ᠡᠷᠡᠭᠲᠡᠢ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ | ᠡᠪ ᠬᠠᠮᠲᠤ ᠨᠠᠮ ᠤᠨ ᠭᠡᠰᠢᠭᠦᠨ᠃ ᠣᠳᠣ ᠠᠯᠠᠱᠠ ᠵᠡᠭᠦᠨ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ | ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃ | ᠠᠵᠢᠯ ᠤᠨ ᠬᠤᠪᠢᠶᠠᠷᠢ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠠᠵᠢᠯ ᠢ ᠬᠠᠪᠰᠤᠷᠴᠢ᠃ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠶᠦᠯᠭᠦᠢ ᠢᠳᠡᠭᠡᠨ᠂ ᠬᠠᠤᠯᠢ ᠪᠤᠰᠤ ᠪᠠᠷ ᠪᠡᠯᠡ | ᠴᠤᠭᠯᠠᠭᠤᠯᠬᠤ᠂ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠲᠥᠯᠥᠪᠵᠢᠭᠦᠯᠦᠨ ᠪᠡᠯᠡ ᠣᠷᠣᠭᠤᠯᠬᠤ | ᠬᠢᠭᠡᠳ ᠠᠵᠢᠯ ᠲᠥᠷᠥᠯ ᠤᠨ ᠬᠠᠮᠢᠶᠠᠷᠤᠯᠲᠠ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ᠂ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠬᠢᠭᠡᠳ ᠶᠡᠷᠦᠩᠬᠡᠶᠢᠯᠡᠨ ᠠᠰᠢᠭᠯᠠᠬᠤ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ᠃ ᠬᠤᠪᠢᠳᠠᠨ | ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠪᠠ | ᠢᠯᠵᠠᠷᠠᠯ ᠢ ᠡᠰᠡᠷᠭᠦᠴᠡᠬᠦ᠂ ᠦᠵᠡᠯ ᠤᠬᠠᠮᠰᠠᠷ ᠤᠨ ᠭᠡᠯᠪᠡᠷᠢ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠢ | ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ | ᠤᠬᠠᠮᠰᠠᠷ ᠢ ᠪᠠᠲᠤ ᠪᠠᠬᠢ ᠴᠣᠭᠴᠠᠯᠠᠬᠤ ᠵᠡᠷᠭᠡ ᠠᠵᠢᠯ ᠢ ᠬᠠᠷᠢᠭᠤᠴᠠᠨ᠎ᠠ᠃ ᠨᠡᠭᠦᠷᠡᠰᠦᠨ ᠤ ᠬᠠᠮᠢᠶᠠᠷᠤᠯᠲᠠ ᠶᠢᠨ | ᠲᠠᠰᠤᠭ᠂ ᠪᠡᠯᠡ ᠣᠷᠣᠭᠤᠯᠬᠤ ᠠᠵᠢᠯ ᠲᠥᠷᠥᠯ ᠤᠨ ᠬᠠᠮᠢᠶᠠᠷᠤᠯᠲᠠ ᠬᠢᠭᠡᠳ ᠠᠵᠤ ᠦᠢᠯᠡᠳᠪᠦᠷᠢ ᠶᠢᠨ ᠡᠨᠧᠷᠭᠢ | ᠠᠷᠪᠢᠯᠠᠬᠤ ᠲᠠᠰᠤᠭ᠂ ᠠᠯᠠᠱᠠ ᠵᠡᠭᠦᠨ ᠬᠤᠰᠢᠭᠤᠨ ᠤ ᠡᠨᠧᠷᠭᠢ ᠠᠷᠪᠢᠯᠠᠬᠤ ᠦᠢᠯᠡᠴᠢᠯᠡᠭᠡᠨ ᠤ ᠲᠥᠪ᠂ ᠵᠠᠰᠠᠭ | ᠵᠠᠬᠢᠷᠭᠠᠨ ᠤ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢ ᠬᠤᠪᠢᠳᠠᠨ ᠬᠠᠮᠢᠶᠠᠷᠤᠨ᠎ᠠ᠃ | |