| | ᠮᠠᠲ᠋ᠧᠷᠢᠶᠠᠯ ᠤᠨ ᠳ᠋ᠤᠭᠠᠷ᠄ 11152921011764938 G/ 2024 -02168 | ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠬᠤᠳᠠᠯᠳᠤᠭᠠᠨ ᠤ | ᠶᠠᠪᠤᠳᠠᠯ ᠪᠠ ᠴᠢᠮᠡᠭᠡ ᠵᠠᠩᠭᠢᠴᠢᠯᠠᠯᠲᠠ ᠶᠢᠨ ᠲᠣᠪᠴᠢᠶ᠎ᠠ | ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ | ᠠᠩᠭᠢᠯᠠᠯ᠄ ᠮᠡᠳᠡᠭᠳᠡᠯ | ᠪᠠᠷᠢᠮᠲᠠ ᠪᠢᠴᠢᠭ ᠤᠨ ᠳ᠋ᠤᠭᠠᠷ᠄ | ᠪᠠᠲᠤᠯᠠᠭᠳᠠᠭᠰᠠᠨ ᠴᠠᠭ ᠬᠤᠭᠤᠴᠠᠭ᠎ᠠ᠄ 2024-11-07 | | | ᠨᠢᠭᠡ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠤᠰᠬᠠᠢ ᠵᠦᠢᠯ ᠤᠨ | ᠨᠥᠬᠦᠪᠦᠷᠢ ᠶᠢᠨ ᠲᠥᠷᠥ ᠶᠢᠨ ᠪᠣᠳᠣᠯᠭ᠎ᠠ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠡᠶᠢᠲᠡᠯᠡᠭᠰᠡᠨ ᠬᠠᠮᠤᠭ ᠤᠨ ᠰᠢᠨ᠎ᠡ ︽ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠠᠰᠬᠠᠬᠤ ᠲᠥᠪ ᠤᠨ ᠲᠥᠰᠥᠪ ᠤᠨ | ᠳᠣᠲᠣᠷᠠᠬᠢ ᠪᠡᠯᠡ ᠣᠷᠣᠭᠤᠯᠤᠯᠲᠠ ᠶᠢᠨ ᠲᠤᠰᠬᠠᠢ ᠬᠠᠮᠢᠶᠠᠷᠤᠯᠲᠠ ᠶᠢᠨ ᠠᠷᠭ᠎ᠠ︾ ᠳᠤ ︽ᠣᠷᠴᠢᠯ ᠠᠵᠤ ᠠᠬᠤᠢ | ᠨᠡᠭᠦᠷᠡᠰᠦᠲᠥ᠋ᠷᠥᠭᠴᠢ ᠶᠢᠨ ᠪᠠᠭᠠᠰᠬᠠᠯᠲᠠ ᠶᠢ ᠬᠦᠴᠦᠯᠡᠨ ᠪᠠᠭᠤᠷᠠᠭᠤᠯᠬᠤ︾ ᠶᠢ ᠳᠠᠭᠠᠯᠲᠠ ᠠᠭᠤᠷᠬᠠᠢ ︵ᠳᠠᠭᠠᠯᠲᠠ | ᠠᠭᠤᠷᠬᠠᠢ︶᠂ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦᠨ ᠤ ᠦᠨᠡᠰᠦ᠂ ᠲᠡᠮᠦᠷᠯᠢᠭ ᠪᠣᠯᠪᠠᠰᠤᠷᠠᠭᠤᠯᠤᠭᠰᠠᠨ | ᠰᠢᠭᠠᠷᠤ᠂ ᠠᠵᠤ ᠦᠢᠯᠡᠳᠪᠦᠷᠢ ᠶᠢᠨ ᠳᠠᠭᠠᠯᠲᠠ ᠪᠦᠲᠦᠭᠡᠭᠳᠡᠬᠦᠨ ᠵᠤᠭᠠᠩ᠂ ᠪᠠᠷᠢᠯᠭ᠎ᠠ ᠶᠢᠨ ᠬᠤᠭ ᠨᠣᠪᠰᠢ ᠵᠡᠷᠭᠡ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠨ᠎ᠡ ᠭᠡᠵᠦ ᠲᠣᠳᠣᠷᠬᠠᠶᠢᠯᠠᠵᠠᠢ᠃ | ᠨᠥᠬᠦᠪᠦᠷᠢ ᠶᠢᠨ ᠬᠠᠷᠢᠴᠠᠯ ᠨᠢ ᠪᠣᠯ ᠲᠥᠪ ᠤᠨ ᠲᠥᠰᠥᠪ ᠤᠨ ᠳᠣᠲᠣᠷᠠᠬᠢ ᠪᠡᠯᠡ ᠮᠥᠩᠭᠦ ᠶᠢᠨ ᠳᠡᠮᠵᠢᠯᠭᠡ ᠶᠢ | ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ 15 % ᠠᠴᠠ ᠳᠠᠪᠠᠭᠤᠯᠬᠤ ᠦᠭᠡᠢ ᠪᠠᠷ ᠬᠢᠵᠠᠭᠠᠷᠯᠠᠵᠤ | ᠂ ᠳᠠᠩ ᠭᠠᠭᠴᠠ ᠲᠥᠷᠥᠯ ᠵᠦᠢᠯ ᠢᠶᠠᠷ ᠳᠡᠮᠵᠢᠬᠦ ᠪᠡᠯᠡ ᠮᠥᠩᠭᠦ ᠶᠢ ᠵᠠᠷᠴᠢᠮ ᠳᠡᠭᠡᠷ᠎ᠡ ᠪᠠᠨ 1 ᠳ᠋ᠦᠩᠰᠢᠭᠤᠷ | ᠲᠥᠭᠦᠷᠢᠭ ᠠᠴᠠ ᠳᠠᠪᠠᠭᠤᠯᠬᠤ ᠦᠭᠡᠢ᠃ ᠨᠡᠭᠦᠷᠡᠰᠦᠨ ᠴᠢᠯᠠᠭᠤ ᠶᠢ ᠳᠡᠮᠵᠢᠬᠦ ᠴᠢᠭᠯᠡᠯ᠄ ᠰᠢᠲᠠᠭᠠᠨ | ᠪᠠᠷᠢᠯᠳᠤᠭᠤᠯᠤᠭᠰᠠᠨ ᠬᠡᠰᠡᠭ᠂ ᠬᠠᠶᠢᠷ ᠴᠢᠯᠠᠭᠤᠨ ᠮᠠᠲ᠋ᠧᠷᠢᠶᠠᠯ᠂ ᠸᠠᠭᠠᠷ ᠮᠥᠬᠦᠯᠢᠭ ᠵᠢᠴᠢ ᠬᠠᠮᠢᠶ᠎ᠠ ᠪᠦᠬᠦᠢ | ᠦᠢᠯᠡᠳᠬᠦᠨ᠂ ᠦᠨ᠎ᠡ ᠬᠠᠩᠰᠢ ᠶᠢᠨ ᠪᠦᠷᠢᠯᠳᠦᠭᠦᠨ ᠢ ᠭᠠᠷᠭᠠᠨ ᠠᠪᠬᠤ᠂ ᠪᠤᠰᠤᠳ ᠬᠡᠷᠡᠭᠯᠡᠭᠳᠡᠵᠦ ᠪᠤᠯᠬᠤ | ᠨᠡᠭᠦᠷᠡᠰᠦᠨ ᠴᠢᠯᠠᠭᠤ ᠶᠢ ᠲᠣᠭᠲᠠᠮᠠᠯ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ᠃ ᠨᠤᠨᠳᠠᠭ | ᠨᠡᠭᠦᠷᠡᠰᠦᠨ ᠤ ᠦᠨᠡᠰᠦ ᠶᠢᠨ ᠳᠡᠮᠵᠢᠬᠦ ᠴᠢᠭᠯᠡᠯ᠄ ᠪᠠᠷᠢᠵᠤ ᠦᠷᠦᠭᠦ ᠬᠡᠰᠡᠭ᠂ ᠨᠡᠭᠦᠷᠡᠰᠦ ᠬᠦᠴᠢᠯ ᠤᠨ ᠺᠠᠯᠼ ᠤᠨ | ᠬᠠᠪᠲᠠᠰᠤ᠂ ᠸᠠᠭᠠᠷ ᠤᠨ ᠮᠥᠬᠦᠯᠢᠭ ᠵᠢᠴᠢ ᠬᠠᠮᠢᠶ᠎ᠠ ᠪᠦᠬᠦᠢ ᠦᠢᠯᠡᠳᠬᠦᠨ ᠵᠢᠴᠢ ᠦᠨ᠎ᠡ ᠥᠷᠲᠡᠭ ᠲᠠᠢ | ᠪᠦᠷᠢᠯᠳᠦᠭᠦᠨ ᠬᠡᠰᠡᠭ ᠢ ᠭᠠᠷᠭᠠᠨ ᠠᠪᠴᠤ ᠠᠰᠢᠭᠯᠠᠨ᠎ᠠ᠃ | ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ︽ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠣᠭᠤᠷᠢᠨ ᠤ | ᠪᠡᠯᠡ ᠲᠣᠭᠲᠠᠭᠠᠯ ﹇2014﹈ 338 ᠳ᠋ᠤᠭᠠᠷ ᠲᠣᠭᠠᠲᠤ︶ | ᠬᠠᠷᠢᠯᠴᠠᠬᠤ ᠰᠠᠯᠠᠭ᠎ᠠ ᠮᠥᠴᠢᠷ᠄ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ | ᠬᠤᠶᠠᠷ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ | ︵ᠨᠢᠭᠡ︶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ᠃ ︽ᠪᠠᠶᠢᠭᠠᠯᠢ ᠣᠷᠴᠢᠨ ᠤ | ᠬᠠᠮᠠᠭᠠᠯᠠᠯᠲᠠ ᠶᠢᠨ ᠭᠠᠶᠢᠯᠢ ᠶᠢᠨ ᠬᠤᠯᠪᠣᠭᠳᠠᠬᠤ ᠠᠰᠠᠭᠤᠳᠠᠯ ᠤᠨ ᠲᠤᠬᠠᠢ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ | ᠳᠤ ︽ᠠᠵᠤ ᠠᠬᠤᠢ ᠶᠢᠨ ᠨᠢᠭᠡᠴᠡ ᠨᠦᠭᠦᠳ ᠤᠨ ᠲᠠᠲᠠᠪᠤᠷᠢ ᠠᠪᠴᠤ ᠬᠠᠲᠠᠭᠤ ᠬᠠᠶᠠᠭᠳᠠᠯ ᠬᠠᠶᠠᠭᠳᠠᠯ | ᠭᠠᠳᠠᠭᠰᠢᠯᠠᠭᠤᠯᠬᠤ ᠬᠡᠮᠵᠢᠶ᠎ᠡ ᠪᠣᠯ ᠬᠠᠲᠠᠭᠤ ᠪᠡᠶ᠎ᠡ ᠳᠤ ᠡᠭᠦᠰᠬᠦ ᠬᠡᠮᠵᠢᠶ᠎ᠡ᠂ ᠬᠠᠳᠠᠭᠠᠯᠠᠬᠤ ᠬᠡᠮᠵᠢᠶ᠎ᠡ᠂ ᠰᠢᠢᠳᠪᠦᠷᠢᠯᠡᠬᠦ | ᠬᠡᠮᠵᠢᠶ᠎ᠡ᠂ ᠴᠣᠭᠴᠠᠯᠠᠪᠤᠷᠢ ᠪᠠᠷ ᠠᠰᠢᠭᠯᠠᠬᠤ ᠬᠡᠮᠵᠢᠶ᠎ᠡ ᠶᠢ ᠪᠠᠭᠤᠷᠠᠭᠤᠯᠬᠤ ᠦᠯᠡᠳᠡᠪᠦᠷᠢ᠃︾ ︽︾ | ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ | ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶ᠎ᠠ ᠶᠢᠨ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠮᠡᠳᠡᠭᠳᠡᠯ︾ ︵ᠡᠳ᠋ ᠭᠠᠶᠢᠯᠢ ﹇2018﹈ 23 | ᠳ᠋ᠤᠭᠠᠷ ᠲᠣᠭᠠᠲᠤ︶ | ᠬᠠᠷᠢᠯᠴᠠᠬᠤ ᠰᠠᠯᠠᠭ᠎ᠠ ᠮᠥᠴᠢᠷ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ︵ᠬᠤᠶᠠᠷ︶ ᠥᠷᠲᠡᠭ ᠨᠡᠮᠡᠭᠳᠡᠯ ᠤᠨ ᠭᠠᠶᠢᠯᠢ᠃ ᠤᠯᠤᠰ ᠤᠨ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ︽ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠳᠬᠦᠨ ᠪᠠ | ᠭᠦᠳᠡᠯᠮᠦᠷᠢ ᠦᠢᠯᠡᠴᠢᠯᠡᠭᠡᠨ ᠤ ᠥᠷᠲᠡᠭ ᠨᠡᠮᠡᠭᠳᠡᠯ ᠤᠨ ᠭᠠᠶᠢᠯᠢ ᠶᠢᠨ ᠬᠠᠷᠠᠭᠠᠯᠵᠠᠯ ᠤᠨ ᠭᠠᠷᠴᠠᠭ︾ ᠲᠤ ᠠᠵᠤ | ᠠᠬᠤᠶᠢᠯᠠᠯ ᠨᠢ ᠭᠠᠷᠴᠠᠭ ᠳᠣᠲᠣᠷᠠᠬᠢ ᠨᠡᠭᠦᠷᠡᠰᠦᠨ ᠴᠢᠯᠠᠭᠤ ᠶᠢ ᠠᠰᠢᠭᠯᠠᠨ ᠶᠡᠷᠦᠩᠬᠡᠶᠢᠯᠡᠨ ᠠᠰᠢᠭᠯᠠᠬᠤ | ᠦᠢᠯᠡᠳᠬᠦᠨ ᠤ ᠬᠠᠮᠢᠶ᠎ᠠ ᠪᠦᠬᠦᠢ ᠨᠥᠬᠦᠴᠡᠯ ᠪᠠ ᠱᠠᠭᠠᠷᠳᠠᠯᠭ᠎ᠠ ᠳᠤ ᠨᠡᠶᠢᠴᠡᠬᠦ ᠶᠢ ᠲᠣᠳᠣᠷᠬᠠᠶᠢᠯᠠᠭᠰᠠᠨ ᠪᠠᠶᠢᠪᠠᠯ᠂ | ᠭᠠᠷᠴᠠᠭ ᠶᠣᠰᠣᠭᠠᠷ ᠭᠠᠶᠢᠯᠢ ᠪᠤᠴᠠᠭᠠᠬᠤ ᠬᠠᠷᠢᠴᠠᠯ ᠶᠣᠰᠣᠭᠠᠷ᠂ ᠥᠷᠲᠡᠭ ᠨᠡᠮᠡᠭᠳᠡᠯ ᠤᠨ ᠭᠠᠶᠢᠯᠢ ᠶᠢ | ᠲᠠᠲᠠᠪᠤᠷᠢᠯᠠᠬᠤ ᠶᠢᠨ ᠳᠠᠭᠠᠤ ᠪᠤᠴᠠᠭᠠᠬᠤ ᠲᠥᠷᠥ ᠶᠢᠨ ᠪᠣᠳᠣᠯᠭ᠎ᠠ ᠶᠢ ᠭᠦᠷᠲᠡᠨ᠎ᠡ᠃ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠄ ︽ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠥᠷᠲᠡᠭ | ᠨᠡᠮᠡᠭᠳᠡᠯ ᠤᠨ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠢ ᠠᠯᠪᠠᠨ ᠵᠠᠷ︾ ︵ᠡᠳ᠋ ᠤᠨ | ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠠᠯᠪᠠᠨ ᠵᠠᠷ 2021 ᠣᠨ ᠤ 40 | ᠳ᠋ᠦ᠋ᠭᠡᠷ ᠲᠣᠭᠠᠲᠤ︶ | ᠬᠠᠷᠢᠯᠴᠠᠬᠤ ᠰᠠᠯᠠᠭ᠎ᠠ ᠮᠥᠴᠢᠷ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ︵ᠭᠤᠷᠪᠠ︶ ᠠᠰᠢᠭ ᠣᠷᠣᠯᠭ᠎ᠠ ᠶᠢᠨ ᠭᠠᠶᠢᠯᠢ᠃ ︽ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ | ᠠᠷᠪᠢᠯᠠᠬᠤ ᠤᠰᠤ ᠠᠷᠪᠢᠯᠠᠬᠤ ᠲᠥᠷᠥᠯ ᠵᠦᠢᠯ ᠤᠨ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢᠨ | ᠬᠠᠷᠠᠭᠠᠯᠵᠠᠯ ᠤᠨ ᠭᠠᠷᠴᠠᠭ︾ ︽ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠤᠨ | ᠣᠯᠵᠠᠪᠤᠷᠢ ᠶᠢᠨ ᠭᠠᠶᠢᠯᠢ ᠶᠢᠨ ᠬᠠᠷᠠᠭᠠᠯᠵᠠᠯ ᠤᠨ ᠭᠠᠷᠴᠠᠭ︾ ᠤᠨ ᠶᠣᠰᠣᠭᠠᠷ᠂ ᠠᠵᠤ ᠠᠬᠤᠶᠢᠯᠠᠯ ᠨᠢ ᠭᠠᠷᠴᠠᠭ ᠲᠤ | ᠵᠢᠭᠰᠠᠭᠠᠭᠰᠠᠨ ᠡᠬᠢ ᠪᠠᠶᠠᠯᠢᠭ ᠢᠶᠠᠷ ᠭᠤᠣᠯ ᠲᠦᠭᠦᠬᠡᠢ ᠮᠠᠲ᠋ᠧᠷᠢᠶᠠᠯ ᠪᠤᠯᠭᠠᠵᠤ᠂ ᠭᠠᠷᠴᠠᠭ ᠤᠨ ᠳᠣᠲᠣᠷᠠᠬᠢ | ᠱᠠᠭᠠᠷᠳᠠᠯᠭ᠎ᠠ ᠳᠤ ᠨᠡᠶᠢᠴᠡᠬᠦ ᠦᠢᠯᠡᠳᠬᠦᠨ ᠦᠢᠯᠡᠳᠪᠦᠷᠢᠯᠡᠵᠦ᠂ ᠲᠤᠰᠢᠶᠠᠪᠠᠰᠤ ᠵᠣᠬᠢᠬᠤ ᠭᠠᠶᠢᠯᠢ ᠶᠢᠨ | ᠣᠯᠵᠠᠪᠤᠷᠢ ᠶᠢᠨ ᠲᠤᠭ᠎ᠠ ᠶᠢ ᠪᠤᠳᠣᠬᠤ ᠦᠶ᠎ᠡ ᠳᠤ᠂ 90 % ᠪᠠᠷ ᠲᠤᠰ ᠵᠢᠯ ᠤᠨ ᠣᠷᠣᠯᠭ᠎ᠠ ᠶᠢᠨ ᠶᠡᠷᠦᠩᠬᠡᠢ | ᠲᠤᠭ᠎ᠠ ᠳᠤ ᠪᠤᠳᠣᠵᠤ ᠣᠷᠣᠭᠤᠯᠤᠨ᠎ᠠ᠃ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠄ ︽ᠨᠡᠶᠢᠲᠡᠯᠡᠬᠦ ᠵᠢᠴᠢ ᠠᠯᠪᠠᠨ ᠵᠠᠷ︾ ︵ᠡᠳ᠋ ᠤᠨ ᠵᠠᠰᠠᠭ ᠤᠨ | ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠠᠮᠢ ᠠᠬᠤᠢ ᠣᠷᠴᠢᠨ ᠲᠣᠭᠤᠷᠢᠨ ᠤ ᠶᠠᠮᠤᠨ ᠤ ᠠᠯᠪᠠᠨ ᠵᠠᠷ 2021 ᠣᠨ ᠤ 36 ᠳ᠋ᠤᠭᠠᠷ ᠲᠣᠭᠠᠲᠤ︶ | ᠬᠠᠷᠢᠯᠴᠠᠬᠤ ᠰᠠᠯᠠᠭ᠎ᠠ ᠮᠥᠴᠢᠷ᠄ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ | ︵ᠳᠥᠷᠪᠡ︶ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠦᠨᠡᠯᠡᠯᠲᠡ᠃ ᠠᠵᠤ ᠠᠬᠤᠶᠢᠯᠠᠯ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠠᠶᠢᠯᠢ | ᠲᠠᠲᠠᠪᠤᠷᠢ ᠶᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠭᠦᠷᠲᠡᠭᠦ ᠶᠢ | ᠪᠠᠲᠤᠯᠠᠬᠤ ᠶᠢᠨ ᠲᠤᠰᠠᠳᠠ᠂ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠶᠢᠯᠢ ᠲᠠᠲᠠᠪᠤᠷᠢᠯᠠᠬᠤ ᠬᠤᠯᠪᠣᠭᠳᠠᠯ | ᠪᠦᠬᠦᠢ ᠠᠰᠠᠭᠤᠳᠠᠯ ᠤᠨ ᠲᠤᠬᠠᠢ ᠡᠳ᠋ ᠤᠨ ᠵᠠᠰᠠᠭ ᠤᠨ ᠶᠠᠮᠤᠨ ᠤ ᠭᠠᠶᠢᠯᠢ ᠶᠢᠨ ᠶᠠᠪᠤᠳᠠᠯ ᠤᠨ ᠶᠡᠷᠦᠩᠬᠡᠢ | ᠲᠣᠪᠴᠢᠶᠠᠨ ᠤ ᠠᠮᠢ ᠠᠬᠤᠢ ᠣᠷᠴᠢᠨ ᠲᠣᠭᠤᠷᠢᠨ ᠤ ᠶᠠᠮᠤᠨ ᠤ ᠮᠡᠳᠡᠭᠳᠡᠯ︾ ᠳᠤ ᠲᠣᠳᠣᠷᠬᠠᠶᠢᠯᠠᠭᠰᠠᠨ ︽ᠭᠠᠶᠢᠯᠢ | ᠲᠤᠰᠢᠶᠠᠭᠴᠢ ᠭᠠᠶᠢᠯᠢ ᠲᠤᠰᠢᠶᠠᠪᠠᠰᠤ ᠵᠣᠬᠢᠬᠤ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠭᠰᠠᠨ | ᠪᠠᠶᠢᠪᠠᠯ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠭᠤᠯᠤᠯᠲᠠ ᠶᠢᠨ ᠶᠠᠮᠤᠨ ᠤ ᠲᠣᠭᠲᠠᠭᠠᠭᠰᠠᠨ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢᠨ ᠦᠨᠡᠯᠡᠯᠲᠡ ᠶᠢᠨ | ᠬᠠᠮᠢᠶᠠᠷᠤᠯᠲᠠ ᠶᠢᠨ ᠵᠢᠷᠤᠮᠵᠢᠯ ᠳᠤ ᠨᠡᠶᠢᠴᠡᠭᠦᠯᠬᠦ ᠬᠡᠷᠡᠭᠲᠡᠢ︾᠃ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠮᠡᠳᠡᠭᠡ ᠵᠠᠩᠭᠢᠵᠢᠯ ᠤᠨ ᠲᠢᠩᠬᠢᠮ ᠨᠢ ᠤᠯᠤᠰ ᠤᠨ ᠠᠵᠤ ᠦᠢᠯᠡᠳᠪᠦᠷᠢ ᠮᠡᠳᠡᠭᠡ ᠵᠠᠩᠭᠢᠵᠢᠯ ᠤᠨ | ᠶᠠᠮᠤᠨ ᠤ ︽ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠵᠤ ᠦᠨᠡᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ | ᠶᠡᠷᠦᠩᠬᠡᠶᠢᠯᠡᠨ ᠠᠰᠢᠭᠯᠠᠬᠤ ᠠᠵᠤ ᠠᠬᠤᠶᠢᠯᠠᠯ ᠳᠤ ᠶᠡᠷᠦᠩᠬᠡᠶᠢᠯᠡᠨ ᠠᠰᠢᠭᠯᠠᠵᠤ ᠦᠨᠡᠯᠡᠬᠦ ᠬᠠᠮᠢᠶ᠎ᠠ ᠪᠦᠬᠦᠢ ᠠᠵᠢᠯ ᠢ | ᠥᠷᠨᠢᠭᠦᠯᠬᠦ ᠬᠡᠷᠡᠭᠲᠡᠢ᠃ | ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ︽ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠠᠵᠤ | ᠦᠢᠯᠡᠳᠪᠦᠷᠢ ᠮᠡᠳᠡᠭᠡ ᠵᠠᠩᠭᠢ ᠶᠢᠨ ᠶᠡᠷᠦᠩᠬᠡᠶᠢᠯᠡᠯ ᠦᠰᠦᠭ ﹇2019﹈ 412 ᠳ᠋ᠤᠭᠠᠷ ᠲᠣᠭᠠᠲᠤ︶ | ᠬᠠᠷᠢᠯᠴᠠᠬᠤ ᠰᠠᠯᠠᠭ᠎ᠠ ᠮᠥᠴᠢᠷ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ | ᠭᠤᠷᠪᠠ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ | ᠲᠤᠰᠬᠠᠢ ᠲᠥᠷᠥᠯ ᠵᠦᠢᠯ ︵ᠠᠵᠤ ᠦᠢᠯᠡᠳᠪᠦᠷᠢ ᠶᠢᠨ ᠪᠣᠬᠢᠷᠳᠤᠯ ᠦᠭᠡᠶᠢᠵᠢᠭᠦᠯᠥᠨ ᠥᠭᠡᠷᠡᠴᠢᠯᠡᠬᠦ ᠴᠢᠭᠯᠡᠯ︶ ᠪᠡᠯᠡ | ᠮᠥᠩᠭᠦ ᠪᠠᠷ ᠳᠡᠮᠵᠢᠬᠦ ᠲᠥᠷᠥ ᠶᠢᠨ ᠪᠣᠳᠣᠯᠭ᠎ᠠ | 2024 ᠣᠨ ᠳᠤ ᠨᠡᠶᠢᠲᠡᠯᠡᠭᠰᠡᠨ ︽ᠯᠠᠪᠳᠠᠭᠤᠨ ᠢᠶᠠᠷ ᠤᠷᠤᠭᠰᠢ ᠳᠠᠪᠰᠢᠭᠤᠯᠬᠤ ᠲᠣᠭᠲᠠᠭᠤᠨ ᠢᠶᠠᠷ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ︾ ᠳᠤ | ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ | ᠲᠣᠳᠣᠷᠬᠠᠢ ᠳᠡᠮᠵᠢᠵᠦ᠂ ᠰᠢᠨ᠎ᠡ ᠪᠠᠷ ᠪᠠᠶᠢᠭᠤᠯᠤᠭᠰᠠᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠡᠮᠵᠢᠶ᠎ᠡ 1 ᠲᠦᠮᠡᠨ ᠲᠤᠨ / ᠵᠢᠯ ᠠᠴᠠ ᠳᠡᠭᠡᠭᠰᠢ ᠪᠣᠯᠤᠭᠰᠠᠨ | ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠬᠡᠷᠡᠭᠯᠡᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠯᠣᠨ | ᠳᠠᠬᠢᠯᠲᠠ ᠡᠬᠢ ᠪᠠᠶᠠᠯᠢᠭ ᠢ ᠳᠡᠭᠡᠳᠦ ᠳᠡᠰᠵᠢᠭᠦᠯᠭᠦ᠂ ᠪᠣᠬᠢᠷᠳᠤᠯ ᠦᠭᠡᠢ ᠪᠤᠯᠭᠠᠬᠤ᠂ ᠡᠷᠭᠢᠯᠳᠦᠭᠦᠯᠦᠨ ᠠᠰᠢᠭᠯᠠᠬᠤ | ᠲᠥᠷᠥᠯ ᠵᠦᠢᠯ ᠢ ᠪᠣᠯ᠂ 1 ᠲᠤᠨ ᠪᠦᠷᠢ ᠳᠤ 10 ᠲᠥᠭᠦᠷᠢᠭ ᠤᠨ ᠲᠤᠰᠠᠯᠠᠮᠵᠢ ᠣᠯᠭᠤᠨ᠎ᠠ᠃ ︵ᠬᠠᠷᠢᠯᠴᠠᠬᠤ | ᠰᠠᠯᠠᠭ᠎ᠠ ᠮᠥᠴᠢᠷ᠄ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠲᠠ ᠶᠢᠨ ᠰᠠᠯᠠᠭ᠎ᠠ ᠮᠥᠴᠢᠷ︶ | ᠬᠠᠮᠢᠶ᠎ᠠ ᠪᠦᠬᠦᠢ ᠪᠢᠴᠢᠭ ᠮᠠᠲ᠋ᠧᠷᠢᠶᠠᠯ᠄ ︽2014 ᠣᠨ ᠤ ᠥᠪᠡᠷᠲᠡᠭᠡᠨ ᠵᠠᠰᠠᠬᠤ ᠣᠷᠣᠨ ᠤ | ᠭᠤᠣᠯᠳᠠᠯᠭ᠎ᠠ ᠲᠠᠢ ᠠᠵᠤ ᠦᠢᠯᠡᠰ ᠢ ᠬᠥᠭᠵᠢᠭᠦᠯᠬᠦ ᠲᠤᠰᠬᠠᠢ ᠪᠡᠯᠡ ᠮᠥᠩᠭᠦ ᠭᠤᠶᠤᠴᠢᠯᠠᠨ ᠮᠡᠳᠡᠭᠦᠯᠬᠦ ᠵᠦᠭᠯᠡᠭᠦᠷ ᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠠᠵᠤ ᠦᠢᠯᠡᠳᠪᠦᠷᠢ ᠮᠡᠳᠡᠭᠡ ᠴᠢᠮᠡᠭᠡ ᠬᠤᠯᠪᠤᠭ᠎ᠠ ᠪᠡᠯᠡ | ᠣᠷᠣᠭᠤᠯᠤᠯᠲᠠ ᠦᠰᠦᠭ ﹇2013﹈ 386 ᠳ᠋ᠤᠭᠠᠷ ᠲᠣᠭᠠᠲᠤ︶ ᠪᠠ ︽2014 ᠣᠨ ᠤ ᠭᠤᠣᠯᠳᠠᠯᠭ᠎ᠠ ᠲᠠᠢ | ᠠᠵᠤ ᠦᠢᠯᠡᠰ ᠢ ᠬᠥᠭᠵᠢᠭᠦᠯᠬᠦ ᠲᠤᠰᠬᠠᠢ ᠪᠡᠯᠡ ᠮᠥᠩᠭᠦ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ | ᠥᠷᠨᠢᠭᠦᠯᠵᠦ ᠨᠥᠬᠦᠪᠦᠷᠢ ᠭᠤᠶᠤᠴᠢᠯᠠᠨ ᠮᠡᠳᠡᠭᠦᠯᠬᠦ ᠲᠤᠬᠠᠢ ᠮᠡᠳᠡᠭᠳᠡᠯ︾ ︵ᠥᠪᠥᠷ ᠠᠵᠤ ᠦᠢᠯᠡᠳᠪᠦᠷᠢ ᠮᠡᠳᠡᠭᠡ | ᠵᠠᠩᠭᠢ ᠪᠡᠯᠡ ᠣᠷᠣᠭᠤᠯᠤᠯᠲᠠ ᠦᠰᠦᠭ ﹇2014﹈ 90 ᠳ᠋ᠦ᠋ᠭᠡᠷ ᠲᠣᠭᠠᠲᠤ︶ | ᠬᠠᠷᠢᠯᠴᠠᠬᠤ ᠰᠠᠯᠠᠭ᠎ᠠ ᠮᠥᠴᠢᠷ᠄ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ | |