ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠤᠯᠭᠠᠬᠤ ᠲᠤᠬᠠᠢ ᠠᠯᠠᠱᠠ ᠵᠡᠭᠦᠨ ᠬᠤᠰᠢᠭᠤᠨ ᠤ ᠤᠰᠤᠨ ᠠᠰᠢᠭᠯᠠᠯᠲᠠ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/12/31
                 ᠮᠠᠲ᠋ᠧᠷᠢᠶᠠᠯ ᠤᠨ ᠳ᠋ᠤᠭᠠᠷ᠄ 1152921011765084D / 2024 -02310      ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠤᠰᠤᠨ ᠠᠰᠢᠭᠯᠠᠯᠲᠠ ᠶᠢᠨ ᠶᠠᠪᠤᠳᠠᠯ ᠤᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠠᠩᠭᠢᠯᠠᠯ᠄ ᠮᠡᠳᠡᠭᠳᠡᠯ             ︽ᠤᠰᠤ ᠲᠠᠲᠠᠬᠤ ᠶᠢ ᠵᠥᠪᠰᠢᠶᠡᠷᠡᠬᠦ ᠬᠠᠮᠢᠶᠠᠷᠤᠯᠲᠠ ᠶᠢᠨ ᠳᠦᠷᠢᠮ︾ ︵ᠤᠰᠤᠨ ᠠᠰᠢᠭᠯᠠᠯᠲᠠ ᠶᠢᠨ ᠶᠠᠮᠤᠨ ᠤ ᠵᠠᠷᠯᠢᠭ 49 ᠳ᠋ᠦ᠋ᠭᠡᠷ ᠲᠣᠭᠠᠲᠤ︶᠎ ᠶᠢᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ᠄ ︽ᠤᠰᠤ ᠲᠠᠲᠠᠬᠤ ᠶᠢ ᠦᠷᠭᠦᠯᠵᠢᠯᠡᠨ ᠵᠣᠭᠰᠣᠭᠠᠳ ᠪᠦᠬᠦᠯᠢ 2 ᠵᠢᠯ ᠪᠣᠯᠤᠭᠰᠠᠨ ᠪᠠᠶᠢᠪᠠᠯ᠂ ᠤᠰᠤ ᠲᠠᠲᠠᠬᠤ ᠶᠢ ᠬᠢᠨᠠᠨ ᠵᠥᠪᠰᠢᠶᠡᠷᠡᠭᠰᠡᠨ ᠤᠤᠯ ᠤᠨ ᠪᠠᠶᠢᠭᠤᠯᠤᠯᠭ᠎ᠠ ᠨᠢ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠬᠦᠴᠦᠨ ᠦᠭᠡᠢ ᠪᠣᠯᠭᠠᠨ᠎ᠠ᠃ ᠳᠠᠭᠠᠭᠠᠵᠤ ᠳᠡᠶᠢᠯᠭᠦ ᠦᠭᠡᠢ ᠬᠦᠴᠦᠨ ᠪᠤᠶᠤ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠭᠰᠡᠨ ᠵᠡᠷᠭᠡ ᠰᠢᠯᠲᠠᠭᠠᠨ ᠠᠴᠠ ᠪᠣᠯᠵᠤ ᠤᠰᠤ ᠲᠠᠲᠠᠬᠤ ᠶᠢ ᠨᠢ ᠵᠣᠭᠰᠣᠭᠠᠭᠰᠠᠨ ᠪᠦᠬᠦᠯᠢ 2 ᠵᠢᠯ ᠪᠣᠯᠤᠭᠰᠠᠨ ᠮᠥᠷᠲᠡᠭᠡᠨ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠬᠠᠷᠠᠬᠠᠨ ᠳᠠᠭᠤᠰᠤᠭᠠᠳᠤᠢ ᠪᠣᠯ ᠤᠰᠤ ᠲᠠᠲᠠᠬᠤ ᠶᠢ ᠬᠢᠨᠠᠨ ᠵᠥᠪᠰᠢᠶᠡᠷᠡᠭᠰᠡᠨ ᠤᠤᠯ ᠤᠨ ᠪᠠᠶᠢᠭᠤᠯᠤᠯᠭ᠎ᠠ ᠪᠠᠷ ᠵᠥᠪᠰᠢᠶᠡᠷᠡᠭᠦᠯᠦᠭᠡᠳ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠢ ᠨᠢ ᠦᠯᠡᠳᠡᠭᠡᠨ ᠠᠪᠴᠤ ᠪᠣᠯᠣᠨ᠎ᠠ᠃︾ ᠲᠣᠭᠲᠠᠭᠠᠯ ᠳᠤ᠂ ᠠᠯᠠᠱᠠ ᠵᠡᠭᠦᠨ ᠬᠤᠰᠢᠭᠤᠨ ᠤ ᠦᠳᠡ ᠤᠰᠤᠨ ᠠᠰᠢᠭᠯᠠᠯᠲᠠ ᠶᠢᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠨᠢᠭᠡᠨᠲᠡ ᠤᠰᠤ ᠲᠠᠲᠠᠵᠤ ᠪᠤᠯᠬᠤ ᠦᠭᠡᠢ ᠪᠣᠯᠣᠭᠠᠳ ᠪᠦᠬᠦᠯᠢ ᠬᠤᠶᠠᠷ ᠵᠢᠯ ᠪᠣᠯᠤᠭᠰᠠᠨ ᠪᠠᠶᠢᠲᠠᠯ᠎ᠠ᠂ ᠣᠳᠣ ᠮᠠᠨ ᠤ ᠲᠣᠪᠴᠢᠶ᠎ᠠ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠶᠣᠰᠣᠭᠠᠷ ᠬᠦᠴᠦᠨ ᠦᠭᠡᠢ ᠪᠤᠯᠭᠠᠬᠤ ᠰᠢᠢᠳᠪᠦᠷᠢ ᠭᠠᠷᠭᠠᠨ᠎ᠠ᠃       ᠣᠨᠴᠠᠭᠠᠶᠢᠯᠠᠨ ᠮᠡᠳᠡᠭᠳᠡᠪᠡ᠃       ᠠᠯᠠᠱᠠ ᠵᠡᠭᠦᠨ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ︵ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠦᠴᠦᠨ ᠦᠭᠡᠢ ᠪᠤᠯᠭᠠᠬᠤ︶
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号