ᠠᠯᠠᠱᠠ ᠵᠡᠭᠦᠨ ᠬᠤᠰᠢᠭᠤᠨ ᠤ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠲᠥᠷᠥᠯ ᠵᠦᠢᠯ ᠬᠤᠳᠠᠯᠳᠤᠨ ᠠᠪᠬᠤ ᠠᠯᠪᠠᠨ ᠵᠠᠷ
ᠨᠡᠶᠢᠲᠡᠯᠡᠭᠰᠡᠨ ᠴᠠᠭ᠄
2024/12/31
                 ᠮᠠᠲ᠋ᠧᠷᠢᠶᠠᠯ ᠤᠨ ᠳ᠋ᠤᠭᠠᠷ᠄ 11152921011765439 E / 2024 -02323      ᠨᠡᠶᠢᠲᠡᠯᠡᠭᠰᠡᠨ ᠪᠠᠶᠢᠭᠤᠯᠭ᠎ᠠ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ      ᠨᠡᠶᠢᠲᠡᠯᠡᠭᠰᠡᠨ ᠬᠡᠯᠪᠡᠷᠢ᠄ ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ      ᠠᠩᠭᠢᠯᠠᠯ᠄ ᠮᠡᠳᠡᠭᠳᠡᠯ             ᠠᠯᠠᠱᠠ ᠵᠡᠭᠦᠨ ᠬᠤᠰᠢᠭᠤᠨ ᠤ ᠪᠦᠭᠦ ᠠᠷᠠᠳ ᠤᠨ ᠪᠤᠢ ᠪᠦᠬᠦᠢ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠪᠠᠶᠢᠴᠠᠭᠠᠨ ᠲᠣᠳᠣᠯᠠᠬᠤ ᠲᠥᠷᠥᠯ ᠵᠦᠢᠯ ᠤᠨ ᠳᠠᠯᠳᠠ ᠬᠠᠩᠭᠠᠯᠭ᠎ᠠ ᠶᠢᠨ ᠬᠤᠳᠠᠯᠳᠤᠭᠠᠴᠢᠨ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 407 ᠲᠠᠰᠤᠭ ᠲᠤ ᠬᠤᠳᠠᠯᠳᠤᠨ ᠠᠪᠬᠤ ᠪᠢᠴᠢᠭ ᠮᠠᠲ᠋ᠧᠷᠢᠶᠠᠯ ᠣᠯᠬᠤ ᠶᠢᠨ ᠬᠠᠮᠲᠤ᠂ 2014 ᠣᠨ ᠤ 12 ᠰᠠᠷ᠎ᠠ ᠶᠢᠨ 9᠎ ᠤ ᠡᠳᠦᠷ ᠤᠨ 12 ᠴᠠᠭ 00 ᠮᠢᠨᠦ᠋ᠲ ︵ᠪᠡᠭᠡᠵᠢᠩ ᠤᠨ ᠴᠠᠭ︶᠎ ᠤᠨ ᠡᠮᠦᠨ᠎ᠡ ᠳᠠᠭᠠᠯᠲᠠ ᠶᠢᠨ ᠪᠢᠴᠢᠭ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠢ᠃       ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ       ᠲᠥᠷᠥᠯ ᠵᠦᠢᠯ ᠤᠨ ᠨᠡᠷᠡᠶᠢᠳᠦᠯ᠄ ᠠᠯᠠᠱᠠ ᠵᠡᠭᠦᠨ ᠬᠤᠰᠢᠭᠤᠨ ᠤ ᠪᠦᠭᠦ ᠠᠷᠠᠳ ᠤᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠣᠳᠣᠯᠠᠨ ᠪᠠᠶᠢᠴᠠᠭᠠᠬᠤ ᠲᠥᠷᠥᠯ ᠵᠦᠢᠯ       ᠬᠤᠳᠠᠯᠳᠤᠨ ᠠᠪᠬᠤ ᠭᠡᠯᠪᠡᠷᠢ᠄ ᠥᠷᠢᠰᠦᠯᠳᠦᠭᠡᠨ ᠤ ᠴᠢᠨᠠᠷᠲᠠᠢ ᠵᠥᠪᠳᠡᠯᠴᠡᠭᠡ       ᠲᠥᠰᠥᠪ ᠤᠨ ᠵᠣᠭᠤᠰ ᠤᠨ ᠲᠤᠭ᠎ᠠ᠄ 6000.000 ᠲᠥᠭᠦᠷᠢᠭ ᠠᠷᠠᠳ ᠤᠨ ᠵᠣᠭᠤᠰ ︵ᠬᠤᠳᠠᠯᠳᠤᠨ ᠠᠪᠬᠤ ᠲᠥᠰᠥᠪ ᠠᠴᠠ ᠳᠠᠪᠠᠭᠤᠯᠤᠭᠰᠠᠨ ᠦᠨ᠎ᠡ ᠬᠠᠩᠰᠢ ᠶᠢ ᠴᠥᠮ ᠬᠦᠴᠦᠨ ᠦᠭᠡᠢ ᠰᠢᠢᠳᠪᠦᠷᠢᠯᠡᠨ᠎ᠡ︶᠃       ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ᠄ ᠲᠤᠰ ᠤᠳᠠᠭᠠᠨ ᠤ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠡᠪᠴᠢᠶᠡᠨ ᠳᠤ ᠠᠷᠠᠳ ᠨᠡᠶᠢᠲᠡ ᠶᠢᠨ ᠥᠮᠴᠢᠯᠡᠯ ᠤᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠵᠡᠷᠭᠡ 5 ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠪᠠᠭᠲᠠᠨ᠎ᠠ᠃ ᠣᠳᠣ ᠪᠠᠶᠢᠭ᠎ᠠ ᠡᠯ᠎ᠡ ᠲᠥᠷᠥᠯ ᠤᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠠᠰᠢᠭᠯᠠᠵᠤ᠂ ᠲᠤᠰ ᠬᠠᠷᠢᠶᠠᠨ ᠳᠠᠬᠢ ᠭᠠᠵᠠᠷ ᠰᠢᠷᠣᠢ᠂ ᠠᠭᠤᠷᠬᠠᠢ ᠶᠢᠨ ᠡᠬᠢ ᠪᠠᠶᠠᠯᠢᠭ ᠤᠨ ᠪᠣᠳᠠᠲᠤ ᠪᠣᠳᠠᠰ ᠤᠨ ᠬᠡᠮᠵᠢᠶ᠎ᠡ ᠶᠢ ᠪᠠᠶᠢᠴᠠᠭᠠᠨ ᠲᠣᠳᠣᠷᠬᠠᠶᠢᠯᠠᠵᠤ᠂ ᠪᠣᠳᠠᠲᠤ ᠪᠣᠳᠠᠰ ᠤᠨ ᠬᠡᠮᠵᠢᠶᠡᠨ ᠤ ᠵᠢᠷᠤᠭ ᠤᠨ ᠳᠠᠪᠬᠤᠷᠭ᠎ᠠ ᠶᠢ ᠪᠦᠷᠢᠯᠳᠦᠭᠦᠯᠦᠨ᠎ᠡ︔ ᠠᠷᠠᠳ ᠨᠡᠶᠢᠲᠡ ᠶᠢᠨ ᠥᠮᠴᠢᠯᠡᠯ ᠤᠨ ᠣᠢ ᠰᠢᠭᠤᠢ᠂ ᠨᠤᠲᠤᠭ ᠪᠡᠯᠴᠢᠭᠡᠷ ᠪᠠ ᠨᠤᠭᠤ ᠭᠠᠵᠠᠷ ᠤᠨ ᠡᠬᠢ ᠪᠠᠶᠠᠯᠢᠭ ᠡᠳ᠋ ᠬᠥᠷᠥᠩᠭᠡ ᠶᠢ ᠪᠠᠶᠢᠴᠠᠭᠠᠨ ᠲᠣᠳᠣᠯᠠᠬᠤ ᠳᠤ ᠬᠡᠷᠡᠭᠰᠡᠬᠦ ᠲᠤᠭ᠎ᠠ ᠪᠠᠷᠢᠮᠲᠠ ᠶᠢ ᠨᠥᠬᠦᠪᠦᠷᠢᠯᠡᠬᠦ︔ ᠪᠦᠭᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠡᠷᠡᠭᠯᠡᠭᠰᠡᠨ ᠡᠷᠬᠡ ᠶᠢᠨ ᠪᠠᠶᠢᠳᠠᠯ ᠢ ᠢᠯᠭᠠᠷᠠᠭᠤᠯᠤᠨ ᠪᠠᠶᠢᠴᠠᠭᠠᠬᠤ ᠠᠵᠢᠯ ᠢ ᠪᠡᠶᠡᠯᠡᠭᠦᠯᠦᠨ᠎ᠡ︔ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠦᠨ᠎ᠡ ᠬᠠᠩᠰᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯᠣᠨ ᠰᠢᠨᠡᠳᠬᠡᠬᠦ ᠳᠤ ᠬᠡᠷᠡᠭᠰᠡᠬᠦ ᠰᠠᠭᠤᠷᠢ ᠮᠠᠲ᠋ᠧᠷᠢᠶᠠᠯ ᠢ ᠴᠤᠭᠯᠠᠭᠤᠯᠤᠨ᠂ ᠲᠤᠰ ᠵᠠᠰᠠᠭ ᠵᠠᠬᠢᠷᠭᠠᠨ ᠤ ᠣᠷᠣᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠵᠡᠷᠭᠡ ᠡᠳ᠋ ᠬᠥᠷᠥᠩᠭᠡ ᠶᠢᠨ ᠢᠯᠭᠠᠷᠠᠭᠤᠯᠤᠨ ᠪᠠᠶᠢᠴᠠᠭᠠᠬᠤ ᠦᠨ᠎ᠡ ᠬᠠᠩᠰᠢ ᠶᠢ ᠰᠢᠨᠡᠳᠬᠡᠬᠦ ᠬᠡᠷᠡᠭᠲᠡᠢ᠃       ᠭᠡᠷ᠎ᠡ ᠶᠢ ᠭᠦᠢᠴᠡᠳᠬᠡᠬᠦ ᠬᠤᠭᠤᠴᠠᠭ᠎ᠠ᠄ 2025 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠠᠷᠢᠮᠵᠢᠶᠠᠲᠤ ᠴᠠᠭ ᠲᠤᠨᠢ ᠲᠣᠳᠣᠯᠠᠨ ᠪᠠᠶᠢᠴᠠᠭᠠᠭᠰᠠᠨ ᠦᠷ᠎ᠡ ᠪᠦᠲᠦᠭᠡᠯ ᠢ ᠥᠪᠡᠰᠦᠪᠡᠨ ᠪᠠᠶᠢᠴᠠᠭᠠᠬᠤ ᠶᠢ ᠪᠡᠶᠡᠯᠡᠭᠦᠯᠬᠦ ᠶᠢᠨ ᠬᠠᠮᠲᠤ ᠳᠡᠭᠡᠭᠰᠢ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠤᠷᠢᠳᠴᠢᠯᠠᠨ ᠪᠠᠶᠢᠴᠠᠭᠠᠯᠲᠠ ᠬᠢᠨ᠎ᠡ︔ 2025 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠬᠠᠮᠵᠢᠯᠴᠠᠨ ᠦᠨᠳᠦᠰᠦᠨ ᠴᠠᠭ ᠪᠠ ᠴᠠᠭ ᠲᠤᠨᠢ ᠡᠳ᠋ ᠬᠥᠷᠥᠩᠭᠡ ᠢᠯᠭᠠᠷᠠᠭᠤᠯᠤᠨ ᠪᠠᠶᠢᠴᠠᠭᠠᠭᠰᠠᠨ ᠦᠷ᠎ᠡ ᠪᠦᠲᠦᠭᠡᠯ ᠢ ᠳᠠᠭᠢᠨ ᠪᠠᠶᠢᠴᠠᠭᠠᠬᠤ ᠶᠢ ᠪᠡᠶᠡᠯᠡᠭᠦᠯᠵᠦ᠂ ᠦᠷ᠎ᠡ ᠪᠦᠲᠦᠭᠡᠯ ᠢ ᠬᠥᠮᠥᠷᠭᠡ ᠳᠤ ᠭᠤᠪᠢᠭᠤᠯᠤᠨ ᠲᠤᠰᠢᠶᠠᠬᠤ ᠶᠢ ᠪᠡᠶᠡᠯᠡᠭᠦᠯᠦᠨ᠎ᠡ᠃ 2026 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠰᠢᠨᠡᠳᠬᠡᠬᠦ ᠦᠶᠡᠰ ᠡᠳ᠋ ᠬᠥᠷᠥᠩᠭᠡ ᠶᠢ ᠲᠣᠳᠣᠯᠠᠨ ᠪᠠᠶᠢᠴᠠᠭᠠᠭᠰᠠᠨ ᠦᠷ᠎ᠡ ᠪᠦᠲᠦᠭᠡᠯ ᠢ ᠥᠪᠡᠰᠦᠪᠡᠨ ᠪᠠᠶᠢᠴᠠᠭᠠᠬᠤ ᠶᠢᠨ ᠬᠠᠮᠲᠤ ᠳᠡᠭᠡᠭᠰᠢ ᠠᠯᠠᠱᠠ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠤᠷᠢᠳᠴᠢᠯᠠᠨ ᠪᠠᠶᠢᠴᠠᠭᠠᠯᠲᠠ ᠬᠢᠯᠭᠡᠨ᠎ᠡ︔ 2026 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠬᠠᠮᠵᠢᠯᠴᠠᠨ ᠰᠢᠨᠡᠳᠬᠡᠬᠦ ᠦᠶ᠎ᠡ ᠶᠢᠨ ᠡᠳ᠋ ᠬᠥᠷᠥᠩᠭᠡ ᠶᠢ ᠪᠠᠶᠢᠴᠠᠭᠠᠭᠰᠠᠨ ᠦᠷ᠎ᠡ ᠪᠦᠲᠦᠭᠡᠯ ᠢ ᠳᠠᠭᠢᠨ ᠪᠠᠶᠢᠴᠠᠭᠠᠬᠤ ᠶᠢ ᠪᠡᠶᠡᠯᠡᠭᠦᠯᠵᠦ᠂ ᠦᠷ᠎ᠡ ᠪᠦᠲᠦᠭᠡᠯ ᠢ ᠬᠥᠮᠥᠷᠭᠡ ᠳᠤ ᠭᠤᠪᠢᠭᠤᠯᠤᠨ ᠣᠷᠣᠭᠤᠯᠤᠨ᠎ᠠ᠃ ︵ᠪᠣᠳᠠᠲᠠᠢ ᠬᠤᠭᠤᠴᠠᠭ᠎ᠠ ᠶᠢ ᠭᠡᠷ᠎ᠡ ᠲᠣᠭᠲᠠᠭᠠᠬᠤ ᠪᠠᠷ ᠪᠠᠷᠢᠮᠵᠢᠶ᠎ᠠ ᠪᠣᠯᠭᠠᠨ᠎ᠠ︶᠃       ᠬᠠᠮᠲᠤᠷᠠᠭᠰᠠᠨ ᠴᠣᠭᠴᠠ ᠶᠢᠨ ᠵᠥᠪᠳᠡᠯᠴᠡᠭᠡ ᠶᠢ ᠭᠥᠯᠢᠶᠡᠨ ᠠᠪᠤᠨ᠎ᠠ᠃       ᠬᠤᠶᠠᠷ᠂ ᠬᠠᠩᠭᠠᠭᠴᠢ ᠬᠤᠳᠠᠯᠳᠤᠭᠠᠴᠢᠨ ᠤ ᠬᠢᠷᠢ ᠭᠡᠮ ᠤᠨ ᠱᠠᠭᠠᠷᠳᠠᠯᠭ᠎ᠠ᠄       1. ᠬᠠᠩᠭᠠᠭᠴᠢ ᠬᠤᠳᠠᠯᠳᠤᠭᠠᠴᠢᠨ ᠢ ᠠᠴᠢᠶᠠᠯᠠᠭᠰᠠᠨ ᠡᠵᠡᠩᠨᠡᠯᠲᠡ ᠶᠢᠨ ᠦᠨᠡᠮᠯᠡᠯ ᠢ ᠪᠦᠷᠢᠳᠦᠭᠦᠯᠦᠭᠰᠡᠨ ᠪᠠᠶᠢᠬᠤ︔       2. ᠬᠠᠩᠭᠠᠭᠴᠢ ᠬᠤᠳᠠᠯᠳᠤᠭᠠᠴᠢᠨ ᠡᠷᠬᠡᠪᠰᠢ ᠬᠦᠴᠦᠨ ᠲᠠᠢ ᠬᠤᠭᠤᠴᠠᠭᠠᠨ ᠳᠣᠲᠣᠷᠠᠬᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠣᠯᠭᠤᠭᠰᠠᠨ ᠬᠡᠮᠵᠢᠨ ᠵᠢᠷᠤᠬᠤ ᠬᠥᠬᠡᠭᠴᠢᠨ ᠳᠡᠰ ︵ᠪᠠᠭᠲᠠᠨ᠎ᠠ︶᠎ ᠠᠴᠠ ᠳᠡᠭᠡᠭᠰᠢᠬᠢ ᠬᠢᠷᠢ ᠴᠢᠳᠠᠮᠵᠢ ᠪᠠ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠮᠤᠵᠢ / ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ︶᠎ ᠠᠴᠠ ᠬᠢᠨᠠᠨ ᠣᠯᠭᠤᠭᠰᠠᠨ ᠭᠠᠵᠠᠷ ᠰᠢᠷᠣᠢ ᠶᠢᠨ ᠦᠨ᠎ᠡ ᠵᠢᠱᠢᠬᠦ ᠪᠠᠶᠢᠭᠤᠯᠤᠮᠵᠢ ᠶᠢᠨ ᠳᠠᠩᠰᠠᠯᠠᠭᠤᠯᠤᠭᠰᠠᠨ ᠵᠠᠬᠢᠳᠠᠯ ᠪᠣᠯᠣᠨ ᠭᠠᠵᠠᠷ ᠰᠢᠷᠣᠢ ᠶᠢᠨ ᠦᠨ᠎ᠡ ᠵᠢᠱᠢᠬᠦ ᠪᠠᠶᠢᠭᠤᠯᠤᠮᠵᠢ ᠶᠢᠨ 5A ᠳᠡᠰ ᠤᠨ ᠢᠲᠡᠭᠡᠮᠵᠢ ᠶᠢᠨ ᠵᠡᠷᠭᠡ ᠳᠡᠰ ᠤᠨ ᠦᠨᠡᠮᠯᠡᠯ ᠲᠠᠢ ᠪᠠᠶᠢᠬᠤ ᠬᠡᠷᠡᠭᠲᠡᠢ ;       3. ︽ᠢᠲᠡᠭᠡᠮᠵᠢ ᠲᠠᠢ ᠳᠤᠮᠳᠠᠳᠤ ᠤᠯᠤᠰ︾᠎ ᠤᠨ ᠰᠦᠯᠵᠢᠶ᠎ᠡ ︵www . creditchina . gov . cn︶᠂ ︽ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ︾ ︵www . ccgp . gov . cn︶᠂ ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠢᠯᠡ ᠨᠡᠶᠢᠲᠡᠯᠡᠬᠦ ᠲᠤᠬᠠᠢ ᠰᠢᠰᠲ᠋ᠧᠮ︾ ︵www . gsxt . gov . cn︶᠎ ᠠᠴᠠ ᠬᠠᠩᠭᠠᠭᠴᠢ ᠬᠤᠳᠠᠯᠳᠤᠭᠠᠴᠢᠨ ᠤ ᠢᠲᠡᠭᠡᠮᠵᠢ ᠶᠢᠨ ᠲᠡᠮᠳᠡᠭᠯᠡᠯ ᠢ ᠯᠠᠪᠯᠠᠨ᠎ᠠ᠃ ᠢᠲᠡᠭᠡᠯ ᠢᠶᠠᠨ ᠠᠯᠳᠠᠭᠰᠠᠨ ᠭᠦᠢᠴᠡᠳᠬᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠢ ᠶᠢᠨ ᠬᠥᠮᠥᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠠᠵᠢᠯᠯᠠᠭ᠎ᠠ ᠶᠢᠨ ᠲᠡᠮᠳᠡᠭᠯᠡᠯ ᠤᠨ ᠨᠡᠷᠡᠰ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠎ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠳᠤ ᠦᠯᠦ ᠨᠡᠶᠢᠴᠡᠬᠦ ᠪᠤᠰᠤᠳ ᠬᠠᠩᠭᠠᠭᠴᠢ ᠬᠤᠳᠠᠯᠳᠤᠭᠠᠴᠢᠨ ᠤ ᠲᠤᠰ ᠤᠳᠠᠭᠠᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠶᠢ ᠲᠡᠪᠴᠢᠬᠦ︔       4. ᠭᠠᠶᠢᠯᠢ ᠲᠠᠲᠠᠪᠤᠷᠢ ᠪᠣᠯᠣᠨ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ ᠲᠤᠰᠢᠶᠠᠭᠰᠠᠨ ᠰᠠᠶᠢᠨ ᠲᠡᠮᠳᠡᠭᠯᠡᠯ ᠲᠠᠢ ᠪᠠᠶᠢᠵᠤ᠂ 2014 ᠣᠨ ᠤ 1 ᠳ᠋ᠦ᠋ᠭᠡᠷ ᠰᠠᠷ᠎ᠠ ᠠᠴᠠ ᠵᠥᠪᠳᠡᠯᠴᠡᠭᠰᠡᠨ ᠡᠳᠦᠷ ᠬᠤᠭᠤᠴᠠᠭ᠎ᠠ ᠪᠤᠯᠲᠠᠯᠠᠭᠢ ᠬᠤᠭᠤᠴᠠᠭᠠᠨ ᠳᠤ ᠠᠳᠠᠭ ᠲᠠᠭᠠᠨ 1 ᠰᠠᠷ᠎ᠠ ᠶᠢᠨ ᠭᠠᠶᠢᠯᠢ ᠲᠤᠰᠢᠶᠠᠭᠰᠠᠨ ᠭᠡᠷᠡᠴᠢ ᠲᠡᠮᠳᠡᠭ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠭᠡᠷᠡᠴᠢ ᠪᠠᠷᠢᠮᠲᠠ ᠶᠢ ᠬᠠᠩᠭᠠᠵᠤ᠂ ᠡᠭᠦᠨ ᠳᠤ ᠬᠤᠭᠤᠰᠤᠨ ᠨᠡᠷ᠎ᠡ ᠮᠡᠳᠡᠭᠦᠯᠦᠭᠰᠡᠨ᠂ ᠬᠠᠤᠯᠢ ᠶᠣᠰᠣᠭᠠᠷ ᠭᠠᠶᠢᠯᠢ ᠠᠴᠠ ᠬᠡᠯᠲᠦᠷᠢᠭᠦᠯᠦᠭᠰᠡᠨ ᠪᠤᠶᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠬᠤ ᠴᠢᠬᠤᠯᠠ ᠦᠭᠡᠢ ᠬᠠᠩᠭᠠᠭᠴᠢ ᠬᠤᠳᠠᠯᠳᠤᠭᠠᠴᠢᠨ ᠎ ᠠᠴᠠ ᠵᠣᠬᠢᠬᠤ ᠭᠡᠷᠡᠴᠢ ᠪᠢᠴᠢᠭ ᠮᠠᠲ᠋ᠧᠷᠢᠶᠠᠯ ᠬᠠᠩᠭᠠᠬᠤ ᠬᠡᠷᠡᠭᠲᠡᠢ︔       5. ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠣᠬᠤ ᠳᠦᠷᠢᠮ ᠲᠠᠢ ᠪᠠᠶᠢᠵᠤ᠂ 2022 ᠣᠨ ᠪᠤᠶᠤ 2023 ᠣᠨ ᠳᠤ ᠨᠢᠭᠲᠠᠯᠠᠨ ᠪᠤᠳᠣᠬᠴᠢ ᠶᠢᠨ ᠬᠡᠷᠡᠭ ᠡᠷᠭᠢᠯᠡᠭᠦ ᠭᠠᠵᠠᠷ ᠠᠴᠠ ᠭᠠᠷᠭᠠᠭᠰᠠᠨ ᠡᠳ᠋ ᠤᠨ ᠶᠠᠪᠤᠳᠠᠯ ᠤᠨ ᠬᠢᠨᠠᠨ ᠪᠤᠳᠣᠬᠰᠠᠨ ᠮᠡᠳᠡᠭᠦᠯᠦᠯᠲᠡ ᠪᠤᠶᠤ ᠲᠡᠭᠦᠨ ᠤ ᠦᠨᠳᠦᠰᠦᠨ ᠳᠠᠩᠰᠠ ᠪᠠᠶᠢᠭᠤᠯᠤᠭᠰᠠᠨ ᠪᠠᠩᠬᠢ ᠠᠴᠠ ᠭᠠᠷᠭᠠᠵᠤ ᠥᠭᠭᠦᠭᠰᠡᠨ ᠣᠶᠢᠷ᠎ᠠ ᠶᠢᠨ ᠨᠢᠭᠡ ᠵᠢᠯ ᠤᠨ ᠳᠣᠲᠣᠷᠠᠬᠢ ᠪᠠᠩᠬᠢ ᠶᠢᠨ ᠬᠥᠷᠥᠩᠭᠡ ᠢᠲᠡᠭᠡᠮᠵᠢ ᠶᠢᠨ ᠭᠡᠷᠡᠴᠢ ᠶᠢ ᠬᠠᠩᠭᠠᠨ᠎ᠠ᠃       ᠭᠤᠷᠪᠠ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠣᠯᠬᠤ       ᠴᠠᠭ᠄ 2024 ᠣᠨ ᠤ 11 ᠰᠠᠷ᠎ᠠ ᠶᠢᠨ 27᠎ ᠤ ᠡᠳᠦᠷ ᠠᠴᠠ 2024 ᠣᠨ ᠤ 12 ᠰᠠᠷ᠎ᠠ ᠶᠢᠨ 1᠎ ᠤ ᠡᠳᠦᠷ ᠪᠤᠯᠲᠠᠯ᠎ᠠ᠂ ᠡᠳᠦᠷ ᠪᠦᠷᠢ ᠶᠢᠨ ᠦᠳᠡ ᠶᠢᠨ ᠡᠮᠦᠨᠡᠬᠢ 09 : 00᠎ ᠠᠴᠠ 12 : 00᠂ ᠦᠳᠡ ᠶᠢᠨ ᠬᠤᠶᠢᠨᠠᠬᠢ 15 : 00᠎ ᠠᠴᠠ 18 : 00 ᠭᠦᠷᠲᠡᠯ᠎ᠡ᠃       ᠭᠠᠵᠠᠷ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ 407 ᠲᠠᠰᠤᠭ ︵ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠨᠠᠨ ᠯᠢᠶᠠᠩ ᠵᠡᠭᠡᠯᠢ ᠶᠢᠨ 54 ᠨᠣᠮᠧᠷᠲᠤ︶       ᠠᠷᠭ᠎ᠠ ᠮᠠᠶ᠋ᠢᠭ᠄ ᠰᠦᠯᠵᠢᠶᠡᠨ ᠠᠴᠠ ᠭᠠᠳᠠᠨ᠎ᠠ ᠭᠠᠷᠭᠠᠨ ᠠᠪᠬᠤ       ᠪᠣᠷᠣᠯᠠᠭᠤᠯᠬᠤ ᠦᠨ᠎ᠡ᠄ ᠦᠨ᠎ᠡ ᠲᠥᠯᠥᠪᠦᠷᠢ ᠦᠭᠡᠢ ᠪᠠᠷ ᠠᠪᠬᠤ       ᠳᠥᠷᠪᠡ᠂ ᠳᠠᠭᠠᠵᠤ ᠳᠡᠶᠢᠯᠭᠦ ᠪᠢᠴᠢᠭ ᠮᠠᠲ᠋ᠧᠷᠢᠶᠠᠯ ᠢ ᠲᠤᠰᠢᠶᠠᠬᠤ       ᠳᠠᠭᠤᠰᠬᠤ ᠴᠠᠭ᠄ 2024 ᠣᠨ ᠤ 12 ᠰᠠᠷ᠎ᠠ ᠶᠢᠨ 9᠎ ᠤ ᠡᠳᠦᠷ ᠤᠨ 12 ᠴᠠᠭ 00 ᠮᠢᠨᠦ᠋ᠲ       ᠭᠠᠵᠠᠷ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠨᠠᠨ ᠯᠢᠶᠠᠩ ᠵᠡᠭᠡᠯᠢ ᠶᠢᠨ 54 ᠲᠣᠭᠠᠲᠤ︶       ᠲᠠᠪᠤ᠂ ᠵᠥᠪᠳᠡᠯᠴᠡᠬᠦ ᠴᠠᠭ ᠬᠤᠭᠤᠴᠠᠭ᠎ᠠ ᠵᠢᠴᠢ ᠭᠠᠵᠠᠷ ᠣᠷᠣᠨ       ᠴᠠᠭ᠄ 2024 ᠣᠨ ᠤ 12 ᠰᠠᠷ᠎ᠠ ᠶᠢᠨ 9᠎ ᠤ ᠡᠳᠦᠷ ᠤᠨ 15 ᠴᠠᠭ 00 ᠮᠢᠨᠦ᠋ᠲ       ᠭᠠᠵᠠᠷ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠷᠪᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ       ᠵᠢᠷᠭᠤᠭ᠎ᠠ᠂ ᠵᠠᠷᠯᠠᠭᠰᠠᠨ ᠬᠤᠭᠤᠴᠠᠭ᠎ᠠ       ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 5 ᠡᠳᠦᠷ᠃       ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ       ᠬᠤᠳᠠᠯᠳᠤᠨ ᠠᠪᠤᠭᠴᠢ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ       ᠬᠠᠶ᠋ᠢᠭ᠄ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠨᠠᠨ ᠯᠢᠶᠠᠩ ᠵᠡᠭᠡᠯᠢ ᠶᠢᠨ 54 ᠲᠣᠭᠠᠲᠤ       ᠬᠠᠷᠢᠯᠴᠠᠬᠤ ᠬᠥᠮᠥᠨ᠄ ᠵᠢᠶᠠᠩ ᠹᠧᠩ       ᠬᠠᠷᠢᠯᠴᠠᠬᠤ ᠠᠷᠭ᠎ᠠ ᠮᠠᠶ᠋ᠢᠭ᠄ 0483-8229725       ᠰᠢᠤᠳᠠᠨ ᠤ ᠬᠠᠶᠢᠷᠴᠠᠭ᠄ gtzyj16 @163. com
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号