| | | | ᠨᠥᠬᠦᠳ ᠠ᠋᠂ ᠨᠠᠶᠢᠵᠠ ᠨᠠᠷ ᠠ᠋᠄ | ᠠᠷᠠᠳ ᠤᠨ ᠠᠮᠢᠳᠤᠷᠠᠯ ᠳᠤ ᠪᠠᠭ᠎ᠠ ᠶᠠᠪᠤᠳᠠᠯ ᠭᠡᠵᠦ ᠪᠠᠶᠢᠳᠠᠭ ᠦᠭᠡᠢ᠃ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠢᠮᠠᠭᠲᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠶᠢ ᠡᠯ᠎ᠡ | ᠲᠦᠷᠦᠯ ᠤᠨ ᠠᠵᠢᠯ ᠤᠨ ᠢᠶᠠᠨ ᠵᠣᠷᠢᠯᠲᠠ ᠪᠤᠯᠭᠠᠵᠤ᠂ ᠲᠡᠳᠡᠨ ᠤ ᠠᠩᠬᠠᠷᠤᠨ ᠬᠠᠯᠠᠮᠵᠢᠯᠠᠵᠤ ᠪᠠᠶᠢᠭ᠎ᠠ ᠶᠠᠷᠰᠢᠭ | ᠲᠦᠪᠡᠭ ᠲᠠᠢ ᠶᠠᠪᠤᠳᠠᠯ᠂ ᠰᠠᠨᠠᠭᠠᠰᠢᠷᠠᠵᠤ ᠪᠠᠶᠢᠳᠠᠭ ᠶᠠᠪᠤᠳᠠᠯ ᠢ ᠴᠢᠷᠮᠠᠶᠢᠨ ᠰᠢᠢᠳᠪᠦᠷᠢᠯᠡᠵᠦ ᠥᠭᠳᠡᠭ᠃ ᠡᠨᠡ | ᠵᠢᠯ ᠤᠨ ᠡᠬᠢ ᠪᠠᠷ᠂ ᠪᠢᠳ᠋ᠨ ᠤᠯᠠᠨ ᠲᠦᠮᠡᠨ ᠳᠤ ᠠᠮᠠᠯᠳᠠᠭᠰᠠᠨ ᠠᠷᠠᠳ ᠤᠨ ᠠᠮᠢᠳᠤᠷᠠᠯ ᠳᠤ ᠬᠤᠯᠪᠣᠭᠳᠠᠭᠰᠠᠨ 24 | ᠵᠦᠢᠯ ᠤᠨ ᠪᠣᠳᠠᠲᠤ ᠶᠠᠪᠤᠳᠠᠯ ᠨᠡᠶᠢᠭᠡᠮ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠤ ᠥᠷᠭᠡᠨ ᠳᠡᠮᠵᠢᠯᠭᠡ | ᠪᠠ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠣᠳᠣᠬᠠᠨ ᠳᠤ ᠤᠷᠤᠭᠰᠢᠲᠠᠢ | ᠶᠠᠪᠤᠭᠳᠠᠵᠤ᠂ ᠵᠢᠯ ᠤᠨ ᠡᠴᠦᠰ ᠪᠤᠯᠬᠤ ᠠᠴᠠ ᠡᠮᠦᠨ᠎ᠡ ᠪᠦᠭᠦ ᠲᠠᠯ᠎ᠠ ᠪᠠᠷ ᠪᠡᠶᠡᠯᠡᠭᠦᠯᠬᠦ ᠪᠣᠯᠣᠨ᠎ᠠ᠃ | ᠠᠷᠠᠳ ᠤᠯᠠᠨ ᠤ ᠬᠦᠰᠡᠯ ᠡᠷᠡᠮᠡᠯᠵᠡᠯ ᠪᠣᠯᠪᠠᠰᠤ ᠵᠠᠰᠠᠭ ᠲᠦᠷᠦ ᠶᠢᠨ ᠬᠠᠨᠳᠤᠰᠢ ᠪᠣᠯᠣᠮᠤᠢ᠃ | ᠣᠳᠣᠬᠠᠨ ᠳᠤ᠂ ᠠᠯᠠᠱᠠ ᠠᠶᠢᠮᠠᠭ ᠤᠨ ᠡᠯ᠎ᠡ ᠱᠠᠲᠤᠨ ᠤ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠠᠳᠬᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠬᠥᠭᠵᠢᠯᠲᠡ ᠶᠢ ᠠᠬᠢᠭᠤᠯᠤᠨ᠂ ᠠᠯᠠᠱᠠ ᠶᠢᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ ᠪᠠᠶᠢᠨ᠎ᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠤᠯᠤᠨ᠂ 2025 ᠣᠨ ᠳᠤ ᠠᠯᠠᠱᠠ ᠠᠶᠢᠮᠠᠭ ᠠᠷᠠᠳ ᠤᠯᠠᠨ ᠳᠠᠭᠠᠨ ᠨᠢᠭᠡ | ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠦᠷᠭᠦᠯᠵᠢᠯᠡᠨ ᠬᠢᠬᠦ ᠪᠣᠯᠣᠨ᠎ᠠ᠃ ᠤᠯᠠᠨ ᠲᠦᠮᠡᠨ ᠳᠤ | ᠲᠤᠯᠭᠠᠷᠠᠭᠰᠠᠨ ᠪᠠᠴᠢᠮ ᠲᠤᠯᠭᠠᠮ ᠠᠰᠠᠭᠤᠳᠠᠯ ᠢ ᠨᠡᠩ ᠣᠨᠣᠪᠴᠢᠲᠠᠢ ᠡᠵᠡᠮᠰᠢᠵᠦ ᠣᠶᠢᠯᠠᠭᠠᠬᠤ ᠪᠠᠷ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭ᠎ᠠ ᠶᠢᠨ ᠬᠢᠨ ᠨᠡᠶᠢᠭᠡᠮ ᠤᠨ ᠡᠯ᠎ᠡ ᠡᠲᠡᠭᠡᠳ ᠪᠣᠯᠣᠨ ᠤᠯᠠᠨ ᠲᠦᠮᠡᠨ ᠠᠴᠠ ᠰᠠᠨᠠᠯ | ᠰᠠᠨᠠᠭᠤᠯᠭ᠎ᠠ ᠬᠤᠷᠢᠶᠠᠵᠤ ᠪᠠᠶᠢᠨ᠎ᠠ᠃ ᠤᠯᠠᠨ ᠢᠶᠠᠷ ᠢᠶᠠᠨ ᠢᠳᠡᠪᠬᠢᠲᠡᠢ ᠣᠷᠣᠯᠴᠠᠵᠤ᠂ ᠠᠷᠭ᠎ᠠ ᠤᠬᠠᠭᠠᠨ ᠭᠠᠷᠭᠠᠨ᠂ | ᠪᠢᠳᠡᠨ ᠢ ᠬᠠᠪᠰᠤᠷᠤᠨ ᠠᠷᠠᠳ ᠤᠨ ᠰᠠᠨᠠᠭᠠᠨ ᠳᠤ ᠨᠡᠶᠢᠴᠡᠭᠰᠡᠨ ᠠᠵᠢᠯ ᠢ ᠤᠯᠠᠨ ᠬᠢᠵᠦ᠂ ᠡᠯᠪᠡᠭ ᠦᠷ᠎ᠡ ᠪᠦᠲᠦᠮᠵᠢ | ᠣᠯᠬᠤ ᠶᠢ ᠬᠦᠰᠡᠵᠦ ᠪᠠᠶᠢᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠢᠨ ᠤᠯᠠᠨ ᠤ ᠰᠠᠨᠠᠭᠤᠯᠭ᠎ᠠ ᠶᠢ | ᠭᠦᠢᠴᠡᠳ ᠪᠣᠳᠣᠯᠬᠢᠯᠠᠨ᠂ ᠨᠢᠭᠡᠳᠦᠯᠲᠡᠢ ᠲᠥᠯᠥᠪᠵᠢᠭᠦᠯᠦᠨ ᠰᠤᠳᠤᠯᠵᠤ᠂ ᠨᠠᠷᠢᠨ ᠬᠢᠨᠠᠮᠠᠭᠠᠢ ᠪᠠᠶᠢᠴᠠᠭᠠᠨ ᠰᠤᠳᠤᠯᠵᠤ | ᠨᠤᠲᠠᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠯᠠᠨ ᠤ ᠬᠦᠰᠡᠵᠦ ᠪᠠᠶᠢᠭ᠎ᠠ ᠶᠠᠪᠤᠳᠠᠯ ᠢ | ᠪᠣᠳᠠᠲᠠᠶᠢᠴᠢᠯᠠᠨ ᠬᠢᠵᠦ᠂ ᠰᠠᠶᠢᠲᠤᠷ ᠬᠢᠵᠦ᠂ ᠬᠠᠨᠤᠮᠵᠢᠲᠠᠢ ᠬᠢᠵᠦ᠂ ᠠᠯᠠᠱᠠ ᠠᠶᠢᠮᠠᠭ ᠤᠨ ᠠᠷᠠᠳ ᠲᠦᠮᠡᠨ ᠳᠤ | ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠡᠷᠬᠡ ᠲᠡᠭᠰᠢ ᠭᠤᠣᠯᠴᠢ ᠪᠠᠷ ᠡᠳ᠋ᠯᠡᠭᠦᠯᠭᠦ ᠪᠠᠷ | ᠴᠢᠷᠮᠠᠶᠢᠨ᠎ᠠ᠃ | ᠠᠯᠠᠱᠠ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ | ᠠᠯᠠᠱᠠ ᠠᠶᠢᠮᠠᠭ ᠤᠨ ᠳᠠᠷᠤᠭ᠎ᠠ ᠪᠠᠢ ᠬᠠᠢ ᠯᠢᠨ | 2024 ᠣᠨ ᠤ 11 ᠰᠠᠷ᠎ᠠ ᠶᠢᠨ 15 ᠤ ᠡᠳᠦᠷ | | ᠰᠠᠨᠠᠯ ᠬᠤᠷᠢᠶᠠᠬᠤ ᠴᠠᠭ | 2024 ᠣᠨ ᠤ 11 ᠰᠠᠷ᠎ᠠ ᠶᠢᠨ 15 ᠤ ᠡᠳᠦᠷ - 2024 ᠣᠨ ᠤ 12 ᠰᠠᠷ᠎ᠠ ᠶᠢᠨ 15 ᠤ | ᠡᠳᠦᠷ᠃ | ᠰᠠᠨᠠᠯ ᠬᠤᠷᠢᠶᠠᠬᠤ ᠠᠷᠭ᠎ᠠ ᠮᠠᠶ᠋ᠢᠭ | ᠭᠤᠣᠯᠳᠠᠭᠤ ᠵᠠᠬᠢᠳᠠᠯ᠂ ᠢᠮᠧᠯ᠂ ᠳ᠋ᠢᠶᠠᠩᠬᠤᠸᠠ᠂ ᠢᠨᠲ᠋ᠧᠷ ᠰᠦᠯᠵᠢᠶ᠎ᠡ ᠶᠢᠨ ᠠᠰᠠᠭᠤᠯᠲᠠ ᠶᠢᠨ | ᠬᠠᠭᠤᠳᠠᠰᠤ ᠶᠢᠨ ᠭᠡᠯᠪᠡᠷᠢ ᠪᠠᠷ ᠰᠠᠨᠠᠯ ᠬᠤᠷᠢᠶᠠᠨ᠎ᠠ᠃ ᠡᠭᠦᠨ ᠳᠤ ᠬᠠᠷᠢᠯᠴᠠᠬᠤ ᠳᠤ ᠲᠦᠭᠦᠮ ᠪᠠ ᠤᠯᠠᠮ ᠨᠢᠭᠡ | ᠠᠯᠬᠤᠮ ᠰᠠᠨᠠᠯ ᠬᠤᠷᠢᠶᠠᠬᠤ ᠶᠢ ᠪᠣᠳᠣᠯᠬᠢᠯᠠᠵᠤ᠂ ᠰᠠᠨᠠᠯ ᠳᠤᠷᠠᠳᠤᠭᠰᠠᠳ ᠣᠪᠣᠭ ᠨᠡᠷ᠎ᠡ᠂ ᠬᠠᠷᠢᠯᠴᠠᠬᠤ ᠤᠲᠠᠰᠤ ᠪᠠᠨ | ᠲᠣᠳᠣᠷᠬᠠᠶᠢᠯᠠᠬᠤ ᠶᠢ ᠰᠠᠨᠠᠭᠤᠯᠵᠤ ᠪᠠᠶᠢᠨ᠎ᠠ᠃ | ᠵᠠᠬᠢᠳᠠᠯ ᠢᠷᠡᠭᠦᠯᠬᠦ ᠬᠠᠶ᠋ᠢᠭ᠄ ᠠᠯᠠᠱᠠ ᠠᠶᠢᠮᠠᠭ ᠤᠨ ᠨᠠᠮ ᠵᠠᠰᠠᠭ ᠤᠨ ᠲᠣᠮᠣ ᠠᠰᠠᠷ ᠤᠨ 1708 | ᠠᠯᠪᠠᠨ ᠭᠡᠷ᠃ | ᠢᠮᠧᠯ᠄ mwbjgdw@163.com᠃ | ᠵᠠᠬᠢᠳᠠᠯ ᠪᠠ ᠢᠮᠧᠯ ᠳᠡᠭᠡᠨ ︽ᠠᠷᠠᠳ ᠲᠤ ᠪᠡᠶᠡᠯᠡᠭᠦᠯᠬᠦ ᠪᠣᠳᠠᠲᠤ ᠶᠠᠪᠤᠳᠠᠯ ᠤᠨ ᠴᠤᠭᠯᠠᠭᠤᠯᠭ᠎ᠠ ᠳᠤ | ᠥᠭᠬᠦ ᠰᠠᠨᠠᠭᠤᠯᠭ᠎ᠠ︾ ᠭᠡᠬᠦ ᠦᠰᠦᠭ ᠢ ᠲᠣᠳᠣᠷᠬᠠᠶᠢᠯᠠᠨ ᠪᠢᠴᠢᠬᠦ ᠶᠢ ᠨᠠᠶᠢᠳᠠᠵᠤ ᠪᠠᠶᠢᠨ᠎ᠠ᠃ | ᠤᠲᠠᠰᠤ᠄ 0483 - 12345 ᠳᠤ ᠤᠲᠠᠰᠤᠳᠠᠵᠤ ᠰᠠᠨᠠᠭᠤᠯᠭ᠎ᠠ ᠪᠠᠨ ᠳᠤᠷᠠᠳᠤᠭᠠᠷᠠᠢ᠃ | ᠰᠦᠯᠵᠢᠶ᠎ᠡ ᠪᠠᠷ ᠰᠠᠨᠠᠭᠤᠯᠭ᠎ᠠ ᠡᠯᠰᠡᠨ᠎ᠡ᠃ ᠳᠣᠣᠷ᠎ᠠ ᠲᠠᠯ᠎ᠠ ᠶᠢᠨ ᠮᠡᠷᠭᠡᠨ ᠴᠣᠬᠤᠷ ᠢ ᠰᠢᠷᠪᠢᠵᠦ | ᠰᠠᠨᠠᠭᠤᠯᠭ᠎ᠠ ᠪᠠᠨ ᠲᠤᠰᠢᠶᠠᠭᠠᠷᠠᠢ᠃ | |