ᠬᠢᠷᠢ ᠲᠡᠩᠴᠡᠬᠦ ᠦᠭᠡᠢ ᠢᠳᠡᠭᠡᠨ ᠢ ᠲᠠᠪᠤᠨ ᠪᠦᠯᠦᠭ ᠤᠳᠠᠭ᠎ᠠ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/12/31
           ᠳ᠋ᠤᠭᠠᠷ ᠨᠣᠮᠧᠷ᠄ 11.29210117651641 / 2024 -0228 6      ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠠᠩᠭᠢᠯᠠᠯ᠄ ᠮᠡᠳᠡᠭᠳᠡᠯ             ᠣᠶᠢᠷ᠎ᠠ ᠶᠢᠨ ᠬᠤᠭᠤᠴᠠᠭᠠᠨ ᠳᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠨ ᠰᠤᠭᠤᠴᠢᠨ ᠪᠠᠶᠢᠴᠠᠭᠠᠬᠤ ᠳᠤᠮᠳᠠ᠂ ᠮᠠᠨ ᠤ ᠬᠤᠰᠢᠭᠤᠨ ᠤ ᠲᠠᠪᠤᠨ ᠪᠦᠯᠦᠭ ᠤᠳᠠᠭ᠎ᠠ ᠶᠢᠨ ᠦᠢᠯᠡᠳᠬᠦᠨ ᠨᠢ ᠬᠢᠷᠢ ᠲᠡᠩᠴᠡᠭᠰᠡᠨ ᠦᠭᠡᠢ᠂ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠠᠯᠠᠱᠠ ᠠᠶᠢᠮᠠᠭ ᠤᠨ ᠠᠢ ᠰᠢᠨ ᠶᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠷᠠᠭᠤᠨ ᠬᠤᠲᠠ ᠶᠢᠨ ᠲᠣᠭᠤᠷᠢᠭ ᠤᠨ ᠨᠢᠭᠡᠳᠦᠭᠡᠷ ᠬᠤᠪᠢᠶᠠᠷᠢ ᠳᠡᠯᠭᠡᠭᠦᠷ ᠤᠨ ᠡᠵᠡᠩᠨᠡᠵᠦ ᠪᠠᠶᠢᠭ᠎ᠠ ᠲᠥᠮᠥᠰᠥ       ︵ᠨᠢᠭᠡ︶ ᠰᠤᠭᠤᠴᠢᠨ ᠪᠠᠶᠢᠴᠠᠭᠠᠬᠤ ᠦᠨᠳᠦᠰᠦᠨ ᠪᠠᠶᠢᠳᠠᠯ       ᠦᠯᠢᠭᠡᠷ ᠡᠳ᠋ ᠤᠨ ᠨᠡᠷᠡᠶᠢᠳᠦᠯ᠄ ᠲᠥᠮᠥᠰᠥ︔ ᠬᠤᠳᠠᠯᠳᠤᠨ ᠠᠪᠤᠭᠰᠠᠨ ᠨᠢᠭᠡᠴᠢ᠄ ᠠᠯᠠᠱᠠ ᠠᠶᠢᠮᠠᠭ ᠤᠨ ᠠᠢ ᠰᠢᠨ ᠶᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠷᠠᠭᠤᠨ ᠬᠤᠲᠠ ᠶᠢᠨ ᠲᠣᠭᠤᠷᠢᠭ ᠤᠨ ᠨᠢᠭᠡᠳᠦᠭᠡᠷ ᠬᠤᠪᠢᠶᠠᠷᠢ ᠳᠡᠯᠭᠡᠭᠦᠷ︔ ᠬᠤᠳᠠᠯᠳᠤᠨ ᠠᠪᠤᠭᠰᠠᠨ ᠡᠳᠦᠷ ᠬᠤᠭᠤᠴᠠᠭ᠎ᠠ᠄ 2014 ᠣᠨ ᠤ 6 ᠰᠠᠷ᠎ᠠ ᠶᠢᠨ 17᠎ ᠤ ᠡᠳᠦᠷ︔ ᠶᠠᠩᠵᠤ  ᠶᠢᠨ ᠲᠤᠭ᠎ᠠ ᠨᠢ᠄ 65.6 ᠺᠢᠯᠣᠭ᠍ᠷᠠᠮ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠺᠧ ᠪᠠᠢ ᠸᠧᠢ ᠶᠢᠨ ᠲᠥᠷᠥᠯ ᠵᠦᠢᠯ ᠨᠢ GB2763 - 2021 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠳᠣᠲᠣᠷᠠᠬᠢ ᠲᠠᠷᠢᠶᠠᠨ ᠡᠮ ᠤᠨ ᠬᠠᠮᠤᠭ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃       ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ       ᠠᠯᠠᠱᠠ ᠠᠶᠢᠮᠠᠭ ᠤᠨ ᠠᠢ ᠰᠢᠨ ᠶᠠ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠪᠠᠷᠠᠭᠤᠨ ᠬᠤᠲᠠ ᠶᠢᠨ ᠲᠣᠭᠤᠷᠢᠭ ᠤᠨ ᠨᠢᠭᠡᠳᠦᠭᠡᠷ ᠬᠤᠪᠢᠶᠠᠷᠢ ᠳᠡᠯᠭᠡᠭᠦᠷ ᠤᠨ ᠲᠥᠮᠥᠰᠥ  ᠶᠢᠨ ᠲᠥᠷᠥᠯ ᠵᠦᠢᠯ ᠨᠢ GB2763 - 2021 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠳᠣᠲᠣᠷᠠᠬᠢ ᠲᠠᠷᠢᠶᠠᠨ ᠡᠮ ᠤᠨ ᠬᠠᠮᠤᠭ ᠶᠡᠭᠡ ᠦᠯᠡᠳᠡᠭᠳᠡᠯ ᠤᠨ ᠬᠢᠵᠠᠭᠠᠷ ᠬᠡᠮᠵᠢᠶ᠎ᠡ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠠᠵᠢᠯᠯᠠᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠭᠤᠴᠢᠨ ᠳᠥᠷᠪᠡᠳᠦᠭᠡᠷ ᠵᠦᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠵᠠᠭᠤ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠦᠢᠯ ᠪᠠ ᠵᠠᠭᠤ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠨ᠂ ᠲᠤᠬᠠᠢ ᠶᠢᠨ ᠬᠥᠮᠥᠨ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠡᠭᠦᠷᠭᠡ ᠪᠠᠨ ᠭᠦᠢᠴᠡᠳᠬᠡᠭᠰᠡᠨ ᠪᠣᠯᠬᠤᠷ ᠬᠤᠳᠠᠯᠳᠤᠨ ᠠᠪᠤᠭᠰᠠᠨ ᠢᠳᠡᠭᠡᠨ ᠨᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠭᠡᠳᠡᠭ ᠢ ᠮᠡᠳᠡᠬᠦ ᠦᠭᠡᠢ ᠪᠥᠭᠡᠳ ᠪᠠᠷᠠᠭ᠎ᠠ ᠣᠷᠣᠭᠤᠯᠬᠤ ᠢᠷᠡᠯᠲᠡ ᠶᠢ ᠦᠨᠡᠨ ᠪᠣᠳᠠᠲᠠᠢ ᠲᠣᠳᠣᠷᠬᠠᠶᠢᠯᠠᠵᠤ᠂ ᠢᠳᠡᠪᠬᠢᠲᠡᠢ ᠬᠠᠮᠵᠢᠯᠴᠠᠨ ᠪᠠᠶᠢᠴᠠᠭᠠᠵᠤ ᠭᠡᠷᠡᠴᠢ ᠠᠪᠴᠤ᠂ ᠮᠠᠨ ᠤ ᠲᠣᠪᠴᠢᠶ᠎ᠠ ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠦᠭᠡᠢ ᠭᠡᠵᠦ ᠲᠣᠭᠲᠠᠪᠠ᠃       ᠬᠤᠶᠠᠷ᠂ ᠥᠪᠥᠷ ᠮᠣᠩᠭᠤᠯ ᠤᠨ ᠳ᠋ᠦᠩ ᠾᠧ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠡᠵᠡᠩᠨᠡᠵᠦ ᠪᠠᠶᠢᠭ᠎ᠠ ᠲᠤᠤ ᠶᠠᠩ ᠬᠤᠩ ᠭᠠᠨᠵᠢᠶᠠᠩ ᠭᠤᠯᠢᠷ       ︵ᠨᠢᠭᠡ︶ ᠰᠤᠭᠤᠴᠢᠨ ᠪᠠᠶᠢᠴᠠᠭᠠᠬᠤ ᠦᠨᠳᠦᠰᠦᠨ ᠪᠠᠶᠢᠳᠠᠯ       ᠶᠠᠩᠵᠤ  ᠶᠢᠨ ᠨᠡᠷᠡᠶᠢᠳᠦᠯ᠄ ᠲᠤᠤ ᠶᠠᠩ ᠬᠤᠩ ᠬᠠᠭᠤᠷᠠᠢ ᠵᠢᠶᠠᠩ ᠭᠤᠯᠢᠷ︔ ᠬᠤᠳᠠᠯᠳᠤᠨ ᠠᠪᠤᠭᠰᠠᠨ ᠨᠢᠭᠡᠴᠢ᠄ ᠥᠪᠥᠷ ᠮᠣᠩᠭᠤᠯ ᠤᠨ ᠳ᠋ᠦᠩ ᠾᠧ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ︔ ᠬᠤᠳᠠᠯᠳᠤᠨ ᠠᠪᠤᠭᠰᠠᠨ ᠡᠳᠦᠷ ᠬᠤᠭᠤᠴᠠᠭ᠎ᠠ᠄ 2014 ᠣᠨ ᠤ 4 ᠰᠠᠷ᠎ᠠ ᠶᠢᠨ 9᠂ 2024 ᠣᠨ ᠤ 6 ᠰᠠᠷ᠎ᠠ ᠶᠢᠨ 26︔ ᠶᠠᠩᠵᠤ ᠶᠢᠨ ᠲᠤᠭ᠎ᠠ ᠨᠢ 70 ᠤᠭᠤᠲᠠ᠂ ᠨᠡᠶᠢᠲᠡ 3.50 ᠺᠢᠯᠣᠭ᠍ᠷᠠᠮ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠤᠨ ᠲᠥᠷᠥᠯ ᠵᠦᠢᠯ GB2760 — 2014 ᠣᠨ ᠤ ︽ᠢᠳᠡᠭᠡᠨ ᠤ ᠠᠶᠦᠯᠭᠦᠢ ᠶᠢᠨ ᠤᠯᠤᠰ ᠤᠨ ᠪᠠᠷᠢᠮᠵᠢᠶ᠎ᠠ ᠢᠳᠡᠭᠡᠨ ᠤ ᠨᠡᠮᠡᠯᠲᠡ ᠡᠳ᠋ ᠬᠡᠷᠡᠭᠯᠡᠬᠦ ᠪᠠᠷᠢᠮᠵᠢᠶ᠎ᠠ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃       ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ       ᠥᠪᠥᠷ ᠮᠣᠩᠭᠤᠯ ᠤᠨ ᠳ᠋ᠦᠩ ᠾᠧ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠲᠤᠤ ᠶᠠᠩ ᠬᠤᠩ ᠤᠨ ᠬᠠᠭᠤᠷᠠᠢ ᠵᠢᠶᠠᠩ ᠨᠢᠭᠤᠷ ᠤᠨ ᠬᠦᠬᠦᠷ ᠤᠨ ᠳᠠᠪᠬᠤᠷ ᠢᠰᠦᠯ ᠤᠨ ᠦᠯᠡᠳᠡᠭᠳᠡᠯ ᠤᠨ ᠲᠥᠷᠥᠯ ᠵᠦᠢᠯ ᠢ ᠡᠵᠡᠩᠨᠡᠬᠦ GB2760 — 2014 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶᠠᠲᠤ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠠᠵᠢᠯᠯᠠᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠭᠤᠴᠢᠨ ᠳᠥᠷᠪᠡᠳᠦᠭᠡᠷ ᠵᠦᠢᠯ ᠤᠨ ᠳᠥᠷᠪᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠵᠠᠭᠤ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ︵ᠭᠤᠷᠪᠠ︶ ᠵᠤᠷᠪᠤᠰ ᠪᠠ ᠵᠠᠭᠤ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠮᠠᠨ ᠤ ᠲᠣᠪᠴᠢᠶ᠎ᠠ ᠲᠤᠬᠠᠢ ᠶᠢᠨ ᠬᠥᠮᠥᠨ ᠢ ᠵᠠᠷᠯᠢᠭᠳᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠳᠠᠷᠤᠶᠢᠬᠠᠨ ᠵᠠᠯᠠᠷᠠᠭᠤᠯᠬᠤ ᠶᠢᠨ ᠬᠠᠮᠲᠤ ᠬᠢᠷᠢ ᠲᠡᠩᠴᠡᠬᠦ ᠦᠭᠡᠢ ᠲᠤᠤ ᠶᠠᠩ ᠬᠤᠩ ᠤᠨ ᠬᠠᠭᠤᠷᠠᠢ ᠲᠠᠯᠠᠪᠠᠢ ᠶᠢ ᠬᠤᠷᠢᠶᠠᠨ ᠠᠪᠬᠤ ᠶᠢᠨ ᠳᠠᠭᠠᠤ ᠵᠠᠰᠠᠭ ᠵᠠᠬᠢᠷᠭᠠᠨ ᠤ ᠰᠢᠢᠳᠬᠡᠯ ᠥᠭᠬᠦ ᠪᠠᠷ ᠲᠣᠭᠲᠠᠪᠠ᠃       ᠭᠤᠷᠪᠠ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠱᠠ ᠽᠢ ᠸᠠᠩ ᠬᠠᠲᠠᠭᠠᠬᠰᠠᠨ ᠦᠬᠡᠷ ᠤᠨ ᠮᠢᠬᠠᠨ ᠳᠡᠯᠭᠡᠭᠦᠷ ᠤᠨ ᠡᠵᠡᠩᠨᠡᠵᠦ ᠪᠠᠶᠢᠭ᠎ᠠ ᠥᠷᠥᠮ᠎ᠡ       ︵ᠨᠢᠭᠡ︶ ᠰᠤᠭᠤᠴᠢᠨ ᠪᠠᠶᠢᠴᠠᠭᠠᠬᠤ ᠦᠨᠳᠦᠰᠦᠨ ᠪᠠᠶᠢᠳᠠᠯ       ᠦᠯᠢᠭᠡᠷ ᠡᠳ᠋ ᠤᠨ ᠨᠡᠷᠡᠶᠢᠳᠦᠯ᠄ ᠥᠷᠥᠮ᠎ᠡ︔ ᠬᠤᠳᠠᠯᠳᠤᠨ ᠠᠪᠤᠭᠰᠠᠨ ᠨᠢᠭᠡᠴᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠱᠠ ᠽᠢ ᠸᠠᠩ ᠹᠧᠩ ᠬᠠᠲᠠᠭᠠᠬᠰᠠᠨ ᠦᠬᠡᠷ ᠤᠨ ᠮᠢᠬᠠᠨ ᠳᠡᠯᠭᠡᠭᠦᠷ︔ ᠬᠤᠳᠠᠯᠳᠤᠨ ᠠᠪᠤᠭᠰᠠᠨ ᠡᠳᠦᠷ ᠬᠤᠭᠤᠴᠠᠭ᠎ᠠ᠄ 2014 ᠣᠨ ᠤ 7 ᠳ᠋ᠤᠭᠠᠷ ᠰᠠᠷ᠎ᠠ ᠶᠢᠨ 3᠎ ᠤ ᠡᠳᠦᠷ︔ ᠦᠯᠢᠭᠡᠷ ᠬᠡᠪ ᠤᠨ ᠲᠤᠭ᠎ᠠ ᠨᠢ 50 ᠤᠭᠤᠲᠠ᠂ ᠨᠡᠶᠢᠲᠡ 5.75 ᠺᠢᠯᠣᠭ᠍ᠷᠠᠮ︔ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠥᠭᠡᠬᠦ ᠶᠢᠨ ᠲᠥᠷᠥᠯ ᠵᠦᠢᠯ ᠨᠢ DBS15/01.2 - 2016 ︽ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠤᠶᠠᠳᠤᠭᠠᠷ ᠬᠡᠰᠡᠭ᠄ ᠥᠷᠥᠮ᠎ᠡ︾᠎ ᠤᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃       ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ       ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠱᠠ ᠽᠢ ᠸᠠᠩ ᠹᠧᠩ ᠬᠠᠲᠠᠭᠠᠬᠰᠠᠨ ᠦᠬᠡᠷ ᠤᠨ ᠮᠢᠬᠠᠨ ᠳᠡᠯᠭᠡᠭᠦᠷ ᠥᠷᠥᠮ᠎ᠡ ᠡᠵᠡᠩᠨᠡᠨ ᠪᠣᠷᠣᠯᠠᠭᠤᠯᠬᠤ ᠲᠥᠷᠥᠯ ᠵᠦᠢᠯ DBS15/001.2 — 2016 ︽ᠢᠳᠡᠭᠡᠨ ᠤ ᠠᠮᠤᠷ ᠲᠦᠪᠰᠢᠨ ᠤ ᠣᠷᠣᠨ ᠨᠤᠲᠤᠭ ᠤᠨ ᠪᠠᠷᠢᠮᠵᠢᠶ᠎ᠠ ᠮᠣᠩᠭᠤᠯ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠤᠶᠠᠳᠤᠭᠠᠷ ᠬᠡᠰᠡᠭ᠄ ᠥᠷᠥᠮ᠎ᠡ︾᠎ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠠᠵᠢᠯᠯᠠᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠭᠤᠴᠢᠨ ᠳᠥᠷᠪᠡᠳᠦᠭᠡᠷ ᠵᠦᠢᠯ ᠤᠨ ︵ᠠᠷᠪᠠᠨ ᠭᠤᠷᠪᠠᠳᠤᠭᠠᠷ︶ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠵᠠᠭᠤ ᠬᠤᠷᠢᠨ ᠳᠥᠷᠪᠡᠳᠦᠭᠡᠷ ᠵᠦᠢᠯ ᠪᠠ ᠵᠠᠭᠤ ᠭᠤᠴᠢᠨ ᠵᠢᠷᠭᠤᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠲᠤᠬᠠᠢ ᠶᠢᠨ ᠬᠥᠮᠥᠨ ᠪᠠᠷᠠᠭ᠎ᠠ ᠣᠷᠣᠭᠤᠯᠬᠤ ᠳᠤ ᠪᠠᠶᠢᠴᠠᠭᠠᠨ ᠰᠢᠯᠭᠠᠬᠤ ᠡᠭᠦᠷᠭᠡ ᠪᠠᠨ ᠭᠦᠢᠴᠡᠳᠬᠡᠭᠰᠡᠨ ᠪᠣᠯᠬᠤᠷ᠂ ᠬᠤᠳᠠᠯᠳᠤᠨ ᠠᠪᠤᠭᠰᠠᠨ ᠢᠳᠡᠭᠡᠨ ᠨᠢ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠳᠤ ᠨᠡᠶᠢᠴᠡᠬᠦ ᠦᠭᠡᠢ ᠭᠡᠳᠡᠭ ᠢ ᠮᠡᠳᠡᠬᠦ ᠦᠭᠡᠢ᠂ ᠦᠨᠡᠨ ᠪᠣᠳᠠᠲᠠᠢ ᠪᠠᠷ ᠲᠣᠳᠣᠷᠬᠠᠶᠢᠯᠠᠬᠤ ᠮᠥᠷᠲᠡᠭᠡᠨ ᠪᠠᠷᠠᠭ᠎ᠠ ᠣᠷᠣᠭᠤᠯᠬᠤ ᠢᠷᠡᠯᠲᠡ ᠶᠢ ᠢᠳᠡᠪᠬᠢᠲᠡᠢ ᠬᠠᠮᠵᠢᠯᠴᠠᠨ ᠭᠡᠷᠡᠴᠢ ᠪᠠᠷᠢᠮᠲᠠ ᠠᠪᠴᠤ᠂ ᠮᠠᠨ ᠤ ᠲᠣᠪᠴᠢᠶ᠎ᠠ ᠲᠤᠬᠠᠢ ᠶᠢᠨ ᠬᠥᠮᠥᠨ ᠳᠤ ᠵᠠᠰᠠᠭ ᠵᠠᠬᠢᠷᠭᠠᠨ ᠤ ᠰᠢᠢᠳᠬᠡᠯ ᠥᠭᠬᠦ ᠦᠭᠡᠢ᠃       ᠳᠥᠷᠪᠡ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠴᠧᠨ ᠽᠥᠩ ᠪᠢᠨ ᠭᠤᠯᠢᠷ ᠤᠨ ᠦᠢᠯᠡᠳᠬᠡᠯ ᠤᠨ ᠳᠡᠯᠭᠡᠭᠦᠷ ᠤᠨ ᠡᠵᠡᠩᠨᠡᠵᠦ ᠪᠠᠶᠢᠭ᠎ᠠ ᠮᠤᠰᠬᠢᠮᠠᠯ ᠪᠣᠭᠤᠷᠰᠤᠭ       ︵ᠨᠢᠭᠡ︶ ᠰᠤᠭᠤᠴᠢᠨ ᠪᠠᠶᠢᠴᠠᠭᠠᠬᠤ ᠦᠨᠳᠦᠰᠦᠨ ᠪᠠᠶᠢᠳᠠᠯ       ᠶᠠᠩᠵᠤ  ᠶᠢᠨ ᠨᠡᠷᠡᠶᠢᠳᠦᠯ᠄ ᠮᠤᠰᠬᠢᠮᠠᠯ ᠪᠣᠭᠤᠷᠰᠤᠭ︔ ᠬᠤᠳᠠᠯᠳᠤᠨ ᠠᠪᠤᠭᠰᠠᠨ ᠨᠢᠭᠡᠴᠢ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠴᠧᠨ ᠽᠥᠩ ᠪᠢᠨ ᠭᠤᠯᠢᠷ ᠤᠨ ᠥᠷᠥᠭᠡ︔ ᠬᠤᠳᠠᠯᠳᠤᠨ ᠠᠪᠤᠭᠰᠠᠨ ᠡᠳᠦᠷ ᠬᠤᠭᠤᠴᠠᠭ᠎ᠠ᠄ 2024 ᠣᠨ ᠤ 6 ᠰᠠᠷ᠎ᠠ ᠶᠢᠨ 16᠎ ᠤ ᠡᠳᠦᠷ︔ ᠶᠠᠩᠵᠤ  ᠶᠢᠨ ᠲᠤᠭ᠎ᠠ ᠨᠢ᠄ 40 ᠤᠭᠤᠲᠠ᠂ ᠨᠡᠶᠢᠲᠡ 16 ᠺᠢᠯᠣᠭ᠍ᠷᠠᠮ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠢᠯᠵᠢᠷᠡᠬᠦ ᠶᠢ ᠰᠡᠷᠭᠡᠶᠢᠯᠡᠬᠦ ᠡᠮ ᠢ ᠬᠤᠯᠢᠨ ᠬᠡᠷᠡᠭᠯᠡᠬᠦ ᠦᠶ᠎ᠡ ᠶᠢᠨ ᠲᠤᠰ ᠲᠤᠰ ᠤᠨ ᠬᠡᠷᠡᠭᠯᠡᠬᠦ ᠬᠡᠮᠵᠢᠶ᠎ᠡ ᠶᠢᠨ ᠬᠠᠮᠤᠭ ᠶᠡᠭᠡ ᠬᠡᠷᠡᠭᠯᠡᠬᠦ ᠬᠡᠮᠵᠢᠶ᠎ᠡ ᠶᠢᠨ ᠡᠵᠡᠯᠡᠬᠦ ᠬᠠᠷᠢᠴᠠᠯ ᠪᠠ ᠲᠥᠷᠥᠯ ᠵᠦᠢᠯ ᠨᠢ GB2760 — 2014 ᠣᠨ ᠤ ︽ᠢᠳᠡᠭᠡᠨ ᠤ ᠠᠶᠦᠯᠭᠦᠢ ᠶᠢᠨ ᠤᠯᠤᠰ ᠤᠨ ᠪᠠᠷᠢᠮᠵᠢᠶ᠎ᠠ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃       ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ       ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠴᠧᠨ ᠽᠥᠩ ᠪᠢᠨ ᠭᠤᠯᠢᠷ ᠤᠨ ᠴᠠᠭ ᠤᠨ ᠦᠢᠯᠡᠳᠬᠡᠯ ᠤᠨ ᠡᠵᠡᠩᠨᠡᠭᠴᠢ ᠢᠯᠵᠢᠷᠡᠯ ᠰᠡᠷᠭᠡᠶᠢᠯᠡᠬᠦ ᠡᠮ ᠢ ᠬᠤᠯᠢᠨ ᠬᠡᠷᠡᠭᠯᠡᠬᠦ ᠦᠶᠡᠰ᠂ ᠲᠤᠰ ᠲᠤᠰ ᠤᠨ ᠬᠡᠷᠡᠭᠯᠡᠬᠦ ᠬᠡᠮᠵᠢᠶ᠎ᠡ ᠶᠢᠨ ᠬᠠᠮᠤᠭ ᠶᠡᠭᠡ ᠬᠡᠷᠡᠭᠯᠡᠬᠦ ᠬᠡᠮᠵᠢᠶ᠎ᠡ ᠶᠢᠨ ᠡᠵᠡᠯᠡᠬᠦ ᠬᠠᠷᠢᠴᠠᠯ ᠪᠠ ᠲᠥᠷᠥᠯ ᠵᠦᠢᠯ ᠨᠢ GB2760 — 2014 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠠᠵᠢᠯᠯᠠᠭ᠎ᠠ ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠭᠤᠴᠢᠨ ᠳᠥᠷᠪᠡᠳᠦᠭᠡᠷ ᠵᠦᠢᠯ ᠤᠨ ︵ᠳᠥᠷᠪᠡ︶ ᠪᠠ ᠲᠠᠪᠢᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾᠎ ᠶᠢᠨ ᠵᠠᠭᠤ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ︵ᠭᠤᠷᠪᠠᠳᠤᠭᠠᠷ︶ ᠪᠠ ᠵᠠᠭᠤ ᠬᠤᠷᠢᠨ ᠵᠢᠷᠭᠤᠳᠤᠭᠠᠷ ᠵᠦᠢᠯ ᠤᠨ ︵ᠭᠤᠷᠪᠠᠳᠤᠭᠠᠷ︶ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠲᠤᠬᠠᠢ ᠶᠢᠨ ᠬᠥᠮᠥᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠰᠤᠵᠤ ᠰᠢᠢᠳᠭᠡᠭᠦ ᠦᠢᠯᠡ ᠪᠠᠶᠢᠳᠠᠯ ᠲᠠᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠷᠬᠡ ᠶᠢᠨ ᠬᠡᠷᠡᠭᠯᠡᠬᠦ ᠳᠦᠷᠢᠮ︾᠎ ᠤᠨ ᠲᠣᠭᠲᠠᠭᠠᠯ ᠢ ᠦᠨᠳᠦᠰᠦᠯᠡᠨ᠂ ᠲᠤᠬᠠᠢ ᠶᠢᠨ ᠬᠥᠮᠥᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠳᠠᠷᠤᠶᠢᠬᠠᠨ ᠵᠠᠯᠠᠷᠠᠭᠤᠯᠬᠤ ᠵᠠᠷᠯᠢᠭ ᠲᠣᠭᠲᠠᠭᠠᠯ ᠭᠠᠷᠭᠠᠬᠤ ᠶᠢᠨ ᠬᠠᠮᠲᠤ ᠳᠣᠣᠷᠠᠬᠢ ᠮᠡᠲᠦ ᠲᠣᠭᠲᠠᠭᠠᠯ ᠢ ᠭᠠᠷᠭᠠᠪᠠ᠄ 2. ᠬᠠᠤᠯᠢ ᠪᠤᠰᠤ ᠣᠷᠣᠯᠭ᠎ᠠ ᠶᠢ 80 ᠲᠥᠭᠦᠷᠢᠭ ᠬᠤᠷᠢᠶᠠᠨ ᠠᠪᠤᠨ᠎ᠠ︔ 3.500 ᠲᠥᠭᠦᠷᠢᠭ ᠵᠣᠭᠤᠰ ᠢᠶᠠᠷ ᠲᠣᠷᠭᠠᠨ᠎ᠠ᠃       ᠲᠠᠪᠤ᠂ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠮᠧᠩ ᠰᠢᠶᠠᠩ ᠢᠳᠡᠭᠡᠨ ᠤ ᠦᠢᠯᠡᠳᠪᠦᠷᠢ       ︵ᠨᠢᠭᠡ︶ ᠰᠤᠭᠤᠴᠢᠨ ᠪᠠᠶᠢᠴᠠᠭᠠᠬᠤ ᠦᠨᠳᠦᠰᠦᠨ ᠪᠠᠶᠢᠳᠠᠯ       ᠶᠠᠩᠵᠤ  ᠶᠢᠨ ᠨᠡᠷᠡᠶᠢᠳᠦᠯ᠄ ᠮᠤᠰᠬᠢᠮᠠᠯ ᠪᠣᠭᠤᠷᠰᠤᠭ︔ ᠨᠢᠭᠡᠴᠡ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠮᠧᠩ ᠰᠢᠶᠠᠩ ᠢᠳᠡᠭᠡᠨ ᠤ ᠦᠢᠯᠡᠳᠪᠦᠷᠢ︔ ᠦᠢᠯᠡᠳᠪᠦᠷᠢᠯᠡᠯ ᠤᠨ ᠡᠳᠦᠷ ᠬᠤᠭᠤᠴᠠᠭ᠎ᠠ ᠄ 2024 ᠣᠨ ᠤ 6 ᠰᠠᠷ᠎ᠠ ᠶᠢᠨ 14᠎ ᠤ ᠡᠳᠦᠷ︔ ᠶᠠᠩᠵᠤ  ᠶᠢᠨ ᠲᠤᠭ᠎ᠠ ᠨᠢ᠄ 40 ᠤᠭᠤᠲᠠ᠂ ᠨᠡᠶᠢᠲᠡ 16 ᠺᠢᠯᠣᠭ᠍ᠷᠠᠮ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠲᠥᠷᠥᠯ ᠵᠦᠢᠯ᠄ ᠢᠯᠵᠢᠷᠡᠬᠦ ᠶᠢ ᠰᠡᠷᠭᠡᠶᠢᠯᠡᠬᠦ ᠡᠮ ᠢ ᠬᠤᠯᠢᠨ ᠬᠡᠷᠡᠭᠯᠡᠬᠦ ᠦᠶ᠎ᠡ ᠶᠢᠨ ᠲᠤᠰ ᠲᠤᠰ ᠤᠨ ᠬᠡᠷᠡᠭᠯᠡᠬᠦ ᠬᠡᠮᠵᠢᠶ᠎ᠡ ᠶᠢᠨ ᠬᠠᠮᠤᠭ ᠶᠡᠭᠡ ᠬᠡᠷᠡᠭᠯᠡᠬᠦ ᠬᠡᠮᠵᠢᠶ᠎ᠡ ᠶᠢᠨ ᠡᠵᠡᠯᠡᠬᠦ ᠬᠠᠷᠢᠴᠠᠯ ᠪᠠ ᠲᠥᠷᠥᠯ ᠵᠦᠢᠯ ᠨᠢ GB2760 — 2014 ᠣᠨ ᠤ ︽ᠢᠳᠡᠭᠡᠨ ᠤ ᠠᠶᠦᠯᠭᠦᠢ ᠶᠢᠨ ᠤᠯᠤᠰ ᠤᠨ ᠪᠠᠷᠢᠮᠵᠢᠶ᠎ᠠ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦᠨ ᠤ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠰᠤᠳᠤᠯᠭᠠᠨ ᠤ ᠬᠦᠷᠢᠶᠡᠯᠡᠩ᠃       ︵ᠬᠤᠶᠠᠷ︶ ᠬᠢᠷᠢ ᠲᠡᠩᠴᠡᠬᠦ ᠦᠭᠡᠢ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ       ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠮᠧᠩ ᠰᠢᠶᠠᠩ ᠢᠳᠡᠭᠡᠨ ᠤ ᠦᠢᠯᠡᠳᠪᠦᠷᠢ ᠶᠢᠨ ᠦᠢᠯᠡᠳᠪᠦᠷᠢᠯᠡᠭᠰᠡᠨ ᠭᠡᠷ ᠤᠨ ᠮᠠᠳᠠᠢ ᠶᠢᠨ ᠲᠣᠯᠣᠭᠠᠢ ᠢᠯᠵᠢᠷᠡᠬᠦ ᠶᠢ ᠰᠡᠷᠭᠡᠶᠢᠯᠡᠬᠦ ᠡᠳ᠋ ᠢ ᠬᠤᠯᠢᠯᠳᠤᠭᠤᠯᠤᠨ ᠬᠡᠷᠡᠭᠯᠡᠬᠦ ᠦᠶᠡᠰ᠂ ᠲᠤᠰ ᠲᠤᠰ ᠤᠨ ᠬᠡᠷᠡᠭᠯᠡᠬᠦ ᠬᠡᠮᠵᠢᠶ᠎ᠡ ᠶᠢᠨ ᠬᠠᠮᠤᠭ ᠶᠡᠭᠡ ᠬᠡᠷᠡᠭᠯᠡᠬᠦ ᠬᠡᠮᠵᠢᠶ᠎ᠡ ᠶᠢᠨ ᠡᠵᠡᠯᠡᠬᠦ ᠬᠠᠷᠢᠴᠠᠯ ᠪᠠ ᠲᠥᠷᠥᠯ ᠵᠦᠢᠯ ᠨᠢ GB2760 — 2014 ︽ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠᠷᠢᠮᠵᠢᠶ᠎ᠠ︾᠎ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠠᠵᠢᠯᠯᠠᠭ᠎ᠠ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠵᠢᠵᠢᠭ ᠬᠤᠭᠤᠯᠠᠨ ᠭᠡᠷ ᠤᠨ ᠵᠢᠵᠢᠭ ᠢᠳᠡᠭᠡᠨ ᠤᠮᠳᠠᠭᠠᠨ ᠤ ᠳᠡᠯᠭᠡᠭᠦᠷ ᠤᠨ ᠵᠢᠵᠢᠭ ᠢᠳᠡᠭᠡᠨ ᠤᠮᠳᠠᠭᠠᠨ ᠤ ᠳᠡᠯᠭᠡᠭᠦᠷ ᠪᠠ ᠢᠳᠡᠭᠡᠨ ᠤ ᠵᠢᠵᠢᠭ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾᠎ ᠤᠨ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ ᠵᠤᠷᠪᠤᠰ ᠤᠨ ︵ᠭᠤᠷᠪᠠᠳᠤᠭᠠᠷ︶ ᠪᠣᠯᠣᠨ ᠭᠤᠴᠢᠨ ᠭᠤᠷᠪᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ︵ᠳᠥᠷᠪᠡᠳᠦᠭᠡᠷ︶ ᠵᠤᠷᠪᠤᠰ ᠤᠨ ᠲᠣᠭᠲᠠᠭᠠᠯ ᠢ ᠵᠥᠷᠢᠴᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠵᠢᠵᠢᠭ ᠢᠳᠡᠭᠡᠨ ᠤ ᠳᠡᠯᠭᠡᠭᠦᠷ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾᠎ ᠤᠨ ᠲᠠᠪᠢᠳᠤᠭᠠᠷ ᠵᠦᠢᠯ ᠤᠨ ᠨᠢᠭᠡᠳᠦᠭᠡᠷ ᠵᠤᠷᠪᠤᠰ ᠪᠣᠯᠣᠨ ᠲᠠᠪᠢᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠲᠤᠬᠠᠢ ᠶᠢᠨ ᠬᠥᠮᠥᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠦᠨᠳᠦ ᠰᠢᠢᠳᠭᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠲᠠᠰᠤᠯᠬᠤ ᠡᠷᠬᠡ︾᠎ ᠤᠨ ᠠᠷᠪᠠᠨ ᠵᠢᠷᠭᠤᠳᠤᠭᠠᠷ ᠵᠦᠢᠯ ᠤᠨ ᠲᠣᠭᠲᠠᠭᠠᠯ ᠶᠣᠰᠣᠭᠠᠷ ᠳᠠᠷᠤᠶᠢᠬᠠᠨ ᠵᠠᠯᠠᠷᠠᠭᠤᠯᠬᠤ ᠠᠵᠢᠯᠯᠠᠭ᠎ᠠ ᠶᠢ ᠪᠠᠶᠢᠴᠠᠭᠠᠨ ᠵᠠᠯᠠᠷᠠᠭᠤᠯᠬᠤ ᠪᠠᠷ ᠲᠣᠭᠲᠠᠪᠠ᠃ ︵ᠭᠤᠷᠪᠠᠳᠤᠭᠠᠷ ᠡᠲᠡᠭᠡᠳ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠳᠠᠷᠤᠶᠢᠬᠠᠨ ᠵᠠᠯᠠᠷᠠᠭᠤᠯᠬᠤ ᠬᠡᠷᠡᠭᠲᠡᠢ ᠭᠡᠵᠦ ᠲᠣᠭᠲᠠᠭᠠᠪᠠ ︵ᠭᠤᠴᠢᠨ ᠳᠥᠷᠪᠡᠳᠦᠭᠡᠷ︶᠎ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠳᠠᠷᠤᠶᠢᠬᠠᠨ ᠵᠠᠯᠠᠷᠠᠭᠤᠯᠬᠤ ᠬᠡᠷᠡᠭᠲᠡᠢ᠃ ︵ᠭᠤᠴᠢᠨ ᠳᠥᠷᠪᠡᠳᠦᠭᠡᠷ ᠵᠦᠢᠯ︶ ② ᠡᠯ᠎ᠡ ᠵᠦᠢᠯ ᠤᠨ ᠦᠢᠯᠡᠳᠪᠦᠷᠢᠯᠡᠵᠦ ᠪᠤᠯᠪᠠᠰᠤᠷᠠᠭᠤᠯᠬᠤ ᠲᠡᠮᠳᠡᠭᠯᠡᠯ ᠢ ᠦᠨᠡᠨ ᠮᠥᠨ ᠢᠶᠠᠷ ᠨᠢ ᠲᠡᠮᠳᠡᠭᠯᠡᠬᠦ ᠶᠢᠨ ᠬᠠᠮᠲᠤ ᠳᠣᠣᠷᠠᠬᠢ ᠵᠠᠰᠠᠭ ᠵᠠᠬᠢᠷᠭᠠᠨ ᠤ ᠰᠢᠢᠳᠬᠡᠯ ᠢ ᠭᠠᠷᠭᠠᠭᠰᠠᠨ ᠪᠠᠶᠢᠬᠤ ᠬᠡᠷᠡᠭᠲᠡᠢ᠄ 1. ᠵᠠᠷᠯᠢᠭᠳᠠᠵᠤ ᠪᠠᠶᠢᠭᠠᠳ ᠠᠵᠢᠯ ᠢ ᠨᠢ ᠵᠣᠭᠰᠣᠭᠠᠨ ᠴᠡᠭᠴᠡᠯᠡᠭᠦᠯᠬᠦ ᠠᠵᠢᠯ ᠢ ᠨᠢ 30 ᠡᠳᠦᠷ ︵ᠰᠢᠢᠳᠬᠡᠯ ᠥᠭᠬᠦ ᠲᠣᠭᠲᠠᠭᠠᠯ ᠢ ᠬᠦᠷᠭᠡᠭᠰᠡᠨ ᠡᠳᠦᠷ ᠠᠴᠠ ᠡᠬᠢᠯᠡᠵᠦ ᠪᠤᠳᠣᠨ᠎ᠠ︶︔ 2. ᠬᠠᠤᠯᠢ ᠪᠤᠰᠤ ᠣᠷᠣᠯᠭ᠎ᠠ ᠶᠢ ᠨᠢ 320 ᠲᠥᠭᠦᠷᠢᠭ ᠬᠤᠷᠢᠶᠠᠨ ᠠᠪᠤᠨ᠎ᠠ︔ 3. ᠦᠢᠯᠡᠳᠪᠦᠷᠢᠯᠡᠵᠦ ᠡᠳ᠋ᠰᠢᠭᠦᠯᠦᠭᠰᠡᠨ ᠢ ᠦᠨᠡᠨ ᠮᠥᠨ ᠢᠶᠠᠷ ᠨᠢ ᠲᠡᠮᠳᠡᠭᠯᠡᠭᠰᠡᠨ ᠦᠭᠡᠢ ᠡᠯ᠎ᠡ ᠵᠦᠢᠯ ᠤᠨ ᠦᠢᠯᠡ ᠠᠵᠢᠯᠯᠠᠭ᠎ᠠ ᠶᠢ 8000 ᠲᠥᠭᠦᠷᠢᠭ ᠵᠣᠭᠤᠰ ᠢᠶᠠᠷ ᠲᠣᠷᠭᠠᠨ᠎ᠠ ; 4. ᠢᠳᠡᠭᠡᠨ ᠤ ᠨᠡᠮᠡᠯᠲᠡ ᠡᠳ᠋ ᠤᠨ ᠪᠠᠷᠢᠮᠵᠢᠶ᠎ᠠ ᠠᠴᠠ ᠬᠡᠲᠦᠷᠡᠭᠰᠡᠨ ᠢᠳᠡᠭᠡᠨ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ 18000 ᠲᠥᠭᠦᠷᠢᠭ ᠵᠣᠭᠤᠰ ᠢᠶᠠᠷ ᠲᠣᠷᠭᠠᠨ᠎ᠠ᠃       ᠣᠨᠴᠠᠭᠠᠶᠢᠯᠠᠨ ᠮᠡᠳᠡᠭᠳᠡᠯ      ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号