ᠠᠯᠠᠱᠠ ᠵᠡᠭᠦᠨ ᠬᠤᠰᠢᠭᠤᠨ ᠤ ᠶᠢᠩ ᠬᠠᠢ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠪᠠ ᠠᠯᠠᠱᠠ ᠵᠡᠭᠦᠨ ᠬᠤᠰᠢᠭᠤᠨ ᠤ ᠬᠠᠢ ᠯᠦᠩ ᠴᠢᠯᠠᠭᠤᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠯᠲᠠ ᠶᠢ ᠪᠠᠷᠢᠮᠵᠢᠶ᠎ᠠ ᠳᠤ ᠬᠦᠷᠭᠡᠬᠦ ᠲᠤᠬᠠᠢ ᠠᠯᠠᠱᠠ ᠵᠡᠭᠦᠨ ᠬᠤᠰᠢᠭᠤᠨ ᠤ ᠬᠠᠢ ᠯᠦᠩ ᠴᠢᠯᠠᠭᠤᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ᠶᠢᠨ ᠠᠯᠪᠠᠨ ᠵᠠᠷ
ᠨᠡᠶᠢᠲᠡᠯᠡᠭᠰᠡᠨ ᠴᠠᠭ᠄
2024/12/31
              ︽ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠦᠨᠳᠦᠰᠦᠨ ᠵᠢᠷᠤᠮᠵᠢᠯ︾ ︵GB/ T3300 - 2016︶᠂ ︽ᠲᠡᠮᠦᠷᠯᠢᠭ ᠬᠠᠶᠢᠯᠤᠭᠤᠯᠬᠤ ᠵᠡᠷᠭᠡ ᠠᠵᠤ ᠦᠢᠯᠡᠳᠪᠦᠷᠢ ᠠᠷᠠᠯᠵᠢᠶᠠᠨ ᠤ ᠠᠵᠢᠯ ᠲᠥᠷᠥᠯ ᠤᠨ ᠵᠢᠵᠢᠭ ᠪᠢᠴᠢᠯ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠰᠢᠯᠭᠠᠨ ᠲᠣᠭᠲᠠᠭᠠᠬᠤ ᠪᠠᠷᠢᠮᠵᠢᠶ᠎ᠠ ᠶᠢ ᠬᠡᠪᠯᠡᠨ ᠶᠠᠪᠤᠭᠤᠯᠬᠤ ᠲᠤᠬᠠᠢ ᠮᠡᠳᠡᠭᠳᠡᠯ︾ ︵ᠠᠶᠦᠯᠭᠦᠢ ᠦᠢᠯᠡᠳᠪᠦᠷᠢᠯᠡᠯ ᠤᠨ ᠶᠡᠷᠦᠩᠬᠡᠢ ᠬᠠᠮᠢᠶᠠᠷᠤᠯᠲᠠ ᠶᠢᠨ ᠳᠥᠷᠪᠡᠳᠦᠭᠡᠷ ︵2014︶ 17 ᠳ᠋ᠤᠭᠠᠷ ᠲᠣᠭᠠᠲᠤ︶᠂ ︽ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠳᠡᠰ ᠲᠣᠭᠲᠠᠭᠠᠬᠤ ᠠᠷᠭ᠎ᠠ︾ ︵ᠪᠠᠴᠢᠮ ᠪᠠᠶᠢᠳᠠᠯ ᠢ ᠲᠦᠷᠭᠡᠨ ᠠᠷᠭᠠᠴᠠᠭᠠᠬᠤ ﹇2011﹈ 83 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠵᠤ ᠠᠬᠤᠶᠢᠯᠠᠯ ᠭᠤᠶᠤᠴᠢᠯᠠᠵᠤ᠂ ᠬᠢᠨᠠᠨ ᠲᠣᠭᠲᠠᠭᠠᠬᠤ ᠨᠢᠭᠡᠴᠢ ᠲᠤᠬᠠᠢ ᠶᠢᠨ ᠲᠠᠯᠠᠪᠠᠢ ᠳᠤ ᠬᠢᠨᠠᠨ ᠲᠣᠭᠲᠠᠭᠠᠬᠤ ᠪᠠᠷ ᠳᠠᠮᠵᠢᠭᠠᠳ᠂ ᠡᠳᠦᠭᠡ ᠠᠯᠠᠱᠠ ᠵᠡᠭᠦᠨ ᠬᠤᠰᠢᠭᠤᠨ ᠤ ᠬᠠᠢ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ︵ᠱᠦᠢᠨᠢ ᠦᠢᠯᠡᠳᠪᠦᠷᠢᠯᠡᠬᠦ ᠠᠵᠤ ᠠᠬᠤᠶᠢᠯᠠᠯ︶ ᠪᠣᠯᠣᠨ ᠠᠯᠠᠱᠠ ᠵᠡᠭᠦᠨ ᠬᠤᠰᠢᠭᠤᠨ ᠤ ᠬᠠᠢ ᠯᠦᠩ ᠴᠢᠯᠠᠭᠤᠨ ᠮᠠᠲ᠋ᠧᠷᠢᠶᠠᠯ ᠤᠨ ᠬᠢᠵᠠᠭᠠᠷᠲᠤ ᠺᠤᠮᠫᠠᠨᠢ ︵ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ ᠲᠥᠷᠥᠯ ᠵᠦᠢᠯ︶᠎ ᠨᠢ ᠲᠡᠮᠦᠷᠯᠢᠭ ᠪᠤᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ ᠶᠢᠨ ᠠᠵᠢᠯ ᠲᠥᠷᠥᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠬᠠᠷᠠᠯᠲᠠ ᠳᠤ ᠭᠦᠷᠦᠭᠰᠡᠨ ᠡᠳᠦᠷ ᠠᠴᠠ ᠡᠬᠢᠯᠡᠨ ᠭᠤᠷᠪᠠᠨ ᠵᠢᠯ ᠤᠨ ᠬᠦᠴᠦᠨ ᠲᠠᠢ ᠬᠤᠭᠤᠴᠠᠭ᠎ᠠ ᠶᠢ ᠪᠠᠷᠢᠮᠵᠢᠶ᠎ᠠ ᠳᠤ ᠬᠦᠷᠦᠭᠦᠯᠦᠨ᠎ᠡ᠃    
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号