ᠠᠯᠠᠱᠠ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠨ ᠴᠡᠷᠢᠭ ᠤᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠴᠢᠳᠠᠪᠤᠷᠢ ᠳᠣᠲᠣᠭᠠᠳᠤ ᠪᠠᠶᠢᠭᠤᠯᠤᠮᠵᠢ
ᠨᠡᠶᠢᠲᠡᠯᠡᠭᠰᠡᠨ ᠴᠠᠭ᠄
2024/12/31
      ᠨᠢᠭᠡ᠂ ᠭᠤᠣᠯ ᠡᠭᠦᠷᠭᠡ ᠬᠠᠷᠢᠭᠤᠴᠠᠯᠭ᠎ᠠ       ᠠᠯᠠᠱᠠ ᠵᠡᠭᠦᠨ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠬᠥᠮᠥᠨ ᠤ ᠶᠠᠪᠤᠳᠠᠯ ᠤᠨ ᠲᠣᠪᠴᠢᠶ᠎ᠠ ᠶᠢᠨ ᠡᠭᠦᠷᠭᠡ ᠬᠠᠷᠢᠭᠤᠴᠠᠯᠭ᠎ᠠ ᠨᠢ ᠭᠤᠣᠯᠳᠠᠭᠤ ᠪᠦᠭᠦ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠬᠥᠮᠥᠨ ᠤ ᠶᠠᠪᠤᠳᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠭᠦ ᠬᠤᠰᠢᠭᠤᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠬᠥᠮᠥᠨ ᠤ ᠶᠠᠪᠤᠳᠠᠯ ᠤᠨ ᠬᠠᠮᠢᠶᠠᠷᠤᠯᠲᠠ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ᠂ ᠴᠡᠷᠢᠭ ᠢᠶᠠᠨ ᠬᠦᠷᠢᠶᠡᠯᠡᠵᠦ ᠭᠡᠷ ᠪᠦᠯᠢ ᠶᠢ ᠨᠢ ᠬᠠᠷᠠᠭᠠᠯᠵᠠᠬᠤ᠂ ᠬᠠᠷᠠᠭᠠᠯᠵᠠᠨ ᠲᠥᠪᠬᠢᠨᠡᠭᠦᠯᠬᠦ᠂ ᠰᠠᠶᠢᠰᠢᠶᠠᠨ ᠮᠠᠭᠲᠠᠵᠤ ᠲᠤᠷᠠᠰᠬᠠᠨ᠂ ᠠᠵᠢᠯ ᠣᠯᠭᠤᠵᠤ ᠦᠢᠯᠡᠰ ᠪᠣᠰᠬᠠᠬᠤ᠂ ᠨᠡᠶᠢᠭᠡᠮ ᠤᠨ ᠳᠠᠭᠠᠳᠬᠠᠯ ᠢ ᠦᠷᠭᠦᠯᠵᠢᠯᠡᠭᠦᠯᠬᠦ᠂ ᠰᠢᠷᠬᠠᠲᠤᠯ ᠢ ᠦᠨᠡᠯᠡᠨ ᠲᠣᠭᠲᠠᠭᠠᠬᠤ᠂ ᠮᠡᠳᠡᠭᠡ ᠵᠠᠩᠭᠢ ᠴᠤᠭᠯᠠᠭᠤᠯᠬᠤ᠂ ᠡᠷᠬᠡ ᠠᠰᠢᠭ ᠢ ᠬᠠᠮᠠᠭᠠᠯᠠᠬᠤ ᠵᠡᠷᠭᠡ 10 ᠲᠥᠷᠥᠯ ᠤᠨ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠵᠤ ᠂ ᠬᠤᠰᠢᠭᠤ ᠨᠠᠮ ᠤᠨ ᠬᠤᠷᠢᠶᠠᠨ ᠤ ᠴᠡᠷᠢᠭ ᠠᠴᠠ ᠬᠠᠯᠠᠭᠳᠠᠭᠰᠠᠨ ᠴᠡᠷᠢᠭ ᠤᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠣᠳᠠᠲᠠᠢ ᠠᠵᠢᠯ ᠪᠠ ᠬᠤᠰᠢᠭᠤ ᠨᠠᠮ ᠤᠨ ᠬᠤᠷᠢᠶᠠᠨ ᠤ ᠴᠡᠷᠢᠭ ᠤᠨ ᠠᠯᠪᠠᠨ ᠠᠴᠠ ᠪᠠᠭᠤᠭᠰᠠᠨ ᠴᠡᠷᠢᠭ ᠤᠨ ᠶᠠᠪᠤᠳᠠᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃       ᠬᠤᠶᠠᠷ᠂ ᠳᠣᠲᠣᠭᠠᠳᠤ ᠪᠠᠶᠢᠭᠤᠯᠤᠮᠵᠢ       ᠠᠯᠠᠱᠠᠨ ᠵᠡᠭᠦᠨ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ᠃       ᠬᠠᠶ᠋ᠢᠭ᠄ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠪᠠᠷᠠᠭᠤᠨ ᠬᠤᠲᠠ ᠲᠣᠭᠤᠷᠢᠭ ᠤᠨ ᠯᠢᠨ ᠱᠦᠢ ᠶᠡᠭᠡ ᠠᠰᠠᠷ ᠤᠨ 11 ᠳ᠋ᠦ᠋ᠭᠡᠷ ᠠᠰᠠᠷ       ᠬᠠᠷᠢᠯᠴᠠᠬᠤ ᠬᠥᠮᠥᠨ᠄ ᠭᠦᠸᠧ ᡁᠢ ᠵᠦᠩ ︵ᠠᠯᠪᠠᠨ ᠭᠡᠷ ᠤᠨ ᠡᠷᠭᠢᠯᠡᠭᠴᠢ︶᠎        ᠬᠠᠷᠢᠯᠴᠠᠬᠤ ᠤᠲᠠᠰᠤ᠄ 0483-821322       ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠭᠦᠷᠲᠡᠯ᠎ᠡ︔ ᠠᠵᠢᠯᠯᠠᠬᠤ ᠴᠠᠭ ︵ᠦᠳᠡ ᠶᠢᠨ ᠡᠮᠦᠨᠡᠬᠢ 9᠄ 00 - 12᠄ 00᠂ ᠦᠳᠡ ᠶᠢᠨ ᠬᠤᠶᠢᠨᠠᠬᠢ 3᠄ 00 - 6᠄ 00︶᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号