| | | ᠪᠠᠶᠠᠨᠬᠤᠲᠠ ᠶᠢᠨ ᠮᠡᠳᠡᠭᠡ2024 ᠣᠨ ᠤ 12 ᠰᠠᠷ᠎ᠠ ᠠᠴᠠ ᠡᠬᠢᠯᠡᠨ᠂ ᠠᠯᠠᠱᠠ ᠠᠶᠢᠮᠠᠭ ᠤᠨ | ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠤᠣᠷᠲᠤ ᠬᠠᠪᠤᠳᠠᠷ ᠤᠨ ᠡᠭᠦᠳᠡᠨ | ᠡᠮᠨᠡᠯᠭᠡ ᠶᠢᠨ ᠰᠠᠴᠤᠷᠠᠭ ᠬᠢᠮᠢ ᠶᠢᠨ ᠵᠠᠰᠠᠯ᠂ ᠰᠢᠭᠡᠰᠦᠨ ᠬᠤᠣᠷᠳᠠᠯᠭ᠎ᠠ ᠶᠢᠨ ᠡᠪᠡᠳᠴᠢᠨ ᠢ ᠨᠡᠪᠴᠢᠭᠦᠯᠦᠨ | ᠢᠯᠭᠠᠷᠠᠭᠤᠯᠬᠤ᠂ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠣᠨᠳᠣᠣᠰᠢᠯ ᠢ ᠡᠰᠡᠷᠭᠦᠴᠡᠬᠦ ᠡᠮᠴᠢᠯᠡᠭᠡ᠂ | ᠤᠳᠠᠭᠠᠨ ᠴᠢᠨᠠᠷᠲᠠᠢ ᠲᠦᠭᠵᠢᠷᠡᠯ ᠤᠨ ᠴᠢᠨᠠᠷᠲᠠᠢ ᠠᠭᠤᠰᠬᠢᠨ ᠤ ᠡᠪᠡᠳᠴᠢᠨ᠂ ᠬᠡᠷᠡᠬᠦ ᠴᠢᠨᠠᠷᠲᠠᠢ ᠦᠶ᠎ᠡ ᠭᠡᠰᠢᠭᠦᠨ ᠤ | ᠦᠷᠪᠢᠰᠦᠯ᠂ ᠵᠢᠷᠦᠬᠡᠨ ᠲᠢᠲᠢᠮ ᠤᠨ ᠡᠪᠡᠳᠴᠢᠨ᠂ ᠸᠢᠷᠦ᠋ᠰ ᠤᠨ ᠴᠢᠨᠠᠷᠲᠠᠢ ᠡᠯᠢᠭᠡᠨ ᠦᠷᠪᠢᠰᠦᠯ ᠵᠡᠷᠭᠡ ᠡᠭᠦᠳᠡᠨ | ᠡᠮᠨᠡᠯᠭᠡ ᠶᠢᠨ 9 ᠵᠦᠢᠯ ᠤᠨ ᠤᠳᠠᠭᠠᠨ ᠴᠢᠨᠠᠷᠲᠠᠢ ᠣᠨᠴᠠᠭᠠᠶ ᠡᠪᠡᠳᠴᠢᠨ ᠢ ᠮᠤᠵᠢ ᠠᠯᠤᠰᠯᠠᠨ ᠣᠨᠳᠣᠣ ᠭᠠᠵᠠᠷ ᠲᠤ | ᠰᠢᠭᠤᠳ ᠳᠠᠩᠰᠠ ᠲᠣᠭᠠᠴᠠᠬᠤ ᠶᠢ ᠪᠡᠶᠡᠯᠡᠭᠦᠯᠬᠦ ᠪᠣᠯᠣᠨ᠎ᠠ᠃ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ ᠬᠤᠯᠪᠣᠭᠳᠠᠯ ᠪᠦᠬᠦᠢ ᠡᠮᠴᠢᠯᠡᠭᠡᠨ ᠤ | ᠵᠠᠷᠤᠳᠠᠯ ᠢ ᠮᠤᠵᠢ ᠠᠯᠤᠰᠯᠠᠨ ᠰᠢᠭᠤᠳ ᠳᠠᠩᠰᠠ ᠲᠣᠭᠠᠴᠠᠬᠤ ᠦᠶ᠎ᠡ ᠳᠤ᠂ ᠡᠮᠨᠡᠭᠦᠯᠭᠦ ᠭᠠᠵᠠᠷ ᠤᠨ ᠳᠠᠩᠰᠠ | ᠴᠠᠶᠢᠷᠠᠭᠤᠯᠬᠤ ᠬᠡᠪᠴᠢᠶ᠎ᠡ ᠵᠢᠴᠢ ᠬᠤᠯᠪᠣᠭᠳᠠᠯ ᠪᠦᠬᠦᠢ ᠲᠣᠭᠲᠠᠭᠠᠯ ︵ᠦᠨᠳᠦᠰᠦᠨ ᠡᠮᠴᠢᠯᠡᠭᠡᠨ ᠤ ᠳᠠᠭᠠᠳᠬᠠᠯ ᠤᠨ | ᠡᠮ ᠤᠨ ᠵᠦᠢᠯ᠂ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠵᠡᠷᠭᠡ ᠶᠢᠨ ᠳᠠᠩᠰᠠ ᠴᠠᠶᠢᠷᠠᠭᠤᠯᠬᠤ ᠬᠡᠪᠴᠢᠶ᠎ᠡ︶ ᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠬᠰᠠᠨ | ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠡᠬᠢᠯᠡᠵᠦ ᠳᠠᠩᠰᠠ ᠴᠠᠶᠢᠷᠠᠭᠤᠯᠬᠤ ᠪᠠᠷᠢᠮᠵᠢᠶ᠎ᠠ᠂ | ᠬᠠᠷᠢᠴᠠᠯ᠂ ᠬᠠᠮᠤᠭ ᠤᠨ ᠥᠨᠳᠥᠷ ᠲᠤᠭ᠎ᠠ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠤ | ᠲᠥᠷᠥᠯ ᠤᠨ ᠬᠡᠪᠴᠢᠶ᠎ᠡ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠦᠨ᠎ᠡ᠃ ᠳᠠᠭᠠᠳᠬᠠᠯ ᠳᠤ | ᠣᠷᠣᠯᠴᠠᠭᠰᠠᠳ ᠳᠠᠭᠠᠳᠬᠠᠯ ᠳᠤ ᠣᠷᠣᠯᠴᠠᠬᠰᠠᠨ ᠭᠠᠵᠠᠷ ᠲᠠᠭᠠᠨ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ | ᠣᠨᠴᠠᠭᠠᠶ ᠡᠪᠡᠳᠴᠢᠨ ᠤ ᠵᠣᠬᠢᠬᠤ ᠬᠠᠷᠠᠭᠠᠯᠵᠠᠯ ᠲᠠᠢ ᠪᠠᠶᠢᠪᠠᠯ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠣᠨᠴᠠᠭᠠᠶ | ᠡᠪᠡᠳᠴᠢᠨ ᠢᠶᠠᠷ ᠰᠢᠭᠤᠳ ᠳᠠᠩᠰᠠ ᠴᠠᠶᠢᠷᠠᠭᠤᠯᠬᠤ ᠦᠢᠯᠡᠴᠢᠯᠡᠭᠡ ᠬᠠᠩᠭᠠᠨ᠎ᠠ᠃ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠢ ᠡᠪᠡᠳᠴᠢᠨ ᠤ ᠬᠠᠷᠠᠭᠠᠯᠵᠠᠯ ᠪᠠᠶᠢᠬᠤ ᠦᠭᠡᠢ ᠪᠣᠯ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢᠶᠠᠷ ᠮᠤᠵᠢ | ᠠᠯᠤᠰᠯᠠᠨ ᠰᠢᠭᠤᠳ ᠲᠣᠭᠠᠴᠠᠭ᠎ᠠ ᠬᠢᠨ᠎ᠡ᠃ | ᠡᠭᠦᠨ ᠠᠴᠠ ᠭᠠᠳᠠᠨ᠎ᠠ᠂ ᠣᠲᠣ ᠪᠠᠶᠢᠭ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ 26 ᠵᠦᠢᠯ ᠤᠨ ᠤᠳᠠᠭᠠᠨ ᠴᠢᠨᠠᠷᠲᠠᠢ | ᠣᠨᠴᠠᠭᠠᠶ ᠡᠪᠡᠳᠴᠢᠨ ᠵᠢᠴᠢ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠡᠭᠦᠳᠡᠨ ᠡᠮᠨᠡᠯᠭᠡ ᠶᠢᠨ 32 ᠵᠦᠢᠯ ᠤᠨ ᠤᠳᠠᠭᠠᠨ ᠴᠢᠨᠠᠷᠲᠠᠢ ᠣᠨᠴᠠᠭᠠᠶ ᠡᠪᠡᠳᠴᠢᠨ ᠨᠢ ᠣᠷᠣᠨ ᠤ | ᠳᠣᠲᠣᠷ᠎ᠠ ᠰᠢᠭᠤᠳ ᠲᠣᠭᠠᠴᠠᠭ᠎ᠠ ᠬᠢᠵᠦ ᠪᠣᠯᠣᠨ᠎ᠠ᠃ | ᠠᠯᠠᠱᠠ ᠶᠢᠨ ᠡᠮᠴᠢᠯᠡᠭᠡ ᠶᠢᠨ ᠳᠠᠭᠠᠳᠬᠠᠯ | |