| | ᠮᠠᠲ᠋ᠧᠷᠢᠶᠠᠯ ᠤᠨ ᠳ᠋ᠤᠭᠠᠷ᠄ 111529210117651641 / 2024 - 01608 | ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ | ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠪᠡ | | ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠬᠡᠢ ᠪᠤᠯᠭᠠᠬᠤ ᠲᠣᠭᠲᠠᠭᠠᠯ ᠤᠨ ᠪᠢᠴᠢᠭ | ᠠᠯᠠᠱᠠ ᠵᠡᠭᠦᠨ ᠬᠤᠲᠠ ᠶᠢᠨ ᠬᠢᠨᠠᠨ ᠵᠥᠪᠰᠢᠶᠡᠷᠡᠵᠦ ᠬᠠᠰᠤᠬᠤ ﹇2014﹈ 1 ᠳ᠋ᠦ᠋ᠭᠡᠷ ᠲᠣᠭᠠᠲᠤ | ᠲᠤᠬᠠᠢ ᠶᠢᠨ ᠬᠥᠮᠥᠨ᠄ ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ ᠦᠢᠯᠡᠰ ᠤᠨ ᠨᠡᠭᠡᠭᠡᠯᠲᠡ ᠶᠢᠨ | ᠬᠢᠵᠠᠭᠠᠷᠲᠤ ᠬᠠᠷᠢᠭᠤᠴᠠᠯᠭᠠᠲᠤ ᠺᠤᠮᠫᠠᠨᠢ | ᠨᠡᠶᠢᠭᠡᠮ ᠤᠨ ᠨᠢᠭᠡᠳᠦᠯᠲᠡᠢ ᠢᠲᠡᠭᠡᠮᠵᠢ ᠶᠢᠨ ᠣᠷᠣᠯᠠᠬᠤ ᠨᠣᠮᠧᠷ᠄ 9115290067693572×4 | ×4ᠣᠷᠣᠨ ᠰᠠᠭᠤᠴᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠠᠱᠠ ᠠᠶᠢᠮᠠᠭ ᠤᠨ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠥᠭᠡᠯᠡᠳ ᠪᠠᠷᠠᠭᠤᠨ ᠵᠠᠮ ᠤᠨ 025 ᠳ᠋ᠤᠭᠠᠷ ᠲᠣᠭᠠᠲᠤ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠄ ᠸᠠᠩ ᠬᠠᠢ ᠵᠢᠶᠦ᠋ᠨ | ᠬᠠᠷᠢᠯᠴᠠᠬᠤ ᠤᠲᠠᠰᠤ᠄ 1363957505 | 2024 ᠣᠨ ᠤ 6 ᠳ᠋ᠤᠭᠠᠷ ᠰᠠᠷ᠎ᠠ ᠶᠢᠨ 3 ᠤ ᠡᠳᠦᠷ᠂ ᠮᠠᠨ ᠤ ᠲᠣᠪᠴᠢᠶ᠎ᠠ ᠵᠧᠵᠢᠶᠠᠩ ᠮᠤᠵᠢ ᠶᠢᠨ | ᠬᠠᠩᠵᠧᠦ ᠬᠤᠲᠠ ᠶᠢᠨ ᠳᠡᠭᠡᠷ᠎ᠡ ᠬᠤᠲᠠ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ︽ᠰᠠᠨᠠᠯ ᠬᠤᠷᠢᠶᠠᠬᠤ | ᠵᠠᠬᠢᠳᠠᠯ︾ ᠢ ᠲᠣᠰᠴᠤ᠂ ᠮᠠᠨ ᠤ ᠲᠣᠪᠴᠢᠶ᠎ᠠ ᠠᠴᠠ ᠵᠦᠩ ᠾᠧ ᠬᠤᠳᠠᠯᠳᠤᠭᠠᠨ ᠤ ᠦᠢᠯᠡᠰ ᠤᠨ ᠪᠠᠲᠤᠯᠠᠨ | ᠬᠠᠮᠠᠭᠠᠯᠠᠯᠲᠠ ᠶᠢᠨ ᠬᠢᠵᠠᠭᠠᠷᠲᠤ ᠺᠤᠮᠫᠠᠨᠢ ᠶᠢᠨ ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ ᠦᠢᠯᠡᠰ ᠤᠨ | ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ 80 % ᠤ ᠰᠲ᠋ᠣᠺ ᠤᠨ ᠡᠷᠬᠡ ︵ | 2400 ᠲᠦᠮᠡᠨ ᠲᠥᠭᠦᠷᠢᠭ︶ ᠤᠨ ᠴᠡᠪᠳᠡᠭᠯᠡᠭᠰᠡᠨ ᠪᠠᠶᠢᠳᠠᠯ ᠢ ᠯᠠᠪᠯᠠᠨ ᠠᠰᠠᠭᠤᠵᠤ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ | ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢᠶᠠᠷ ᠳᠠᠮᠵᠢᠨ ᠪᠠᠶᠢᠴᠠᠭᠠᠨ ᠯᠠᠪᠯᠠᠭᠰᠠᠨ ᠤ | ᠳᠠᠷᠠᠭ᠎ᠠ᠂ ᠳᠤᠮᠳᠠᠳᠤ ᠤᠯᠤᠰ ᠤᠨ ᠠᠵᠤ ᠠᠬᠤᠢ ᠶᠢᠨ ᠳᠠᠭᠠᠳᠬᠠᠯ ᠤᠨ ᠬᠢᠵᠠᠭᠠᠷᠲᠤ ᠺᠤᠮᠫᠠᠨᠢ ᠶᠢᠨ ᠡᠵᠡᠮᠰᠢᠵᠦ | ᠪᠠᠶᠢᠭ᠎ᠠ ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ 80 % ᠤ ᠰᠲ᠋ᠣᠺ ᠤᠨ ᠡᠷᠬᠡ ᠶᠢᠨ ᠴᠡᠪᠳᠡᠭᠯᠡᠯ ᠨᠢᠭᠡᠨᠲᠡ ᠬᠦᠴᠦᠨ | ᠦᠭᠡᠢ ᠪᠣᠯᠵᠤ᠂ ᠭᠦᠢᠴᠡᠳᠬᠡᠬᠦ ᠶᠢ ᠵᠣᠭᠰᠤᠭᠠᠬᠤ ᠲᠣᠭᠲᠠᠭᠠᠯᠲᠠ ᠶᠢᠨ ᠪᠢᠴᠢᠭ ︵2017︶ ᠤᠨ 0102855 | ᠳ᠋ᠤᠭᠠᠷ ᠲᠣᠭᠠᠲᠤ᠂ ᠴᠡᠪᠳᠡᠭᠯᠡᠭᠰᠡᠨ ᠲᠤᠭ᠎ᠠ ᠨᠢ 2400 ᠲᠦᠮᠡᠨ ᠲᠥᠭᠦᠷᠢᠭ ᠪᠣᠯᠵᠤ᠂ ᠴᠡᠪᠳᠡᠭᠯᠡᠭᠰᠡᠨ ᠬᠠᠷᠢᠴᠠᠯ | ᠨᠢ 100 % ᠪᠠᠷ᠂ ᠴᠡᠪᠳᠡᠭᠯᠡᠭᠰᠡᠨ ᠡᠳᠦᠷ ᠬᠤᠭᠤᠴᠠᠭ᠎ᠠ ᠨᠢ 204 — 2024 — 21 ᠪᠤᠯᠲᠠᠯ᠎ᠠ᠂ | ᠰᠢᠰᠲ᠋ᠧᠮ ᠨᠢ ᠨᠢᠭᠡᠨᠲᠡ ᠬᠦᠴᠦᠨ ᠦᠭᠡᠢ ᠪᠣᠯᠤᠭᠰᠠᠨ ᠪᠠᠶᠢᠨ᠎ᠠ᠃ 2024 ᠣᠨ ᠤ 6 ᠳ᠋ᠤᠭᠠᠷ ᠰᠠᠷ᠎ᠠ ᠶᠢᠨ 5 ᠤ | ᠡᠳᠦᠷ ᠮᠠᠨ ᠤ ᠲᠣᠪᠴᠢᠶ᠎ᠠ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠱᠠᠩ ᠴᠧᠩ ᠲᠣᠭᠤᠷᠢᠭ ᠤᠨ ᠠᠷᠠᠳ ᠤᠨ | ᠰᠢᠭᠦᠬᠦ ᠬᠤᠷᠢᠶᠠᠨ ᠳᠤ ︽ᠮᠠᠨ ᠤ ᠲᠣᠪᠴᠢᠶᠠᠨ ᠤ ᠬᠠᠷᠢᠭᠤ ᠵᠠᠬᠢᠳᠠᠯ︾ ᠢ ᠰᠢᠤᠳᠠᠨ ᠢᠶᠠᠷ ᠶᠠᠪᠤᠭᠤᠯᠪᠠ᠃ 2024 | ᠣᠨ ᠤ 6 ᠳ᠋ᠤᠭᠠᠷ ᠰᠠᠷ᠎ᠠ ᠶᠢᠨ 7 ᠤ ᠦᠳᠡ ᠶᠢᠨ ᠬᠤᠶᠢᠨ᠎ᠠ᠂ ᠬᠠᠷᠢᠭᠤ ᠵᠠᠬᠢᠳᠠᠯ ᠢ ᠣᠯᠣᠭᠰᠠᠨ ᠤ ᠳᠠᠷᠠᠭ᠎ᠠ | ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠳᠡᠭᠡᠷ᠎ᠡ ᠬᠤᠲᠠ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ | 2023 ᠣᠨ ᠤ 4ᠳ᠋ᠦ᠋ᠭᠡᠷ ᠰᠠᠷ᠎ᠠ ᠶᠢᠨ 21 ᠤ ᠡᠳᠦᠷ ᠮᠠᠨ ᠤ ᠲᠣᠪᠴᠢᠶ᠎ᠠ ᠳᠤ ︽ᠭᠦᠢᠴᠡᠳᠬᠡᠬᠦ ᠲᠣᠭᠲᠠᠭᠠᠯᠲᠠ ᠶᠢᠨ | ᠪᠢᠴᠢᠭ︾ ︽ᠬᠠᠪᠰᠤᠷᠤᠨ ᠭᠦᠢᠴᠡᠳᠬᠡᠬᠦ ᠮᠡᠳᠡᠭᠳᠡᠯ ᠤᠨ ᠪᠢᠴᠢᠭ︾ ︽ᠬᠠᠪᠰᠤᠷᠤᠨ ᠵᠠᠷᠯᠠᠨ ᠨᠡᠶᠢᠲᠡᠯᠡᠬᠦ | ᠭᠦᠢᠴᠡᠳᠬᠡᠬᠦ ᠱᠠᠭᠠᠷᠳᠠᠯᠭ᠎ᠠ ᠶᠢᠨ ᠪᠢᠴᠢᠭ︾ ︽ᠬᠠᠪᠰᠤᠷᠤᠨ ᠵᠠᠷᠯᠠᠬᠤ ᠮᠡᠳᠡᠭᠳᠡᠯ ᠤᠨ ᠪᠢᠴᠢᠭ︾ ︵2017︶ | 2017 ᠤ ᠵᠧ102ᠭᠦᠢᠴᠡᠳᠬᠡᠬᠦ 2854 ᠳ᠋ᠦ᠋ᠭᠡᠷ ᠲᠣᠭᠠᠲᠤ︶ ᠶᠢ ᠬᠦᠷᠭᠡᠵᠦ᠂ ᠬᠠᠪᠰᠤᠷᠤᠨ ᠴᠡᠪᠳᠡᠭᠯᠡᠭᠰᠡᠨ ᠶᠢ | ᠱᠠᠭᠠᠷᠳᠠᠭᠰᠠᠨ ᠪᠠᠶᠢᠨ᠎ᠠ᠃ | ᠳᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠪᠠᠷ ᠳᠠᠮᠵᠢᠨ᠂ ᠮᠠᠨ ᠤ ᠲᠣᠪᠴᠢᠶ᠎ᠠ 2023 ᠣᠨ ᠤ 4ᠳ᠋ᠦ᠋ᠭᠡᠷ | ᠰᠠᠷ᠎ᠠ ᠶᠢᠨ 24 ᠤ ᠡᠳᠦᠷ ︽ᠬᠠᠩᠵᠧᠦ ᠬᠤᠲᠠ ᠶᠢᠨ ᠳᠡᠭᠡᠳᠦ ᠬᠤᠲᠠ ᠲᠣᠭᠤᠷᠢᠭ ᠤᠨ ᠠᠷᠠᠳ ᠤᠨ ᠰᠢᠭᠦᠬᠦ | ᠬᠤᠷᠢᠶ᠎ᠠ ᠶᠢᠨ ᠨᠠᠶᠢᠳᠠᠨ ᠬᠦᠷᠭᠡᠬᠦ ᠵᠠᠬᠢᠳᠠᠯ︾ ᠢ ᠨᠢᠭᠡ ᠬᠤᠪᠢ᠂ ︽ᠭᠦᠢᠴᠡᠳᠬᠡᠬᠦ ᠲᠣᠭᠲᠠᠭᠠᠯᠲᠠ ᠶᠢᠨ ᠪᠢᠴᠢᠭ︾ | ᠬᠤᠶᠠᠷ ᠬᠤᠪᠢ᠂ ︽ᠬᠠᠪᠰᠤᠷᠤᠨ ᠭᠦᠢᠴᠡᠳᠬᠡᠬᠦ ᠮᠡᠳᠡᠭᠳᠡᠯ ᠤᠨ ᠪᠢᠴᠢᠭ︾ ᠬᠤᠶᠠᠷ ᠬᠤᠪᠢ᠂ ︽ᠬᠠᠪᠰᠤᠷᠤᠨ ᠢᠯᠡ | ᠵᠠᠷᠯᠠᠨ ᠨᠡᠶᠢᠲᠡᠯᠡᠬᠦ ᠭᠦᠢᠴᠡᠳᠬᠡᠬᠦ ᠱᠠᠭᠠᠷᠳᠠᠯᠭ᠎ᠠ ᠶᠢᠨ ᠪᠢᠴᠢᠭ︾ ᠬᠤᠶᠠᠷ ᠬᠤᠪᠢ᠂ ︽ᠬᠠᠪᠰᠤᠷᠤᠨ ᠢᠯᠡ | ᠨᠡᠶᠢᠲᠡᠯᠡᠬᠦ ᠮᠡᠳᠡᠭᠳᠡᠯ ᠤᠨ ᠪᠢᠴᠢᠭ︾ ᠬᠤᠶᠠᠷ ᠬᠤᠪᠢ ᠣᠯᠵᠠᠢ᠂ ᠡᠭᠦᠨ ᠳᠤ ᠨᠢᠭᠡ ᠬᠤᠪᠢ ᠨᠢ ᠴᠡᠪᠳᠡᠭᠯᠡᠭᠰᠡᠨ | ᠳᠤᠮᠳᠠ ᠬᠤᠳᠠᠯᠳᠤᠭᠠᠨ ᠤ ᠬᠢᠵᠠᠭᠠᠷᠲᠤ ᠺᠤᠮᠫᠠᠨᠢ ᠶᠢᠨ ᠶᠤᠸᠠᠢ ᠲᠠᠢ ᠯᠠᠨ ᠠᠭᠤᠷᠬᠠᠢ ᠶᠢᠨ ᠭᠠᠷᠤᠯᠲᠠ ᠶᠢᠨ | ᠨᠡᠭᠡᠭᠡᠯᠲᠡ ᠶᠢᠨ ᠬᠢᠵᠠᠭᠠᠷᠲᠤ ᠺᠤᠮᠫᠠᠨᠢ ᠶᠢᠨ ᠡᠵᠡᠮᠰᠢᠵᠦ ᠪᠠᠶᠢᠭ᠎ᠠ 20 % ᠤ ᠰᠲ᠋ᠣᠺ ᠤᠨ ᠡᠷᠬᠡ ︵ᠪᠡᠯᠡ | ᠭᠠᠷᠭᠠᠭᠰᠠᠨ ᠲᠤᠭ᠎ᠠ ᠨᠢ 3500 ᠲᠦᠮᠡᠨ ᠲᠥᠭᠦᠷᠢᠭ︶ ᠶᠢ ᠱᠠᠭᠠᠷᠳᠠᠵᠤ᠂ ᠴᠡᠪᠳᠡᠭᠯᠡᠭᠰᠡᠨ ᠬᠤᠭᠤᠴᠠᠭ᠎ᠠ ᠭᠤᠷᠪᠠᠨ | ᠵᠢᠯ ᠪᠣᠯᠣᠨ᠎ᠠ᠂ 2023 ᠣᠨ ᠤ 4ᠳ᠋ᠦ᠋ᠭᠡᠷ ᠰᠠᠷ᠎ᠠ ᠶᠢᠨ 23 ᠤ ᠡᠳᠦᠷ ᠠᠴᠠ ᠡᠬᠢᠯᠡᠨ 2026 ᠣᠨ ᠤ 4ᠳ᠋ᠦ᠋ᠭᠡᠷ | ᠰᠠᠷ᠎ᠠ ᠶᠢᠨ 23 ᠤ ᠡᠳᠦᠷ ᠪᠤᠯᠲᠠᠯ᠎ᠠ᠂ ᠪᠠᠰᠠ ᠨᠢᠭᠡ ᠬᠤᠪᠢ ᠬᠢᠵᠠᠭᠠᠷᠲᠤ ᠺᠤᠮᠫᠠᠨᠢ ᠠᠯᠠᠱᠠ ᠠᠶᠢᠮᠠᠭ ᠤᠨ ᠰᠢᠨ | ᠪᠢᠶᠣᠣ ᠺᠤᠮᠫᠠᠨᠢ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠡᠵᠡᠮᠰᠢᠵᠦ ᠪᠠᠶᠢᠭ᠎ᠠ | ᠬᠤᠪᠢ ᠣᠷᠣᠭᠤᠯᠤᠭᠰᠠᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠬᠤᠪᠢ ᠣᠷᠣᠭᠤᠯᠤᠭᠰᠠᠨ ᠪᠡᠯᠡ ᠮᠥᠩᠭᠦ ︵ | ᠪᠡᠯᠡ ᠮᠥᠩᠭᠦ ᠭᠠᠷᠭᠠᠭᠰᠠᠨ ᠬᠤᠭᠤᠴᠠᠭ᠎ᠠ ᠨᠢ 2400 ᠲᠦᠮᠡᠨ ᠲᠥᠭᠦᠷᠢᠭ︶ ᠶᠢ ᠬᠦᠴᠦᠨ ᠦᠭᠡᠢ ᠭᠡᠵᠦ | ᠱᠠᠭᠠᠷᠳᠠᠭᠰᠠᠨ ᠪᠠᠶᠢᠨ᠎ᠠ᠂ ᠭᠡᠪᠡᠴᠦ ᠴᠡᠪᠳᠡᠭᠯᠡᠭᠰᠡᠨ ᠬᠤᠭᠤᠴᠠᠭ᠎ᠠ ᠨᠢ ᠭᠤᠷᠪᠠᠨ ᠵᠢᠯ ᠪᠣᠯᠣᠨ᠎ᠠ᠃ ᠮᠠᠨ ᠤ | ᠲᠣᠪᠴᠢᠶ᠎ᠠ ᠶᠢᠨ ᠠᠵᠢᠯᠲᠠᠨ ︽ᠭᠦᠢᠴᠡᠳᠬᠡᠬᠦ ᠲᠣᠭᠲᠠᠭᠠᠯᠲᠠ ᠶᠢᠨ ᠪᠢᠴᠢᠭ︾ ᠤᠨ ᠱᠠᠭᠠᠷᠳᠠᠯᠭ᠎ᠠ ᠶᠢ ᠦᠨᠳᠦᠰᠦᠯᠡᠨ᠂ | ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ ᠳᠤᠮᠳᠠᠳᠤ ᠤᠯᠤᠰ ᠤᠨ ᠬᠤᠷᠰᠢᠭᠰᠠᠨ ᠬᠤᠳᠠᠯᠳᠤᠭᠠᠨ ᠤ | ᠦᠢᠯᠡᠰ ᠤᠨ ᠪᠠᠲᠤᠯᠠᠨ ᠬᠠᠮᠠᠭᠠᠯᠠᠯᠲᠠ ᠶᠢᠨ ᠬᠢᠵᠠᠭᠠᠷᠲᠤ ᠺᠤᠮᠫᠠᠨᠢ ᠶᠢ ᠠᠯᠠᠱᠠ ᠠᠶᠢᠮᠠᠭ ᠣᠨ ᠤ ᠶᠦᠨ ᠲᠠᠢ ᠯᠠᠨ | ᠠᠭᠤᠷᠬᠠᠢ ᠶᠢᠨ ᠭᠠᠷᠤᠯᠲᠠ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ 20 % ᠤ | ᠰᠲ᠋ᠣᠺ ᠤᠨ ᠡᠷᠬᠡ ᠪᠠ ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ ᠦᠢᠯᠡᠰ ᠤᠨ ᠨᠡᠭᠡᠭᠡᠯᠲᠡ ᠶᠢᠨ | ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ ᠡᠵᠡᠮᠰᠢᠵᠦ ᠪᠠᠶᠢᠭ᠎ᠠ 80 % ᠤ ᠰᠲ᠋ᠣᠺ ᠤᠨ ᠡᠷᠬᠡ ᠶᠢ ᠲᠤᠰ ᠲᠤᠰ | ᠦᠯᠦ ᠭᠦᠳᠡᠯᠭᠡᠯᠭᠡᠪᠡ᠂ ᠭᠡᠪᠡᠴᠦ ᠰᠢᠰᠲ᠋ᠧᠮ ᠤᠨ ᠰᠢᠯᠲᠠᠭᠠᠨ ᠠᠴᠠ ᠪᠣᠯᠵᠤ᠂ ᠠᠯᠠᠱᠠ ᠠᠶᠢᠮᠠᠭ ᠤᠨ ᠰᠢᠨ ᠪᠢᠶᠣᠣ | ᠠᠭᠤᠷᠬᠠᠢ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ | ᠰᠲ᠋ᠣᠺ ᠤᠨ ᠡᠷᠬᠡ ᠶᠢ ᠦᠷᠭᠦᠯᠵᠢᠯᠡᠨ ᠬᠦᠴᠦᠨ ᠦᠭᠡᠢ ᠪᠤᠯᠭᠠᠵᠤ ᠳᠡᠶᠢᠯᠦᠭᠰᠡᠨ ᠪᠠᠶᠢᠨ᠎ᠠ᠃ 2024 ᠣᠨ ᠤ | 4ᠳ᠋ᠦ᠋ᠭᠡᠷ ᠰᠠᠷ᠎ᠠ ᠶᠢᠨ 22 ᠤ ᠡᠳᠦᠷ᠂ ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ ᠦᠢᠯᠡᠰ ᠤᠨ | ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠰᠲ᠋ᠣᠺ ᠤᠨ ᠡᠷᠬᠡ ᠪᠠᠨ ᠬᠤᠪᠢᠷᠠᠭᠤᠯᠬᠤ ᠲᠤᠬᠠᠶᠢᠯᠠᠭᠰᠠᠨ | ᠠᠵᠢᠯ ᠬᠢᠬᠦ ᠪᠠᠷ ᠭᠤᠶᠤᠴᠢᠯᠠᠵᠤ᠂ ᠬᠤᠪᠢ ᠣᠷᠣᠭᠤᠯᠤᠭᠴᠢᠳ ᠤᠨ ᠵᠦᠩ ᠾᠧ ᠬᠤᠳᠠᠯᠳᠤᠭᠠᠨ ᠤ ᠳᠠᠭᠠᠳᠬᠠᠯ ᠤᠨ | ᠬᠢᠵᠠᠭᠠᠷᠲᠤ ᠺᠤᠮᠫᠠᠨᠢ ᠶᠢ ᠠᠯᠠᠱᠠ ᠠᠶᠢᠮᠠᠭ ᠤᠨ ᠶᠢᠩ ᠹᠧᠩ ᠠᠵᠤ ᠦᠢᠯᠡᠰ ᠤᠨ ᠬᠢᠵᠠᠭᠠᠷᠲᠤ ᠺᠤᠮᠫᠠᠨᠢ ᠪᠣᠯᠭᠠᠨ | ᠬᠤᠪᠢᠷᠠᠭᠤᠯᠵᠤ᠂ ᠪᠡᠯᠡ ᠮᠥᠩᠭᠦᠨ ᠤ ᠲᠤᠭ᠎ᠠ ᠨᠢ 2400 ᠲᠦᠮᠡᠨ ᠲᠥᠭᠦᠷᠢᠭ ᠪᠠᠶᠢᠵᠤ᠂ ᠳᠠᠩᠰᠠᠯᠠᠭᠤᠯᠤᠭᠰᠠᠨ | ᠬᠥᠷᠥᠩᠭᠡ ᠶᠢᠨ 80 % ᠶᠢ ᠡᠵᠡᠯᠡᠵᠦ᠂ ᠰᠢᠰᠲ᠋ᠧᠮ ᠨᠢ ᠬᠢᠵᠠᠭᠠᠷ ᠦᠭᠡᠢ ᠰᠠᠨᠠᠭᠤᠯᠤᠮᠵᠢ ᠶᠢ ᠬᠢᠭᠰᠡᠨ ᠦᠭᠡᠢ ᠠᠴᠠ | ᠪᠣᠯᠵᠤ᠂ ᠲᠤᠬᠠᠶᠢᠯᠠᠭᠰᠠᠨ ᠠᠵᠢᠯ ᠢ ᠠᠮᠵᠢᠯᠲᠠ ᠲᠠᠢ ᠳᠠᠩᠰᠠᠯᠠᠭᠤᠯᠵᠠᠢ᠃ | ᠳᠡᠭᠡᠷ᠎ᠡ ᠳᠤᠷᠠᠳᠤᠭᠰᠠᠨ ᠪᠣᠳᠠᠲᠤ ᠬᠡᠷᠡᠭ ᠢ ᠭᠤᠣᠯᠳᠠᠭᠤ ᠳᠣᠣᠷᠠᠬᠢ ᠭᠡᠷᠡᠴᠢ ᠪᠠᠷᠢᠮᠲᠠ ᠪᠠᠷ ᠭᠡᠷᠡᠴᠢᠯᠡᠭᠰᠡᠨ | ᠨᠢ᠄ | 1. ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠳᠡᠭᠡᠳᠦ ᠬᠤᠲᠠ ᠲᠣᠭᠤᠷᠢᠭ ᠤᠨ ᠠᠷᠠᠳ ᠤᠨ ᠰᠢᠭᠦᠬᠦ | ᠬᠤᠷᠢᠶ᠎ᠠ ᠶᠢᠨ ︽ᠭᠦᠢᠴᠡᠳᠬᠡᠬᠦ ᠲᠣᠭᠲᠠᠭᠠᠯᠲᠠ ᠶᠢᠨ ᠪᠢᠴᠢᠭ︾ ︽ᠬᠠᠪᠰᠤᠷᠤᠨ ᠭᠦᠢᠴᠡᠳᠬᠡᠬᠦ ᠮᠡᠳᠡᠭᠳᠡᠯ ᠤᠨ | ᠪᠢᠴᠢᠭ︾ ︽ᠬᠠᠪᠰᠤᠷᠤᠨ ᠢᠯᠡ ᠨᠡᠶᠢᠲᠡᠯᠡᠬᠦ ᠭᠦᠢᠴᠡᠳᠬᠡᠬᠦ ᠱᠠᠭᠠᠷᠳᠠᠯᠭ᠎ᠠ ᠶᠢᠨ ᠪᠢᠴᠢᠭ︾ ︽ᠬᠠᠪᠰᠤᠷᠤᠨ ᠢᠯᠡ | ᠨᠡᠶᠢᠲᠡᠯᠡᠬᠦ ᠮᠡᠳᠡᠭᠳᠡᠯ ᠤᠨ ᠪᠢᠴᠢᠭ︾ ︵2017︶ ᠵᠧ10202 ᠭᠦᠢᠴᠡᠳᠬᠡᠬᠦ 2854 ᠳ᠋ᠦ᠋ᠭᠡᠷ ᠲᠣᠭᠠᠲᠤ︶᠂ | ᠦᠷᠭᠦᠯᠵᠢᠯᠡᠨ ᠴᠡᠪᠳᠡᠭᠯᠡᠬᠦ ᠳᠤᠮᠳᠠᠳᠤ ᠤᠯᠤᠰ ᠤᠨ ᠬᠤᠷᠰᠢᠭᠰᠠᠨ ᠬᠤᠳᠠᠯᠳᠤᠭᠠᠨ ᠤ ᠪᠠᠲᠤᠯᠠᠨ ᠬᠠᠮᠠᠭᠠᠯᠠᠯᠲᠠ ᠶᠢᠨ | ᠬᠢᠵᠠᠭᠠᠷᠲᠤ ᠺᠤᠮᠫᠠᠨᠢ ᠶᠢᠨ ᠨᠡᠷ᠎ᠡ ᠶᠢᠨ ᠳᠣᠣᠷ᠎ᠠ ᠪᠠᠶᠢᠭ᠎ᠠ ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ | ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠶᠢᠨ 80 % ᠤ ᠰᠲ᠋ᠣᠺ ᠤᠨ ᠡᠷᠬᠡ ᠶᠢ | ᠭᠡᠷᠡᠴᠢᠯᠡᠵᠦ ᠪᠤᠢ᠃ | 2. ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ | ᠬᠠᠷᠢᠭᠤᠴᠠᠯᠭᠠᠲᠤ ᠺᠤᠮᠫᠠᠨᠢ ᠶᠢᠨ ᠮᠠᠰᠢᠨ ᠢᠶᠠᠷ ᠳᠠᠩᠰᠠ ᠡᠪᠬᠡᠮᠡᠯ ᠢ ᠤᠩᠰᠢᠬᠤ᠂ ᠬᠤᠪᠢ ᠣᠷᠣᠭᠤᠯᠤᠭᠴᠢᠳ ᠤᠨ | ᠵᠦᠩ ᠾᠧ ᠬᠤᠳᠠᠯᠳᠤᠭᠠᠨ ᠤ ᠪᠠᠲᠤᠯᠠᠨ ᠬᠠᠮᠢᠶᠠᠷᠬᠤ ᠬᠢᠵᠠᠭᠠᠷᠲᠤ ᠺᠤᠮᠫᠠᠨᠢ ᠶᠢᠨ ᠰᠲ᠋ᠣᠺ ᠤᠨ ᠡᠷᠬᠡ ᠶᠢ | ᠴᠡᠪᠳᠡᠭᠯᠡᠭᠰᠡᠨ ᠪᠠ ᠬᠤᠪᠢᠷᠠᠭᠤᠯᠤᠨ ᠠᠯᠠᠱᠠ ᠠᠶᠢᠮᠠᠭ ᠤᠨ ᠶᠢᠩ ᠹᠧᠩ ᠠᠵᠤ ᠦᠢᠯᠡᠰ ᠤᠨ ᠬᠢᠵᠠᠭᠠᠷᠲᠤ ᠺᠤᠮᠫᠠᠨᠢ | ᠪᠤᠯᠭᠠᠵᠤ ᠳᠠᠩᠰᠠᠯᠠᠭᠤᠯᠤᠭᠰᠠᠨ ᠪᠣᠳᠠᠲᠤ ᠶᠠᠪᠤᠳᠠᠯ ᠢ ᠭᠡᠷᠡᠴᠢᠯᠡᠬᠦ ᠬᠡᠷᠡᠭᠲᠡᠢ᠃ | ᠮᠠᠨ ᠤ ᠲᠣᠪᠴᠢᠶ᠎ᠠ 2024 ᠣᠨ ᠤ 6 ᠳ᠋ᠤᠭᠠᠷ ᠰᠠᠷ᠎ᠠ ᠶᠢᠨ 25 ᠤ ᠡᠳᠦᠷ ᠲᠤᠬᠠᠢ ᠶᠢᠨ ᠬᠥᠮᠥᠨ ᠵᠢᠴᠢ | ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠳᠤ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠢ ᠪᠤᠯᠭᠠᠬᠤ | ᠲᠤᠬᠠᠢ ᠭᠡᠷᠡᠴᠢᠯᠡᠭᠡ ᠰᠣᠨᠣᠰᠤᠭᠰᠠᠨ ᠮᠡᠳᠡᠭᠳᠡᠯ ᠤᠨ ᠪᠢᠴᠢᠭ ︵ᠠᠯᠠᠱᠠ ᠵᠡᠭᠦᠨ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠵᠥᠪᠰᠢᠶᠡᠷᠡᠯ ᠤᠨ ᠬᠦᠴᠦᠨ ᠦᠭᠡᠢ ᠪᠤᠯᠭᠠᠬᠤ ᠮᠡᠳᠡᠭᠳᠡᠯ︶ ᠢ ᠬᠦᠷᠭᠡᠬᠦ ᠶᠢᠨ | ᠬᠠᠮᠲᠤ᠂ 2024 ᠣᠨ ᠤ 6 ᠳ᠋ᠤᠭᠠᠷ ᠰᠠᠷ᠎ᠠ ᠶᠢᠨ 25 ᠤ ᠡᠳᠦᠷ ᠠᠯᠠᠱᠠ ᠵᠡᠭᠦᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠠᠯᠪᠠᠨ ᠵᠠᠷ ᠨᠡᠶᠢᠲᠡᠯᠡᠵᠦ ︽ᠠᠯᠠᠱᠠ ᠵᠡᠭᠦᠨ ᠬᠤᠰᠢᠭᠤᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠡᠷᠡᠴᠢᠯᠡᠭᠡ | ᠰᠣᠨᠣᠰᠤᠭᠰᠠᠨ ᠮᠡᠳᠡᠭᠳᠡᠯ ᠤᠨ ᠪᠢᠴᠢᠭ︾ ᠢ ᠬᠦᠷᠭᠡᠵᠦ᠂ ᠲᠤᠬᠠᠢ ᠶᠢᠨ ᠬᠥᠮᠥᠨ ᠵᠢᠴᠢ ᠠᠰᠢᠭ ᠬᠤᠣᠷ ᠤᠨ | ᠬᠠᠷᠢᠴᠠᠭ᠎ᠠ ᠲᠠᠢ ᠬᠥᠮᠥᠨ ᠤ ᠮᠠᠨ ᠤ ᠲᠣᠪᠴᠢᠶ᠎ᠠ ᠳᠤ ᠳᠠᠩᠰᠠᠯᠠᠭᠤᠯᠤᠭᠰᠠᠨ ᠢᠶᠠᠨ ᠬᠦᠴᠦᠨ ᠦᠭᠡᠢ ᠪᠤᠯᠭᠠᠬᠰᠠᠨ | ᠪᠣᠳᠠᠲᠤ ᠶᠠᠪᠤᠳᠠᠯ᠂ ᠰᠢᠯᠲᠠᠭᠠᠨ᠂ ᠪᠠᠷᠢᠮᠲᠠ ᠵᠢᠴᠢ ᠡᠳ᠋ᠯᠡᠬᠦ ᠲᠣᠭᠠᠴᠢᠯᠲᠠ᠂ ᠵᠥᠪᠲᠦᠭᠡᠯᠲᠡ ᠪᠣᠯᠣᠨ ᠭᠡᠷᠡᠴᠢᠯᠡᠭᠡ | ᠰᠣᠨᠣᠰᠬᠤ ᠡᠷᠬᠡ ᠪᠠᠨ ᠬᠡᠷᠡᠭᠵᠢᠭᠦᠯᠬᠦ ᠶᠢ ᠮᠡᠳᠡᠭᠳᠡᠨ᠎ᠡ᠃ ᠲᠤᠬᠠᠢ ᠶᠢᠨ ᠬᠥᠮᠥᠨ ᠵᠢᠴᠢ ᠠᠰᠢᠭ ᠬᠤᠣᠷ ᠤᠨ | ᠬᠠᠷᠢᠴᠠᠭ᠎ᠠ ᠲᠠᠢ ᠬᠥᠮᠥᠨ ᠬᠠᠤᠯᠢ ᠳᠤ ᠲᠣᠭᠲᠠᠭᠰᠠᠨ ᠬᠤᠭᠤᠴᠠᠭᠠᠨ ᠳᠤ ᠮᠠᠨ ᠤ ᠲᠣᠪᠴᠢᠶᠠᠨ ᠳᠤ ᠲᠣᠭᠠᠴᠢᠯᠲᠠ᠂ | ᠵᠥᠪᠲᠥᠭᠡᠨ ᠲᠣᠳᠣᠷᠬᠠᠶᠢᠯᠠᠬᠤ ᠪᠠ ᠭᠡᠷᠡᠴᠢᠯᠡᠯᠲᠡ ᠰᠣᠨᠣᠰᠬᠤ ᠡᠷᠭᠦᠳᠡᠯ ᠭᠠᠷᠭᠠᠭᠰᠠᠨ ᠦᠭᠡᠢ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ | ᠶᠢᠨ ᠵᠢᠷᠠ ᠶᠢᠰᠦᠳᠦᠭᠡᠷ ᠵᠦᠢᠯ ᠤᠨ ︽ᠳᠠᠷᠠᠭᠠᠬᠢ ᠪᠦᠷᠢᠳᠬᠡᠨ ᠭᠠᠷᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ | ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠲᠡᠭᠦᠨ ᠤ | ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠰᠢᠭ ᠬᠤᠣᠷ ᠤᠨ ᠬᠠᠷᠢᠴᠠᠭ᠎ᠠ ᠲᠠᠢ ᠬᠥᠮᠥᠨ ᠤ ᠡᠷᠭᠦᠳᠡᠯ | ᠪᠤᠶᠤ ᠡᠷᠬᠡ ᠲᠤᠰᠢᠶᠠᠯ ᠢᠶᠠᠨ ᠦᠨᠳᠦᠰᠦᠯᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠦᠴᠦᠨ ᠦᠭᠡᠢ ᠪᠤᠯᠭᠠᠵᠤ | ᠪᠣᠯᠣᠨ᠎ᠠ᠄ ︵ᠳᠥᠷᠪᠡ︶ ᠭᠤᠶᠤᠴᠢᠯᠠᠬᠤ ᠬᠢᠷᠢ ᠭᠡᠮ ᠦᠭᠡᠢ ᠪᠤᠶᠤ ᠬᠠᠤᠯᠢ ᠳᠤ ᠲᠣᠭᠲᠠᠭᠠᠭᠰᠠᠨ ᠨᠥᠬᠦᠴᠡᠯ ᠳᠤ | ᠦᠯᠦ ᠨᠡᠶᠢᠴᠡᠬᠦ ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠥᠪᠰᠢᠶᠡᠷᠡᠯ ᠥᠭᠭᠦᠭᠰᠡᠨ︔ ︽ᠠᠷᠠᠳ ᠤᠨ ᠳᠡᠭᠡᠳᠦ | ᠰᠢᠭᠦᠬᠦ ᠬᠤᠷᠢᠶᠠᠨ ᠤ ᠭᠦᠢᠴᠡᠳᠬᠡᠬᠦ ᠠᠵᠢᠯ ᠤᠨ ᠠᠰᠠᠭᠤᠳᠠᠯ ᠤᠳ ᠤᠨ ᠲᠤᠬᠠᠢ ᠲᠣᠭᠲᠠᠭᠠᠯ ︵ᠲᠤᠷᠰᠢᠨ | ᠬᠡᠷᠡᠭᠵᠢᠭᠦᠯᠬᠦ︶︾ ᠶᠢᠨ 38 ᠳ᠋ᠤᠭᠠᠷ ᠵᠦᠢᠯ ᠤᠨ ︽ᠭᠦᠢᠴᠡᠳᠬᠡᠭᠳᠡᠭᠴᠢ ᠶᠢᠨ ᠬᠢᠵᠠᠭᠠᠷᠲᠤ ᠬᠠᠷᠢᠭᠤᠴᠠᠯᠭᠠᠲᠤ | ᠺᠤᠮᠫᠠᠨᠢ᠂ ᠪᠤᠰᠤᠳ ᠬᠠᠤᠯᠢ ᠶᠢᠨ ᠡᠷᠬᠡᠲᠡᠨ ᠪᠦᠬᠦᠢ ᠠᠵᠤ ᠠᠬᠤᠶᠢᠯᠠᠯ ᠤᠨ ᠳᠣᠲᠣᠷᠠᠬᠢ ᠪᠡᠯᠡ ᠣᠷᠣᠭᠤᠯᠬᠤ ᠡᠷᠬᠡ | ᠠᠰᠢᠭ ᠪᠤᠶᠤ ᠰᠲ᠋ᠣᠺ ᠤᠨ ᠡᠷᠬᠡ ᠶᠢ ᠰᠢᠭᠦᠬᠦ ᠬᠤᠷᠢᠶ᠎ᠠ ᠴᠡᠪᠳᠡᠭᠯᠡᠭᠰᠡᠨ ᠠᠷᠭ᠎ᠠ ᠠᠪᠴᠤ ᠬᠡᠷᠡᠭᠵᠢᠭᠦᠯᠦᠨ᠎ᠡ︾ ᠭᠡᠰᠡᠨ | ᠲᠣᠭᠲᠠᠭᠠᠯ ᠢᠶᠠᠷ ᠯᠠᠪᠯᠠᠯᠲᠠ ᠪᠣᠯᠭᠠᠨ᠎ᠠ᠃ ᠪᠡᠯᠡ ᠣᠷᠣᠭᠤᠯᠤᠯᠲᠠ ᠶᠢᠨ ᠡᠷᠬᠡ ᠠᠰᠢᠭ ᠪᠤᠶᠤ ᠰᠲ᠋ᠣᠺ ᠤᠨ ᠡᠷᠬᠡ ᠶᠢ | ᠴᠡᠪᠳᠡᠭᠯᠡᠭᠰᠡᠨ ᠳᠤ ᠬᠤᠯᠪᠣᠭᠳᠠᠯ ᠪᠦᠬᠦᠢ ᠠᠵᠤ ᠠᠬᠤᠶᠢᠯᠠᠯ ᠳᠤ ᠮᠡᠳᠡᠭᠳᠡᠵᠦ ᠴᠡᠪᠳᠡᠭᠯᠡᠭᠰᠡᠨ ᠪᠡᠯᠡ | ᠣᠷᠣᠭᠤᠯᠤᠯᠲᠠ ᠶᠢᠨ ᠡᠷᠬᠡ ᠠᠰᠢᠭ ᠪᠤᠶᠤ ᠰᠲ᠋ᠣᠺ ᠤᠨ ᠡᠷᠬᠡ ᠶᠢ ᠰᠢᠯᠵᠢᠭᠦᠯᠬᠦ ᠭᠠᠷ ᠭᠦᠢᠴᠡᠳᠬᠡᠯ ᠭᠢᠯᠭᠡᠵᠦ ᠪᠤᠯᠬᠤ | ᠦᠭᠡᠢ᠂ ᠭᠦᠢᠴᠡᠳᠬᠡᠭᠳᠡᠭᠴᠢ ᠬᠤᠪᠢ ᠣᠷᠣᠭᠤᠯᠤᠯᠲᠠ ᠶᠢᠨ ᠬᠦᠦ ᠮᠥᠩᠭᠦ ᠪᠤᠶᠤ ᠠᠰᠢᠭ ᠣᠯᠵᠠᠪᠤᠷᠢ ᠶᠢ ᠨᠢ | ᠥᠭᠴᠦ ᠪᠤᠯᠬᠤ ᠦᠭᠡᠢ᠃ ᠴᠡᠪᠳᠡᠭᠯᠡᠭᠰᠡᠨ ᠪᠡᠯᠡ ᠣᠷᠣᠭᠤᠯᠤᠯᠲᠠ ᠶᠢᠨ ᠡᠷᠬᠡ ᠠᠰᠢᠭ ᠪᠤᠶᠤ ᠰᠲ᠋ᠣᠺ ᠤᠨ ᠡᠷᠬᠡ ᠶᠢ | ᠭᠦᠢᠴᠡᠳᠬᠡᠭᠳᠡᠭᠴᠢ ᠥᠪᠡᠷ ᠢᠶᠠᠨ ᠰᠢᠯᠵᠢᠭᠦᠯᠦᠨ ᠥᠭᠴᠦ ᠪᠤᠯᠬᠤ ᠦᠭᠡᠢ᠃ ᠲᠣᠭᠲᠠᠭᠰᠠᠨ ᠢᠶᠠᠷ᠂ | ᠭᠤᠶᠤᠴᠢᠯᠠᠭᠴᠢ ᠶᠢᠨ ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ ᠦᠢᠯᠡᠰ ᠤᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠳᠤ ᠰᠲ᠋ᠣᠺ ᠤᠨ ᠡᠷᠬᠡ ᠶᠢ ᠴᠡᠪᠳᠡᠭᠯᠡᠭᠰᠡᠨ ᠲᠤᠬᠠᠢ | ᠲᠣᠭᠲᠠᠭᠰᠠᠨ ᠪᠣᠳᠠᠲᠤ ᠶᠠᠪᠤᠳᠠᠯ ᠣᠷᠣᠰᠢᠵᠤ ᠪᠠᠶᠢᠨ᠎ᠠ᠂ ᠡᠶᠢᠮᠦ ᠠᠴᠠ ᠰᠲ᠋ᠣᠺ ᠤᠨ ᠡᠷᠬᠡ ᠪᠠᠨ ᠬᠤᠪᠢᠷᠠᠭᠤᠯᠬᠤ ᠪᠠᠷ | ᠳᠠᠩᠰᠠᠯᠠᠭᠤᠯᠬᠤ ᠬᠢᠷᠢ ᠭᠡᠮ ᠦᠭᠡᠢ᠂ ᠳᠠᠷᠠᠭᠠᠬᠢ ᠬᠡᠳᠦᠨ ᠲᠠᠯ᠎ᠠ ᠪᠠᠷ ᠲᠣᠭᠲᠠᠭᠠᠯ ᠢ ᠭᠠᠷᠭᠠᠪᠠ᠄ | 1. ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ | ᠠᠯᠠᠱᠠ ᠠᠶᠢᠮᠠᠭ ᠤᠨ ᠰᠢᠨ ᠪᠢᠶᠣᠣ ᠠᠭᠤᠷᠬᠠᠢ ᠶᠢᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ | ᠺᠤᠮᠫᠠᠨᠢ ᠶᠢ 2024 ᠣᠨ ᠤ 4 ᠳ᠋ᠦ᠋ᠭᠡᠷ ᠰᠠᠷ᠎ᠠ ᠶᠢᠨ 22 ᠤ ᠡᠳᠦᠷ ᠭᠠᠷᠭᠠᠭᠰᠠᠨ ᠪᠡᠯᠡ ᠣᠷᠣᠭᠤᠯᠤᠭᠴᠢ ᠶᠢᠨ | ᠪᠠᠶᠢᠳᠠᠯ ᠤᠨ ᠳᠠᠩᠰᠠᠯᠠᠯ ᠢ ᠬᠤᠪᠢᠷᠠᠭᠤᠯᠤᠨ᠎ᠠ᠃ | ᠬᠡᠷᠪᠡ ᠲᠤᠰ ᠲᠣᠭᠲᠠᠭᠠᠯ ᠳᠤ ᠣᠨᠳᠣᠣ ᠰᠠᠨᠠᠯ ᠲᠠᠢ ᠪᠣᠯ᠂ ᠲᠤᠰ ᠮᠡᠳᠡᠭᠳᠡᠯ ᠢ ᠣᠯᠣᠭᠰᠠᠨ ᠤ ᠳᠠᠷᠠᠭᠠᠬᠢ | ᠵᠢᠷᠠᠨ ᠡᠳᠦᠷ ᠤᠨ ᠳᠣᠲᠣᠷ᠎ᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ | ᠳᠠᠭᠢᠨ ᠵᠥᠪᠯᠡᠬᠦ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠠᠯᠠᠱᠠ ᠵᠡᠭᠦᠨ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠭᠢᠨ ᠵᠥᠪᠯᠡᠭᠦᠯᠬᠦ ᠪᠠᠷ ᠭᠤᠶᠤᠴᠢᠯᠠᠵᠤ ᠪᠣᠯᠣᠨ᠎ᠠ᠂ ᠲᠤᠰ | ᠲᠣᠭᠲᠠᠭᠠᠯ ᠢ ᠣᠯᠣᠭᠰᠠᠨ ᠤ ᠳᠠᠷᠠᠭᠠᠬᠢ ᠵᠢᠷᠭᠤᠭᠠᠨ ᠰᠠᠷ᠎ᠠ ᠶᠢᠨ ᠳᠣᠲᠣᠷ᠎ᠠ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠠᠰᠠᠭ ᠵᠠᠬᠢᠷᠭᠠᠨ ᠤ ᠵᠠᠷᠭᠤ ᠶᠢᠨ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠠᠯᠠᠱᠠ | ᠵᠡᠭᠦᠨ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠤ ᠰᠢᠭᠤᠳ ᠵᠠᠰᠠᠭ ᠵᠠᠬᠢᠷᠭᠠᠨ ᠤ ᠵᠠᠷᠭᠤ ᠬᠢᠭᠰᠡᠨ ᠴᠦ | ᠪᠣᠯᠣᠨ᠎ᠠ᠃ | ᠠᠯᠠᠱᠠ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | | |