣᠭᠤᠯᠵᠤ᠂ ︽ᠨᠣᠶᠠᠨ ᠢ | ᠵᠠᠭᠠᠯᠳᠤᠭᠠᠳ ᠨᠣᠶᠠᠨ ᠨᠢ ᠬᠠᠷᠠᠭᠳᠠᠬᠤ ᠦᠭᠡᠢ ᠪᠠᠶᠢᠬᠤ︾ ᠵᠡᠷᠭᠡ ᠪᠡᠷᠬᠡ ᠰᠡᠳᠦᠪ ᠢ ᠰᠢᠢᠳᠪᠦᠷᠢᠯᠡᠭᠰᠡᠨ; ᠤᠯᠤᠰ | ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠥᠷᠨᠢᠭᠦᠯᠵᠦ᠂ ᠡ᠊ᠩᠨᠡᠭᠡᠨ ᠤ | ᠭᠡᠮ ᠠᠷᠬᠠᠭ ᠢ ᠠᠷᠢᠯᠭᠠᠭᠰᠠᠨ ᠁ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠬᠠᠤᠯᠢ | ᠴᠠᠭᠠᠵᠠ ᠬᠠᠤᠯᠢ ᠬᠡᠷᠡᠭᠵᠢᠭᠦᠯᠬᠦ ᠪᠠᠶᠢᠭᠤᠯᠭ᠎ᠠ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠲᠥᠪ ᠭᠤᠣᠯᠴᠢ | ᠰᠢᠳᠤᠷᠭᠤ ᠶᠣᠰᠣ ᠶᠢ ᠨᠡᠩ ᠭᠠᠷ ᠲᠤ ᠪᠠᠷᠢᠭᠳᠠᠮ᠎ᠠ ᠰᠡᠳᠬᠢᠯ ᠳᠤ ᠰᠠᠭᠤᠭᠳᠠᠮ᠎ᠠ ᠪᠤᠯᠭᠠᠪᠠ; | ᠭᠤᠷᠪᠠᠨ ᠵᠢᠯ ᠤᠨ ᠬᠤᠭᠤᠴᠠᠭ᠎ᠠ ᠲᠠᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ | ᠲᠡᠮᠡᠴᠡᠯ ᠢ ᠪᠠᠶᠢᠷᠢᠯᠠᠭᠤᠯᠤᠨ ᠥᠷᠨᠢᠭᠦᠯᠵᠦ᠂ ᠬᠠᠷ᠎ᠠ ᠪᠦᠯᠦᠭᠲᠡᠨ ᠳᠤ ᠬᠤᠯᠪᠣᠭᠳᠠᠭᠰᠠᠨ ᠵᠣᠬᠢᠶᠠᠨ ᠪᠠᠶᠢᠭᠤᠯᠤᠯᠲᠠ ᠶᠢ | ᠤᠰᠠᠳᠬᠠᠭᠰᠠᠨ ᠲᠤᠭ᠎ᠠ ᠨᠢ ᠲᠦᠷᠦᠭᠦᠦ 10 ᠵᠢᠯ ᠤᠨ ᠨᠡᠶᠢᠯᠡᠪᠦᠷᠢ ᠶᠢᠨ 1.3 ᠳᠠᠭᠢᠨ ᠪᠤᠯᠪᠠ; ᠣᠯᠠᠨ | ᠲᠦᠮᠡᠨ ᠤ ᠲᠤᠶᠢᠯ ᠢᠶᠠᠷ ᠬᠤᠷᠣᠰᠤᠨ ᠵᠠᠨᠤᠵᠤ ᠪᠠᠶᠢᠭᠰᠠᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ 2023 ᠣᠨ ᠤ ᠪᠦᠭᠦ ᠤᠯᠤᠰ ᠤᠨ ᠬᠤᠯᠠᠭᠠᠶᠢᠯᠠᠬᠤ ᠪᠤᠯᠢᠶᠠᠬᠤ ᠮᠡᠬᠡᠯᠡᠬᠦ ᠬᠡᠷᠡᠭ ᠤᠨ ᠬᠡᠷᠡᠭ | ᠪᠣᠯᠭᠠᠨ ᠳᠠᠩᠰᠠᠯᠠᠭᠰᠠᠨ ᠲᠤᠭ᠎ᠠ ᠨᠢ 2019 ᠣᠨ ᠤ ᠬᠢ ᠠᠴᠠ 31.4% ᠪᠠᠷ ᠪᠠᠭᠤᠷᠠᠪᠠ ᠁ ᠨᠠᠩ ᠠᠮᠤᠷ | ᠠᠮᠤᠭᠤᠯᠠᠩ ᠳᠤᠮᠳᠠᠳᠤ ᠤᠯᠤᠰ ᠨᠢ ᠠᠷᠠᠳ ᠲᠦᠮᠡᠨ ᠢ ᠨᠠᠩ ᠠᠮᠤᠷ ᠲᠠᠶᠢᠪᠤᠩ ᠠᠵᠤ ᠲᠦᠷᠦᠭᠦ ᠪᠣᠯᠭᠠᠪᠠ᠃ | ᠨᠢᠭᠡᠨ ᠴᠡᠴᠡᠭᠯᠡᠨ ᠬᠥᠭᠵᠢᠭᠰᠡᠨ ᠪᠠᠶᠠᠨ ᠬᠦᠴᠦᠷᠬᠡᠭ ᠬᠠᠤᠯᠢ ᠪᠠᠷ ᠵᠠᠰᠠᠬᠤ ᠳᠤᠮᠳᠠᠳᠤ ᠤᠯᠤᠰ ᠪᠣᠯ | ᠵᠠᠶᠢᠯᠠᠰᠢ ᠦᠭᠡᠢ ᠬᠥᠮᠥᠨ ᠪᠦᠭᠦᠨ ᠬᠠᠤᠯᠢ ᠶᠢ ᠭᠦᠨᠳᠦᠳᠭᠡᠵᠦ ᠬᠠᠤᠯᠢ ᠶᠢ ᠰᠠᠬᠢᠬᠤ ᠬᠠᠤᠯᠢ ᠪᠠᠷ ᠵᠠᠰᠠᠬᠤ ᠨᠡᠶᠢᠭᠡᠮ | ᠮᠥᠨ᠃ | ᠥᠩᠭᠡᠷᠡᠭᠰᠡᠨ ᠳᠤ ︽ᠬᠠᠤᠯᠢ︾ ᠶᠢ ᠢᠲᠡᠭᠡᠬᠦ ᠦᠭᠡᠢ ︽ᠵᠠᠬᠢᠳᠠᠯ ᠰᠤᠷᠪᠤᠯᠵᠢᠯᠠᠯ︾ ᠢ ᠢᠲᠡᠭᠡᠵᠦ | ᠪᠠᠶᠢᠭᠰᠠᠨ ᠠᠴᠠ ᠣᠳᠣ ᠪᠤᠯᠬᠤ ᠳᠤ ᠶᠠᠪᠤᠳᠠᠯ ᠲᠣᠬᠢᠶᠠᠯᠳᠤᠪᠠᠯ ᠤᠷᠢᠳ ᠢᠶᠠᠷ ︽ᠬᠠᠤᠯᠢ︾ ᠪᠠᠷ ᠬᠡᠯᠡᠯᠴᠡᠬᠦ | ᠪᠤᠯᠤᠬᠰᠠᠨ; ᠥᠩᠭᠡᠷᠡᠭᠰᠡᠨ ᠳᠤ ᠬᠠᠤᠯᠢᠴᠢ ᠣᠯᠬᠤ ᠳᠤ ᠬᠦᠴᠢᠷ᠂ ᠠᠯᠪᠠᠨ ᠭᠡᠷᠡᠴᠢᠯᠡᠭᠡ ᠬᠢᠬᠦ ᠳᠤ ᠬᠦᠴᠢᠷ | ᠪᠠᠶᠢᠭᠰᠠᠨ ᠠᠴᠠ ᠪᠠᠨ ᠣᠳᠣ ᠭᠡᠷ ᠤᠨ ᠡᠭᠦᠳᠡᠨ ᠠᠴᠠ ᠪᠠᠨ ᠬᠠᠤᠯᠢ ᠴᠠᠭᠠᠵᠠ ᠶᠢᠨ ᠳᠡᠮᠵᠢᠯᠭᠡ ᠣᠯᠬᠤ ᠪᠣᠯᠪᠠ ᠁ | ᠬᠥᠮᠥᠨ ᠪᠦᠭᠦᠨ ᠴᠥᠮ ᠬᠠᠤᠯᠢ ᠪᠠᠷ ᠵᠠᠰᠠᠬᠤ ᠳᠤᠮᠳᠠᠳᠤ ᠤᠯᠤᠰ ᠤᠨ ᠪᠡᠶ᠎ᠡ ᠪᠠᠷ ᠢᠶᠠᠨ ᠥᠩᠭᠡᠷᠡᠭᠦᠯᠦᠭᠴᠢ᠂ | ᠠᠬᠢᠭᠤᠯᠤᠭᠴᠢ ᠪᠠ ᠠᠰᠢᠭ ᠭᠦᠷᠳᠡᠭᠴᠢ ᠪᠠᠶᠢᠵᠤ᠂ ᠬᠠᠤᠯᠢ ᠪᠠᠷ ᠵᠠᠰᠠᠬᠤ ᠨᠢ ᠪᠦᠭᠦ ᠠᠷᠠᠳ ᠲᠦᠮᠡᠨ ᠤ ᠢᠲᠡᠭᠡᠯ | ᠪᠢᠰᠢᠷᠡᠯ ᠪᠣᠯᠪᠠ᠃ | ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠣᠯ ᠨᠢᠭᠡᠨ ᠤᠳᠠᠭᠠᠨ ᠤ ᠭᠦᠨᠵᠡᠭᠡᠢ | ᠮᠥᠷᠲᠡᠭᠡᠨ ᠴᠢᠬᠤᠯᠠ ᠶᠡᠭᠡ ᠨᠡᠶᠢᠭᠡᠮ ᠤᠨ ᠬᠤᠪᠢᠰᠤᠯᠲᠠ ᠮᠥᠨ᠂ ᠨᠡᠶᠢᠭᠡᠮ ᠤᠨ ᠴᠡᠴᠡᠭᠯᠡᠯ ᠬᠥᠭᠵᠢᠯ᠂ ᠤᠯᠤᠰ | ᠣᠷᠣᠨ ᠤ ᠥᠨᠢ ᠤᠳᠠᠭᠠᠨ ᠠᠮᠤᠷ ᠠᠮᠤᠭᠤᠯᠠᠩ ᠪᠠᠶᠢᠬᠤ ᠳᠤ ᠰᠠᠭᠤᠷᠢ ᠲᠠᠯᠪᠢᠵᠤ ᠥᠭᠬᠦ ᠲᠠᠪᠴᠠᠩ ᠮᠥᠨ᠃ ᠰᠢᠨ᠎ᠡ | ᠴᠠᠭ ᠦᠶ᠎ᠡ ᠰᠢᠨ᠎ᠡ ᠠᠶᠠᠨ ᠳᠤ᠂ ᠬᠠᠤᠯᠢ ᠪᠠᠷ ᠵᠠᠰᠠᠬᠤ ᠶᠢᠨ ᠠᠤᠭ᠎ᠠ ᠬᠦᠴᠦᠨ ᠲᠠᠰᠤᠷᠠᠯᠲᠠ ᠦᠭᠡᠢ ᠨᠢᠭᠲᠠᠷᠠᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ | ᠪᠠᠲᠤᠯᠠᠭ᠎ᠠ ᠬᠠᠩᠭᠠᠵᠤ ᠪᠠᠶᠢᠨ᠎ᠠ᠃ | | | | | | | | |