ᠥᠪᠥᠷ ᠮᠣᠩᠭᠤᠯ ᠤᠨ ᠰᠥᠩ ᠲᠠ ᠱᠦᠢᠨᠢ ᠶᠢᠨ ᠬᠢᠵᠠᠭᠠᠷᠲᠤ ᠺᠤᠮᠫᠠᠨᠢ ᠵᠡᠷᠭᠡ 4 ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠯᠲᠠ ᠶᠢᠨ ᠪᠠᠷᠢᠮᠵᠢᠶ᠎ᠠ ᠳᠤ ᠭᠦᠷᠦᠭᠰᠡᠨ ᠲᠤᠬᠠᠢ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/12/31
     ᠮᠠᠲ᠋ᠧᠷᠢᠶᠠᠯ ᠤᠨ ᠳ᠋ᠤᠭᠠᠷ᠄ 1152921790 192595R / 2024 - 01846      ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠠᠩᠭᠢᠯᠠᠯ᠄ ᠮᠡᠳᠡᠭᠳᠡᠯ       ︽ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠦᠨᠳᠦᠰᠦᠨ ᠵᠢᠷᠤᠮᠵᠢᠯ︾ ︵GB/ T3300 - 2016︶᠂ ︽ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠰᠢᠯᠭᠠᠨ ᠲᠣᠭᠲᠠᠭᠠᠬᠤ ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠠᠶᠦᠯᠭᠦᠢ ᠦᠢᠯᠡᠳᠪᠦᠷᠢᠯᠡᠯ ᠤᠨ ᠶᠡᠷᠦᠩᠬᠡᠢ ᠬᠠᠮᠢᠶᠠᠷᠤᠯᠲᠠ ᠶᠢᠨ ᠳᠥᠷᠪᠡᠳᠦᠭᠡᠷ ︵2014︶17 201417ᠳ᠋ᠤᠭᠠᠷ ᠲᠣᠭᠠᠲᠤ︶᠂ ︽ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠳᠡᠰ ᠲᠣᠭᠲᠠᠭᠠᠬᠤ ᠠᠷᠭ᠎ᠠ︾ ︵ᠪᠠᠴᠢᠮ ᠪᠠᠶᠢᠳᠠᠯ ᠢ ᠠᠷᠭᠠᠴᠠᠬᠤ ﹇2011﹈ 83 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠭᠤᠶᠤᠴᠢᠯᠠᠯ᠂ ᠬᠢᠨᠠᠨ ᠲᠣᠭᠲᠠᠭᠠᠬᠤ ᠨᠢᠭᠡᠴᠡ ᠶᠢᠨ ᠲᠤᠬᠠᠢ ᠶᠢᠨ ᠲᠠᠯᠠᠪᠠᠢ ᠳᠤ ᠬᠢᠨᠠᠨ ᠲᠣᠭᠲᠠᠭᠠᠬᠤ ᠪᠠᠷ ᠳᠠᠮᠵᠢᠭᠠᠳ᠂ ᠡᠳᠦᠭᠡ ᠥᠪᠥᠷ ᠮᠣᠩᠭᠤᠯ ᠤᠨ ᠰᠥᠩ ᠲᠠ ᠱᠦᠢᠨᠢ ᠶᠢᠨ ᠬᠢᠵᠠᠭᠠᠷᠲᠤ ᠺᠤᠮᠫᠠᠨᠢ ︵ᠱᠦᠢᠨᠢ ᠶᠢᠨ ᠦᠢᠯᠡᠳᠪᠦᠷᠢᠯᠡᠯ ᠤᠨ ᠠᠵᠤ ᠠᠬᠤᠶᠢᠯᠠᠯ︶᠂ ᠠᠯᠠᠱᠠ ᠠᠶᠢᠮᠠᠭ ᠤᠨ ᠰᠢᠨ ᠹᠧᠩ ᠯᠧᠢ ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ ᠠᠵᠤ ᠦᠢᠯᠡᠰ ᠤᠨ ᠬᠢᠵᠠᠭᠠᠷᠲᠤ ᠺᠤᠮᠫᠠᠨᠢ ︵ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ ᠲᠥᠷᠥᠯ ᠵᠦᠢᠯ︶᠂ ᠠᠯᠠᠱᠠ ᠵᠡᠭᠦᠨ ᠬᠤᠰᠢᠭᠤᠨ ᠤ ᠶᠢᠨ ᠱᠠᠨ ᠹᠧᠩ ᠱᠠᠨ ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ ᠲᠥᠷᠥᠯ ᠵᠦᠢᠯ︶ ᠪᠣᠯᠣᠨ ᠠᠯᠠᠱᠠ ᠵᠡᠭᠦᠨ ᠬᠤᠰᠢᠭᠤᠨ ᠤ ᠵᠢᠷᠡᠲᠠᠢ ᠭᠤᠸᠠᠩ ᠲᠦᠩ ᠪᠠᠷᠢᠯᠭ᠎ᠠ ᠶᠢᠨ ᠮᠠᠲ᠋ᠧᠷᠢᠶᠠᠯ ᠤᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ︵ᠪᠧᠲ᠋ᠡᠨ ᠪᠤᠯᠪᠠᠰᠤᠷᠠᠭᠤᠯᠬᠤ ᠠᠵᠤ ᠠᠬᠤᠶᠢᠯᠠᠯ ᠤᠨ ᠲᠥᠷᠥᠯ ᠵᠦᠢᠯ︶᠎ ᠢ ᠠᠶᠦᠯᠭᠦᠢ ᠪᠤᠯᠪᠠᠰᠤᠷᠠᠭᠤᠯᠬᠤ ᠠᠵᠤ ᠠᠬᠤᠶᠢᠯᠠᠯ ᠤᠨ ᠪᠠᠷᠢᠮᠵᠢᠶ᠎ᠠ ᠳᠤ ᠬᠦᠷᠦᠭᠦᠯᠬᠦ ᠶᠢ ᠢᠳᠡᠪᠬᠢᠲᠡᠢ ᠪᠠᠷ ᠬᠢᠨᠠᠨ ᠵᠥᠪᠰᠢᠶᠡᠷᠡᠵᠦ᠂ ᠪᠠᠷᠢᠮᠵᠢᠶᠠᠵᠢᠭᠤᠯᠬᠤ ᠠᠵᠤ ᠠᠬᠤᠶᠢᠯᠠᠯ ᠤᠨ ᠪᠠᠷᠢᠮᠵᠢᠶ᠎ᠠ ᠳᠤ ᠭᠦᠷᠦᠭᠰᠡᠨ ᠡᠳᠦᠷ ᠠᠴᠠ ᠡᠬᠢᠯᠡᠨ ᠭᠤᠷᠪᠠᠨ ᠵᠢᠯ ᠤᠨ ᠬᠦᠴᠦᠨ ᠲᠠᠢ ᠬᠤᠭᠤᠴᠠᠭ᠎ᠠ ᠶᠢ ᠪᠠᠷᠢᠮᠵᠢᠶ᠎ᠠ ᠳᠤ ᠬᠦᠷᠦᠭᠦᠯᠦᠨ᠎ᠡ᠃       ᠣᠨᠴᠠᠭᠠᠶᠢᠯᠠᠨ ᠵᠠᠷᠯᠠᠪᠠ᠃      
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号