ᠮᠠᠲ᠋ᠧᠷᠢᠶᠠᠯ ᠤᠨ ᠳ᠋ᠤᠭᠠᠷ᠄ 11152921011765439 E / 2024 -020 62 | ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ | ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ | ᠠᠩᠭᠢᠯᠠᠯ᠄ ᠮᠡᠳᠡᠭᠳᠡᠯ | | ᠵᠠᠬ᠎ᠠ ᠳᠡᠯᠭᠡᠭᠦᠷ ᠤᠨ ᠡᠯ᠎ᠡ ᠪᠡᠶᠡᠴᠢ ᠴᠣᠭᠴᠠ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ᠄ | ︽ᠢᠨᠲ᠋ᠧᠷ ᠰᠦᠯᠵᠢᠶ᠎ᠡ + ᠲᠣᠭᠲᠠᠮᠠᠯ ᠬᠥᠷᠥᠩᠭᠡ ᠶᠢ ᠳᠠᠩᠰᠠᠯᠠᠬᠤ︾ ᠶᠢ ᠭᠦᠨᠵᠡᠭᠡᠢ ᠲᠦᠯᠬᠢᠨ | ᠠᠬᠢᠭᠤᠯᠵᠤ᠂ ᠦᠨᠡᠮᠯᠡᠯ ᠢ ᠴᠥᠭᠡᠳᠬᠡᠨ ᠠᠷᠠᠳ ᠲᠤ ᠳᠥᠭᠦᠮ ᠦᠵᠡᠭᠦᠯᠭᠦ ᠶᠢᠨ ᠲᠥᠯᠥᠭᠡ᠂ ︽ᠢᠨᠲ᠋ᠧᠷ | ᠰᠦᠯᠵᠢᠶ᠎ᠡ + ᠲᠣᠭᠲᠠᠮᠠᠯ ᠬᠥᠷᠥᠩᠭᠡ ᠶᠢ ᠳᠠᠩᠰᠠᠯᠠᠬᠤ︾ ᠶᠢ ᠬᠠᠮᠵᠢᠯᠴᠠᠨ ᠠᠬᠢᠭᠤᠯᠵᠤ ᠠᠵᠤ ᠠᠬᠤᠶᠢᠯᠠᠯ ᠪᠣᠯᠣᠨ | ᠣᠯᠠᠨ ᠲᠦᠮᠡᠨ ᠤ ᠬᠡᠷᠡᠭ ᠭᠦᠢᠴᠡᠳᠬᠡᠬᠦ ᠳᠤ ᠳᠥᠭᠦᠮ ᠦᠵᠡᠭᠦᠯᠭᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠳᠤᠮᠳᠠᠳᠤ ᠤᠯᠤᠰ ᠤᠨ ᠪᠠᠩᠬᠢ ᠶᠢᠨ | ᠳᠠᠭᠠᠳᠬᠠᠯ ᠤᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠰᠠᠨᠠᠯ︾ ︵ᠪᠠᠶᠢᠭᠠᠯᠢ ᠶᠢᠨ ᠡᠬᠢ ᠪᠠᠶᠠᠯᠢᠭ ᠲᠠᠷᠬᠠᠭᠠᠭᠰᠠᠨ | ﹇2020﹈ 83 ᠳ᠋ᠤᠭᠠᠷ ᠲᠣᠭᠠᠲᠤ︶ ᠶᠢᠨ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ | ᠮᠠᠨ ᠤ ᠬᠤᠰᠢᠭᠤᠨ ᠤ ᠴᠠᠬᠢᠮ ᠮᠠᠲ᠋ᠧᠷᠢᠶᠠᠯ ᠢ ᠬᠡᠷᠡᠭᠯᠡᠨ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠤᠬᠠᠶᠢᠯᠠᠭᠰᠠᠨ | ᠠᠵᠢᠯ ᠢ ᠭᠦᠢᠴᠡᠳᠬᠡᠬᠦ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄ | ᠠᠯᠠᠱᠠ ᠵᠡᠭᠦᠨ ᠬᠤᠰᠢᠭᠤᠨ ᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠲᠤ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ᠂ ᠭᠠᠶᠢᠯᠢ ᠭᠤᠶᠤᠴᠢᠯᠠᠨ ᠮᠡᠳᠡᠭᠦᠯᠬᠦ ᠪᠠ ᠵᠢᠭᠡᠯᠡᠯᠭᠡ ᠲᠠᠯᠪᠢᠬᠤ ᠵᠡᠷᠭᠡ ᠦᠢᠯᠡᠴᠢᠯᠡᠭᠡ | ᠳᠤᠮᠳᠠ ᠴᠠᠬᠢᠮ ᠭᠠᠷ ᠤᠨ ᠦᠰᠦᠭ᠂ ᠴᠠᠬᠢᠮ ᠲᠠᠮᠠᠭ᠎ᠠ᠂ ᠴᠠᠬᠢᠮ ᠭᠡᠷ᠎ᠡ᠂ ᠴᠠᠬᠢᠮ ᠦᠨᠡᠮᠯᠡᠯ ᠤᠨ ᠭᠡᠷᠡᠴᠢ ᠶᠢ | ᠬᠡᠷᠡᠭᠯᠡᠵᠦ ᠪᠣᠯᠣᠨ᠎ᠠ᠂ ᠲᠣᠭᠲᠠᠭᠰᠠᠨ ᠨᠥᠬᠦᠴᠡᠯ ᠳᠤ ᠨᠡᠶᠢᠴᠡᠬᠦ ᠴᠠᠬᠢᠮ ᠭᠠᠷ ᠤᠨ ᠦᠰᠦᠭ ᠪᠠ ᠭᠠᠷ ᠢᠶᠠᠷ ᠭᠠᠷ ᠤᠨ | ᠦᠰᠦᠭ ᠵᠢᠷᠤᠬᠤ ᠪᠤᠶᠤ ᠲᠠᠮᠠᠭ᠎ᠠ ᠳᠠᠷᠤᠬᠤ᠂ ᠴᠠᠬᠢᠮ ᠲᠠᠮᠠᠭ᠎ᠠ ᠨᠢ ᠪᠣᠳᠠᠲᠤ ᠪᠣᠳᠠᠰ ᠤᠨ ᠲᠠᠮᠠᠭ᠎ᠠ ᠲᠠᠢ ᠠᠳᠠᠯᠢᠬᠠᠨ | ᠬᠠᠤᠯᠢ ᠶᠢᠨ ᠬᠦᠴᠦᠨ ᠲᠠᠢ᠂ ᠴᠠᠬᠢᠮ ᠭᠠᠷ ᠤᠨ ᠦᠰᠦᠭ ᠵᠢᠷᠤᠭᠰᠠᠨ ᠪᠤᠶᠤ ᠴᠠᠬᠢᠮ ᠲᠠᠮᠠᠭ᠎ᠠ ᠳᠠᠷᠤᠭᠰᠠᠨ ᠴᠠᠬᠢᠮ | ᠮᠠᠲ᠋ᠧᠷᠢᠶᠠᠯ ᠨᠢ ᠬᠠᠤᠯᠢ ᠶᠣᠰᠣᠨ ᠳᠤ ᠨᠡᠶᠢᠴᠡᠨ᠎ᠡ᠂ ᠬᠠᠮᠲᠤᠪᠠᠷ ᠬᠦᠷᠲᠡᠵᠦ ᠣᠯᠣᠭᠰᠠᠨ ᠮᠡᠳᠡᠭᠡ ᠵᠠᠩᠭᠢ ᠵᠢᠴᠢ | ᠲᠤᠬᠠᠢ ᠶᠢᠨ ᠬᠥᠮᠥᠨ ᠤ ᠲᠤᠰᠢᠶᠠᠭᠰᠠᠨ ᠴᠠᠬᠢᠮ ᠮᠠᠲ᠋ᠧᠷᠢᠶᠠᠯ ᠢᠶᠠᠷ ᠳᠠᠮᠵᠢᠨ ᠬᠡᠷᠡᠭ ᠡᠷᠭᠢᠯᠡᠭᠦ ᠦᠨᠳᠦᠰᠦᠯᠡᠯ ᠪᠤᠯᠭᠠᠵᠤ | ᠪᠣᠯᠣᠨ᠎ᠠ᠃ | ᠣᠨᠴᠠᠭᠠᠶᠢᠯᠠᠨ ᠮᠡᠳᠡᠭᠳᠡᠪᠡ᠃ | |