ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠮᠡᠳᠡᠭᠳᠡᠯ
ᠨᠡᠶᠢᠲᠡᠯᠡᠭᠰᠡᠨ ᠴᠠᠭ᠄
2024/12/31
     ᠮᠠᠲ᠋ᠧᠷᠢᠶᠠᠯ ᠤᠨ ᠳ᠋ᠤᠭᠠᠷ᠄ 11529210117651641 / 2024 - 02019      ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠠᠩᠭᠢᠯᠠᠯ᠄ ᠮᠡᠳᠡᠭᠳᠡᠯ                 ᠡᠳᠦᠭᠡ ᠠᠯᠠᠱᠠ ᠠᠶᠢᠮᠠᠭ ᠤᠨ ᠠᠢ ᠰᠢᠨ ᠶᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠷᠠᠭᠤᠨ ᠬᠤᠲᠠ ᠶᠢᠨ ᠲᠣᠭᠤᠷᠢᠭ ᠤᠨ ᠨᠢᠭᠡᠳᠦᠭᠡᠷ ᠬᠤᠪᠢᠶᠠᠷᠢ ᠳᠡᠯᠭᠡᠭᠦᠷ ᠤᠨ ᠬᠢᠷᠢ ᠲᠡᠩᠴᠡᠬᠦ ᠦᠭᠡᠢ ᠢᠳᠡᠭᠡᠨ ᠢ ᠡᠵᠡᠩᠨᠡᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄       ︵ᠨᠢᠭᠡ︶ ᠰᠤᠭᠤᠴᠢᠨ ᠪᠠᠶᠢᠴᠠᠭᠠᠬᠤ ᠦᠨᠳᠦᠰᠦᠨ ᠪᠠᠶᠢᠳᠠᠯ       ᠶᠠᠩᠵᠤ ᠶᠢᠨ ᠨᠡᠷᠡᠶᠢᠳᠦᠯ᠄ ᠬᠤ᠋ ᠯᠤᠤᠪᠠᠩ︔ ᠬᠤᠳᠠᠯᠳᠤᠨ ᠠᠪᠤᠭᠰᠠᠨ ᠨᠢᠭᠡᠴᠢ᠄ ᠠᠯᠠᠱᠠ ᠠᠶᠢᠮᠠᠭ ᠤᠨ ᠠᠢ ᠰᠢᠨ ᠶᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠷᠠᠭᠤᠨ ᠬᠤᠲᠠ ᠶᠢᠨ ᠲᠣᠭᠤᠷᠢᠭ ᠤᠨ ᠨᠢᠭᠡᠳᠦᠭᠡᠷ ᠬᠤᠪᠢᠶᠠᠷᠢ ᠳᠡᠯᠭᠡᠭᠦᠷ︔ ᠬᠤᠳᠠᠯᠳᠤᠨ ᠠᠪᠤᠭᠰᠠᠨ ᠡᠳᠦᠷ ᠬᠤᠭᠤᠴᠠᠭ᠎ᠠ᠄ 2014 ᠣᠨ ᠤ 6 ᠰᠠᠷ᠎ᠠ ᠶᠢᠨ 17᠎ ᠤ ᠡᠳᠦᠷ᠂ 2024 ᠣᠨ ᠤ 6 ᠰᠠᠷ᠎ᠠ ᠶᠢᠨ 18᠎ ᠤ ᠡᠳᠦᠷ︔ ᠦᠯᠢᠭᠡᠷ ᠡᠳ᠋ ᠤᠨ ᠲᠤᠭ᠎ᠠ ᠬᠡᠮᠵᠢᠶ᠎ᠡ᠄ 22.9 ᠺᠢᠯᠣᠭ᠍ᠷᠠᠮ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠼᠢᠸᠤᠹᠧᠨ ᠤ ᠠᠮᠢᠨ ᠤ ᠲᠥᠷᠥᠯ ᠵᠦᠢᠯ ᠨᠢ GB2763 - 2021 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠳᠣᠲᠣᠷᠠᠬᠢ ᠲᠠᠷᠢᠶᠠᠨ ᠡᠮ ᠤᠨ ᠬᠠᠮᠤᠭ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ; ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃       ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ       ᠠᠯᠠᠱᠠ ᠠᠶᠢᠮᠠᠭ ᠤᠨ ᠠᠢ ᠰᠢᠨ ᠶᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠷᠠᠭᠤᠨ ᠬᠤᠲᠠ ᠶᠢᠨ ᠲᠣᠭᠤᠷᠢᠭ ᠤᠨ ᠨᠢᠭᠡᠳᠦᠭᠡᠷ ᠬᠤᠪᠢᠶᠠᠷᠢ ᠳᠡᠯᠭᠡᠭᠦᠷ ᠤᠨ ᠬᠤ᠋ ᠯᠤᠤᠪᠠᠩ ᠤᠨ ᠼᠢᠸᠤᠹᠧᠨ ᠤ ᠠᠮᠢᠨ ᠤ ᠲᠥᠷᠥᠯ ᠵᠦᠢᠯ ᠨᠢ GB2763 - 2021 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠳᠣᠲᠣᠷᠠᠬᠢ ᠲᠠᠷᠢᠶᠠᠨ ᠡᠮ ᠤᠨ ᠬᠠᠮᠤᠭ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠠᠵᠢᠯᠯᠠᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠭᠤᠴᠢᠨ ᠳᠥᠷᠪᠡᠳᠦᠭᠡᠷ ᠵᠦᠢᠯ ᠤᠨ ︽ᠳᠣᠣᠷᠠᠬᠢ ᠢᠳᠡᠭᠡᠨ᠂ ᠢᠳᠡᠭᠡᠨ ᠤ ᠨᠡᠮᠡᠯᠲᠡ ᠡᠳ᠋᠂ ᠢᠳᠡᠭᠡᠨ ᠤ ᠬᠤᠯᠪᠣᠭᠳᠠᠯ ᠪᠦᠬᠦᠢ ᠪᠦᠲᠦᠭᠡᠭᠳᠡᠬᠦᠨ ᠢ ᠦᠢᠯᠡᠳᠪᠦᠷᠢᠯᠡᠵᠦ ᠡᠵᠡᠩᠨᠡᠬᠦ ᠶᠢ ᠴᠠᠭᠠᠵᠠᠯᠠᠨ᠎ᠠ᠄ ︵ᠬᠤᠶᠠᠷ︶ ᠡᠪᠡᠳᠴᠢᠯᠡᠭᠦᠯᠬᠦ ᠮᠢᠺᠷᠣᠪ᠂ ᠲᠠᠷᠢᠶᠠᠨ ᠡᠮ ᠤᠨ ᠦᠯᠡᠳᠡᠭᠳᠡᠯ᠂ ᠮᠠᠯ ᠤᠨ ᠡᠮ ᠤᠨ ᠦᠯᠡᠳᠡᠭᠳᠡᠯ᠂ ᠠᠮᠢᠳᠤ ᠪᠣᠳᠠᠰ ᠤᠨ ᠬᠤᠣᠷᠲᠤ ᠡᠳ᠋᠂ ᠬᠦᠨᠳᠦ ᠲᠡᠮᠦᠷᠯᠢᠭ ᠵᠡᠷᠭᠡ ᠪᠣᠬᠢᠷᠳᠤᠯ ᠪᠣᠳᠠᠰ ᠵᠢᠴᠢ ᠪᠤᠰᠤᠳ ᠬᠥᠮᠥᠨ ᠤ ᠪᠡᠶ᠎ᠡ ᠶᠢᠨ ᠡᠷᠡᠭᠦᠯ ᠮᠡᠨᠳᠦ ᠶᠢ ᠬᠤᠬᠢᠷᠠᠭᠤᠯᠬᠤ ᠪᠣᠳᠠᠰ ᠤᠨ ᠴᠢᠨᠠᠷ ᠴᠢᠨᠰᠠᠭ᠎ᠠ ᠶᠢᠨ ᠪᠠᠷᠢᠮᠵᠢᠶ᠎ᠠ ᠎ ᠠᠴᠠ ᠬᠡᠲᠦᠷᠡᠭᠰᠡᠨ ᠢᠳᠡᠭᠡᠨ᠂ ᠢᠳᠡᠭᠡᠨ ᠤ ᠨᠡᠮᠡᠯᠲᠡ ᠡᠳ᠋᠂ ᠢᠳᠡᠭᠡᠨ ᠤ ᠬᠠᠮᠢᠶ᠎ᠠ ᠪᠦᠬᠦᠢ ᠪᠦᠲᠦᠭᠡᠭᠳᠡᠬᠦᠨ ᠢ ᠦᠢᠯᠡᠳᠪᠦᠷᠢᠯᠡᠵᠦ ᠡᠵᠡᠩᠨᠡᠬᠦ ᠶᠢ ᠴᠠᠭᠠᠵᠠᠯᠠᠨ᠎ᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠵᠠᠭᠤ ᠬᠤᠷᠢᠨ ᠳᠥᠷᠪᠡᠳᠦᠭᠡᠷ ᠵᠦᠢᠯ ᠢ ᠦᠨᠳᠦᠰᠦᠯᠡᠵᠦ᠄ ︽ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠵᠤ᠂ ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠠᠶᠢᠪᠠᠯ᠂ ᠰᠤᠮᠤ ᠪᠠᠯᠭᠠᠰᠤᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠢᠳᠡᠭᠡᠨ ᠤ ᠠᠮᠤᠷ ᠲᠦᠪᠰᠢᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠪᠣᠯᠣᠨ ᠬᠠᠤᠯᠢ ᠶᠢ ᠵᠥᠷᠢᠴᠡᠵᠦ ᠦᠢᠯᠡᠳᠪᠦᠷᠢᠯᠡᠵᠦ ᠡᠵᠡᠩᠨᠡᠭᠰᠡᠨ ᠢᠳᠡᠭᠡᠨ᠂ ᠢᠳᠡᠭᠡᠨ ᠤ ᠨᠡᠮᠡᠯᠲᠡ ᠡᠳ᠋ ᠢ ᠨᠢ ᠬᠤᠷᠢᠶᠠᠨ ᠠᠪᠬᠤ ᠶᠢᠨ ᠬᠠᠮᠲᠤ ᠬᠠᠤᠯᠢ ᠶᠢ ᠵᠥᠷᠢᠴᠡᠵᠦ ᠦᠢᠯᠡᠳᠪᠦᠷᠢᠯᠡᠵᠦ ᠡᠵᠡᠩᠨᠡᠬᠦ ᠳᠤ ᠬᠡᠷᠡᠭᠯᠡᠭᠰᠡᠨ ᠪᠠᠭᠠᠵᠢ ᠬᠡᠷᠡᠭᠰᠡᠯ᠂ ᠲᠣᠨᠤᠭ ᠲᠥᠬᠦᠭᠡᠷᠦᠮᠵᠢ᠂ ᠲᠦᠭᠦᠬᠡᠢ ᠡᠳ᠋ ᠵᠡᠷᠭᠡ ᠪᠣᠳᠠᠰ ᠢ ᠨᠢ ᠬᠤᠷᠢᠶᠠᠨ ᠠᠪᠴᠤ ᠪᠣᠯᠣᠨ᠎ᠠ ; ᠬᠠᠤᠯᠢ ᠶᠢ ᠵᠥᠷᠢᠴᠡᠨ ᠦᠢᠯᠡᠳᠪᠦᠷᠢᠯᠡᠵᠦ ᠡᠵᠡᠩᠨᠡᠭᠰᠡᠨ ᠢᠳᠡᠭᠡᠨ ᠪᠠ ᠢᠳᠡᠭᠡᠨ ᠤ ᠨᠡᠮᠡᠯᠲᠡ ᠡᠳ᠋ ᠤᠨ ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠨᠢ ᠲᠦᠮᠡᠨ ᠲᠥᠭᠦᠷᠢᠭ ᠬᠦᠷᠬᠦ ᠦᠭᠡᠢ ᠪᠠᠶᠢᠪᠠᠯ᠂ ᠲᠠᠪᠤᠨ ᠲᠦᠮᠡᠨ ᠲᠥᠭᠦᠷᠢᠭ ᠠᠴᠠ ᠳᠡᠭᠡᠭᠰᠢ ᠠᠷᠪᠠᠨ ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ ; ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠨᠢ ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠪᠠᠷᠠᠭᠠᠨ ᠤ ᠥᠷᠲᠡᠭ ᠤᠨ ᠵᠣᠭᠤᠰ ᠤᠨ ᠲᠣᠭᠠᠨ ᠤ ᠬᠢᠨᠢ ᠠᠷᠪᠠᠨ ᠳᠠᠭᠢᠨ ᠠᠴᠠ ᠳᠡᠭᠡᠭᠰᠢ ᠬᠤᠷᠢᠨ ᠳᠠᠭᠢᠨ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠨᠡᠶᠢᠯᠡᠭᠦᠯᠦᠨ ᠰᠢᠢᠳᠭᠡᠨ᠎ᠡ ; ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠨ᠎ᠠ᠄ ︵ᠨᠢᠭᠡ︶ ᠡᠪᠡᠳᠴᠢᠯᠡᠭᠦᠯᠬᠦ ᠴᠢᠨᠠᠷᠲᠠᠢ ᠮᠢᠺᠷᠣᠪ ᠢ ᠦᠢᠯᠡᠳᠪᠦᠷᠢᠯᠡᠵᠦ ᠡᠵᠡᠩᠨᠡᠬᠦ᠂ ᠲᠠᠷᠢᠶᠠᠨ ᠡᠮ ᠤᠨ ᠦᠯᠡᠳᠡᠭᠳᠡᠯ᠂ ᠮᠠᠯ ᠤᠨ ᠡᠮ ᠤᠨ ᠦᠯᠡᠳᠡᠭᠳᠡᠯ᠂ ᠠᠮᠢᠳᠤ ᠪᠣᠳᠠᠰ ᠤᠨ ᠬᠤᠣᠷᠲᠤ ᠡᠳ᠋᠂ ᠬᠦᠨᠳᠦ ᠲᠡᠮᠦᠷᠯᠢᠭ ᠵᠡᠷᠭᠡ ᠪᠣᠬᠢᠷᠲᠤᠭᠤᠯᠬᠤ ᠪᠣᠳᠠᠰ ᠵᠢᠴᠢ ᠬᠥᠮᠥᠨ ᠤ ᠪᠡᠶ᠎ᠡ ᠶᠢᠨ ᠡᠷᠡᠭᠦᠯ ᠮᠡᠨᠳᠦ ᠳᠤ ᠬᠤᠣᠷ ᠬᠥᠨᠥᠭᠡᠯ ᠤᠴᠠᠷᠠᠭᠤᠯᠬᠤ ᠪᠤᠰᠤᠳ ᠪᠣᠳᠠᠰ ᠤᠨ ᠠᠭᠤᠯᠤᠭᠳᠠᠴᠠ ᠨᠢ ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠶᠢᠨ ᠬᠢᠵᠠᠭᠠᠷᠯᠠᠯ ᠠᠴᠠ ᠳᠠᠪᠠᠭᠰᠠᠨ ᠢᠳᠡᠭᠡᠨ᠂ ᠢᠳᠡᠭᠡᠨ ᠤ ᠨᠡᠮᠡᠯᠲᠡ ᠡᠳ᠋︔ ᠵᠠᠭᠤ ᠭᠤᠴᠢᠨ ᠵᠢᠷᠭᠤᠳᠤᠭᠠᠷ ᠵᠦᠢᠯ ︽ᠢᠳᠡᠭᠡᠨ ᠡᠵᠡᠩᠨᠡᠭᠴᠢ ᠲᠤᠰ ᠬᠠᠤᠯᠢ ᠳᠤ ᠲᠣᠭᠲᠠᠭᠠᠭᠰᠠᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠵᠡᠷᠭᠡ ᠡᠭᠦᠷᠭᠡ ᠶᠢ ᠭᠦᠢᠴᠡᠳᠬᠡᠭᠰᠡᠨ ᠪᠥᠭᠡᠳ ᠬᠤᠳᠠᠯᠳᠤᠨ ᠠᠪᠤᠭᠰᠠᠨ ᠢᠳᠡᠭᠡᠨ ᠨᠢ ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠳᠤ ᠨᠡᠶᠢᠴᠡᠬᠦ ᠦᠭᠡᠢ ᠭᠡᠳᠡᠭ ᠢ ᠮᠡᠳᠡᠬᠦ ᠦᠭᠡᠢ ᠭᠡᠳᠡᠭ ᠢᠶᠠᠨ ᠭᠦᠢᠴᠡᠳ ᠭᠡᠷᠡᠴᠢ ᠪᠠᠷᠢᠮᠲᠠ ᠲᠠᠢ ᠪᠠᠶᠢᠬᠤ ᠶᠢᠨ ᠬᠠᠮᠲᠤ᠂ ᠪᠠᠷᠠᠭ᠎ᠠ ᠣᠷᠣᠭᠤᠯᠬᠤ ᠢᠷᠡᠯᠲᠡ ᠶᠢ ᠦᠨᠡᠨ ᠮᠥᠨ ᠢᠶᠠᠷ ᠨᠢ ᠲᠣᠳᠣᠷᠬᠠᠶᠢᠯᠠᠵᠤ ᠴᠢᠳᠠᠪᠠᠯ ᠰᠢᠢᠳᠬᠡᠯ ᠠᠴᠠ ᠬᠡᠯᠲᠦᠷᠢᠭᠦᠯᠵᠦ ᠪᠣᠯᠣᠨ᠎ᠠ᠂ ᠭᠡᠪᠡᠴᠦ ᠢᠳᠡᠭᠡᠨ ᠤ ᠠᠶᠤᠯᠭᠦᠢ ᠶᠢᠨ ᠪᠠᠷᠢᠮᠵᠢᠶᠠᠨ ᠳᠤ ᠦᠯᠦ ᠨᠡᠶᠢᠴᠡᠬᠦ ᠢᠳᠡᠭᠡᠨ ᠢ ᠨᠢ ᠬᠠᠤᠯᠢ ᠶᠣᠰᠣᠭᠠᠷ ᠬᠤᠷᠢᠶᠠᠵᠤ ᠠᠪᠬᠤ ᠬᠡᠷᠡᠭᠲᠡᠢ ; ᠬᠥᠮᠥᠨ ᠤ ᠪᠡᠶ᠎ᠡ ᠮᠠᠬᠠᠪᠤᠳ᠂ ᠡᠳ᠋ ᠬᠥᠷᠥᠩᠭᠡ ᠳᠤ ᠪᠤᠶᠤ ᠪᠤᠰᠤᠳ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠃︾ ᠲᠤᠬᠠᠢ ᠶᠢᠨ ᠬᠥᠮᠥᠨ ᠣᠨ ᠵᠠᠰᠠᠭ ᠵᠠᠬᠢᠷᠭᠠᠨ ᠤ ᠲᠣᠷᠭᠠᠭᠤᠯᠢ ᠥᠭᠬᠦ ᠦᠭᠡᠢ ᠭᠡᠵᠦ ᠲᠣᠭᠲᠠᠭᠠᠪᠠ᠃       ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠪᠲᠠᠨ ᠪᠠᠶᠢᠴᠠᠭᠠᠭᠰᠠᠨ ᠪᠠᠶᠢᠳᠠᠯ       ᠠᠯᠠᠱᠠ ᠠᠶᠢᠮᠠᠭ ᠤᠨ ᠠᠢ ᠰᠢᠨ ᠶᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠷᠠᠭᠤᠨ ᠬᠤᠲᠠ ᠶᠢᠨ ᠲᠣᠭᠤᠷᠢᠭ ᠤᠨ ᠨᠢᠭᠡᠳᠦᠭᠡᠷ ᠬᠤᠪᠢᠶᠠᠷᠢ ᠳᠡᠯᠭᠡᠭᠦᠷ ᠨᠢ ᠨᠢᠭᠡᠨᠲᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠠᠰᠠᠨ ᠰᠠᠶᠢᠵᠢᠷᠠᠭᠤᠯᠬᠤ ᠮᠡᠳᠡᠭᠦᠯᠦᠯᠲᠡ ᠪᠠᠨ ᠲᠤᠰᠢᠶᠠᠴᠢᠬᠠᠭᠰᠠᠨ ᠪᠠᠶᠢᠨ᠎ᠠ᠃ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠲᠡᠭᠦᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠳᠠᠭᠢᠨ ᠪᠠᠶᠢᠴᠠᠭᠠᠵᠤ ᠰᠢᠯᠭᠠᠨ ᠬᠤᠷᠢᠶᠠᠵᠤ ᠪᠠᠶᠢᠨ᠎ᠠ᠃       ᠣᠨᠴᠠᠭᠠᠶᠢᠯᠠᠨ ᠮᠡᠳᠡᠭᠳᠡᠯ      ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号