ᠵᠧᠩ ᠰᠢᠤᠸᠠᠢ
ᠨᠡᠶᠢᠲᠡᠯᠡᠭᠰᠡᠨ ᠴᠠᠭ᠄
2024/12/31
      ᠡᠮᠡᠭᠲᠡᠢ᠂ ᠬᠢᠲᠠᠳ ᠦᠨᠳᠦᠰᠦᠲᠡᠨ᠂ 1984 ᠣᠨ ᠤ 5 ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠠᠯᠠᠱᠠ ᠵᠡᠭᠦᠨ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠪᠴᠢᠶ᠎ᠠ ᠶᠢᠨ ᠳᠡᠳ᠋ ᠳᠠᠷᠤᠭ᠎ᠠ᠂ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ       ᠠᠵᠢᠯ ᠤᠨ ᠬᠤᠪᠢᠶᠠᠷᠢ       ᠸᠴᠢᠷ ᠨᠥᠬᠦᠷ ᠤᠨ ᠠᠵᠢᠯ ᠢ ᠬᠠᠪᠰᠤᠷᠴᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ᠂ ᠲᠥᠷᠥᠯ ᠵᠦᠢᠯ᠂ ᠪᠡᠯᠡ ᠮᠥᠩᠭᠦ᠂ ᠡᠳ᠋ ᠤᠨ ᠶᠠᠪᠤᠳᠠᠯ᠂ ᠲᠤᠭ᠎ᠠ ᠪᠦᠷᠢᠳᠬᠡᠯ᠂ ᠳᠣᠲᠣᠭᠠᠳᠤ ᠶᠢᠨ ᠬᠢᠨᠠᠨ ᠪᠣᠳᠣᠯᠲᠠ᠂ ᠰᠤᠷᠭᠠᠨ ᠬᠥᠮᠦᠵᠢᠯ ᠤᠨ ᠰᠠᠭᠤᠷᠢ ᠮᠥᠩᠭᠦ ᠶᠢᠨ ᠬᠠᠮᠢᠶᠠᠷᠤᠯᠲᠠ᠂ ᠰᠤᠷᠭᠠᠭᠤᠯᠢ ᠶᠢᠨ ᠠᠷᠤ ᠲᠠᠯ᠎ᠠ ᠶᠢᠨ ᠬᠠᠮᠢᠶᠠᠷᠤᠯᠲᠠ᠂ ᠰᠤᠷᠤᠬᠴᠢ ᠶᠢ ᠲᠤᠰᠠᠯᠠᠬᠤ᠂ ᠬᠥᠳᠡᠭᠡ ᠲᠣᠰᠬᠤᠨ ᠢ ᠬᠥᠭᠵᠢᠭᠦᠯᠬᠦ᠂ ᠪᠠᠭᠰᠢ ᠶᠢᠨ ᠨᠡᠶᠢᠲᠡ ᠶᠢᠨ ᠪᠠᠶᠢᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠰᠤᠷᠭᠠᠭᠤᠯᠢ ᠵᠢᠴᠢ ᠡᠷᠭᠢᠨ ᠲᠣᠭᠤᠷᠢᠨ ᠤ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠬᠠᠤᠯᠢ ᠲᠦᠭᠡᠮᠡᠯᠵᠢᠭᠦᠯᠬᠦ ᠬᠥᠮᠦᠵᠢᠯ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠪᠠ ᠵᠠᠰᠠᠭ ᠵᠠᠬᠢᠷᠭᠠᠨ ᠤ ᠳᠠᠭᠢᠨ ᠵᠥᠪᠯᠡᠬᠦ ᠶᠢ ᠬᠠᠷᠢᠭᠤᠴᠠᠨ᠎ᠠ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ︾᠎ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠬᠤᠪᠢᠳᠠᠨ ᠬᠠᠮᠢᠶᠠᠷᠬᠤ ᠬᠦᠷᠢᠶ᠎ᠡ ᠬᠡᠪᠴᠢᠶᠡᠨ ᠳᠠᠬᠢ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠭᠡᠯᠪᠡᠷᠢ᠂ ᠠᠶᠤᠯᠭᠦᠢ ᠦᠢᠯᠡᠳᠪᠦᠷᠢᠯᠡᠯ᠂ ᠬᠠᠤᠯᠢ ᠪᠠᠷ ᠵᠠᠰᠠᠬᠤ ᠪᠠᠶᠢᠭᠤᠯᠤᠯᠲᠠ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠬᠤ᠄ ᠬᠥᠭᠵᠢᠯᠲᠡ ᠶᠢᠨ ᠲᠥᠯᠦᠪᠵᠢᠭᠦᠯᠭᠡ ᠬᠢᠭᠡᠳ ᠡᠳ᠋ ᠤᠨ ᠶᠠᠪᠤᠳᠠᠯ ᠤᠨ ᠲᠠᠰᠤᠭ᠂ ᠠᠮᠤᠷ ᠲᠦᠪᠰᠢᠨ ᠤ ᠰᠤᠷᠭᠠᠨ ᠬᠥᠮᠦᠵᠢᠯ ᠤᠨ ᠲᠠᠰᠤᠭ︔ ᠰᠤᠷᠤᠬᠴᠢ ᠶᠢ ᠲᠡᠳᠬᠦᠬᠦ ᠲᠥᠪ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号