ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠳᠣᠲᠣᠭᠠᠳᠤ ᠪᠠᠶᠢᠭᠤᠯᠤᠮᠵᠢ
ᠨᠡᠶᠢᠲᠡᠯᠡᠭᠰᠡᠨ ᠴᠠᠭ᠄
2024/12/31
      ᠨᠢᠭᠡ᠂ ᠭᠤᠣᠯ ᠪᠤᠯᠬᠤ ᠡᠭᠦᠷᠭᠡ ᠬᠠᠷᠢᠭᠤᠴᠠᠯᠭ᠎ᠠ ᠶᠢ ᠲᠣᠬᠢᠷᠠᠭᠤᠯᠬᠤ ᠲᠤᠬᠠᠢ       ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ᠂ ᠣᠢ ᠰᠢᠭᠤᠢ ᠪᠠ ᠲᠠᠯ᠎ᠠ ᠨᠤᠲᠤᠭ ᠤᠨ ᠠᠵᠢᠯ ᠤᠨ ᠲᠤᠬᠠᠢ ᠴᠢᠭᠯᠡᠯᠲᠡ ᠲᠦᠷᠦ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ᠂ ᠶᠡᠷᠦᠩᠬᠡᠢ ᠱᠦᠵᠢ ᠱᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠪᠦᠭᠦ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠭᠦᠢᠴᠡᠳᠬᠡᠬᠦ ᠳᠤᠮᠳᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠤᠨ᠎ᠠ᠃       ︵ᠨᠢᠭᠡ︶ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠬᠤ ᠠᠵᠢᠯ ᠤᠨ ᠭᠤᠣᠯ ᠱᠤᠭᠤᠮ ᠢ ᠨᠡᠮᠡᠭᠳᠡᠭᠦᠯᠵᠦ᠂ ᠲᠡᠭᠦᠨ ᠢ ᠰᠢᠨᠵᠢᠯᠡᠬᠦ ᠤᠬᠠᠭᠠᠨ ᠮᠡᠷᠭᠡᠵᠢᠯ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠬᠢᠭᠡᠳ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠡᠬᠢ ᠪᠠᠶᠠᠯᠢᠭ ᠢ ᠬᠠᠮᠠᠭᠠᠯᠠᠵᠤ ᠬᠠᠮᠢᠶᠠᠷᠬᠤ᠂ ᠣᠢ ᠮᠣᠳᠣ ᠡᠪᠡᠰᠦᠨ ᠤ ᠠᠵᠤ ᠦᠢᠯᠡᠰ ᠤᠨ ᠬᠥᠭᠵᠢᠯᠲᠡ᠂ ᠣᠢ ᠮᠣᠳᠣ ᠡᠪᠡᠰᠦᠨ ᠤ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠮᠢ ᠠᠬᠤᠢ ᠰᠣᠶᠣᠯ ᠤᠨ ᠠᠵᠢᠯ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠭᠦ ᠶᠠᠪᠤᠴᠠ ᠶᠢᠨ ᠡᠯ᠎ᠡ ᠲᠠᠯ᠎ᠠ ᠵᠡᠷᠭᠡ ᠳᠤ ᠲᠤᠤᠱᠯᠠᠭᠤᠯᠬᠤ ᠬᠡᠷᠡᠭᠲᠡᠢ︾ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠦᠨ᠎ᠡ᠃       ︵ᠬᠤᠶᠠᠷ︶ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠢᠭᠡᠳᠦᠯᠲᠡᠢ ᠲᠥᠯᠥᠪᠯᠡᠨ ᠬᠥᠭᠵᠢᠭᠦᠯᠬᠦ ᠪᠠ ᠠᠮᠤᠷ ᠲᠦᠪᠰᠢᠨ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠲᠦᠭᠰᠢᠭᠦᠷᠢ ᠪᠠ ᠥᠷᠢᠰᠦᠯᠳᠦᠭᠡᠨ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠠᠷᠢᠯᠴᠠᠨ ᠬᠥᠳᠡᠯᠦᠯᠴᠡᠬᠦ ᠶᠢ ᠪᠡᠶᠡᠯᠡᠭᠦᠯᠬᠦ︾ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠦᠨ᠎ᠡ᠃       ︵ᠭᠤᠷᠪᠠ︶ ︽ᠪᠦᠭᠦ ᠬᠤᠰᠢᠭᠤᠨ ᠤ ᠣᠢ ᠰᠢᠭᠤᠢ ᠡᠪᠡᠰᠦ ᠪᠡᠯᠴᠢᠭᠡᠷ ᠢ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠬᠤᠯᠪᠣᠭᠳᠠᠯ ᠪᠦᠬᠦᠢ ᠠᠵᠢᠯ ᠤᠨ ᠡᠭᠦᠷᠭᠡ ᠬᠠᠷᠢᠭᠤᠴᠠᠯᠭ᠎ᠠ ᠪᠠ ᠣᠢ ᠰᠢᠭᠤᠢ ᠨᠤᠲᠤᠭ ᠪᠡᠯᠴᠢᠭᠡᠷ ᠤᠨ ᠠᠶᠤᠯ ᠦᠭᠡᠢ ᠦᠢᠯᠡᠳᠪᠦᠷᠢᠯᠡᠯ ᠢ ᠵᠢᠯᠤᠭᠤᠳᠬᠤ︾ ᠡᠭᠦᠷᠭᠡ ᠬᠠᠷᠢᠭᠤᠴᠠᠯᠭ᠎ᠠ ᠪᠠᠨ ᠨᠡᠮᠡᠭᠳᠡᠭᠦᠯᠦᠨ᠎ᠡ᠃       ︵ᠳᠥᠷᠪᠡ︶ ︽ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠳᠠᠭᠠᠭᠠᠨ ᠡᠭᠦᠷᠭᠡᠯᠡᠭᠰᠡᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠬᠦ ᠠᠵᠢᠯ︾᠎ ᠤᠨ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠬᠦ ᠬᠡᠷᠡᠭᠲᠡᠢ᠃       ︵ᠲᠠᠪᠤ︶ ︽ᠲᠠᠷᠢᠶᠠᠯᠠᠬᠤ ᠮᠠᠯᠵᠢᠬᠤ ᠣᠷᠣᠨ ᠤ ᠣᠶᠢᠲᠤ ᠭᠠᠵᠠᠷ᠂ ᠣᠢ ᠮᠣᠳᠣ ᠪᠣᠯᠣᠨ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ᠂ ᠡᠷᠭᠢᠯᠳᠦᠭᠦᠯᠵᠦ ᠬᠠᠮᠢᠶᠠᠷᠬᠤ ᠶᠢ ᠵᠢᠯᠤᠭᠤᠳᠬᠤ︾ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠦᠨ᠎ᠡ᠃       ᠬᠤᠶᠠᠷ᠂ ᠳᠣᠲᠣᠭᠠᠳᠤ ᠪᠠᠶᠢᠭᠤᠯᠤᠮᠵᠢ ᠶᠢᠨ ᠲᠣᠬᠢᠷᠠᠭᠤᠯᠤᠯᠲᠠ ᠶᠢᠨ ᠲᠤᠬᠠᠢ       ︵ᠨᠢᠭᠡ︶ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠠᠯᠪᠠᠨ ᠭᠡᠷ ᠨᠢ ᠤᠤᠯ ᠤᠨ ᠡᠭᠦᠷᠭᠡ ᠴᠢᠳᠠᠪᠬᠢ ᠶᠢᠨ ᠰᠠᠭᠤᠷᠢᠨ ᠳᠡᠭᠡᠷ᠎ᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠬᠢᠨᠠᠨ ᠬᠠᠮᠢᠶᠠᠷᠤᠯᠲᠠ᠂ ᠬᠠᠤᠯᠢ ᠬᠡᠷᠡᠭᠵᠢᠭᠦᠯᠬᠦ ᠠᠵᠢᠯ ᠢ ᠡᠭᠦᠷᠭᠡᠯᠡᠵᠦ᠂ ᠤᠤᠯ ᠤᠨ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠤᠨ ᠡᠭᠦᠷᠭᠡᠯᠡᠵᠦ ᠪᠠᠶᠢᠭᠰᠠᠨ ᠪᠦᠭᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠠᠯᠪᠠᠨ ᠭᠡᠷ ᠲᠤ ᠬᠤᠪᠢᠶᠠᠷᠢᠯᠠᠨ ᠣᠷᠣᠭᠤᠯᠤᠨ᠎ᠠ᠃       ︵ᠬᠤᠶᠠᠷ︶ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠪᠣᠯᠣᠨ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠠᠰᠤᠭ ᠢ ᠲᠠᠭᠢᠵᠤ ᠦᠯᠡᠳᠡᠭᠡᠬᠦ ᠦᠭᠡᠢ᠃       ︵ᠭᠤᠷᠪᠠ︶ ᠬᠢᠨᠠᠯᠲᠠ ᠲᠠᠯᠪᠢᠬᠤ ᠲᠠᠰᠤᠭ ᠢ ᠵᠣᠬᠢᠶᠠᠨ ᠪᠠᠶᠢᠭᠤᠯᠤᠨ᠎ᠠ᠃ ᠤᠤᠯ ᠤᠨ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠲᠤ ᠬᠤᠪᠢᠶᠠᠷᠢᠯᠠᠨ ᠣᠷᠣᠭᠤᠯᠵᠤ ᠡᠭᠦᠷᠭᠡᠯᠡᠬᠦ ︽ᠰᠢᠨᠵᠢᠯᠡᠬᠦ ᠤᠬᠠᠭᠠᠨ ᠮᠡᠷᠭᠡᠵᠢᠯ᠂ ᠣᠶᠢᠲᠤ ᠭᠠᠵᠠᠷ᠂ ᠨᠤᠲᠤᠭ ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠤᠭᠤ ᠭᠠᠵᠠᠷ ᠢ ᠲᠠᠲᠠᠪᠤᠷᠢᠯᠠᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ᠣᠢ ᠮᠣᠳᠣ ᠣᠭᠲᠣᠯᠬᠤ ᠵᠥᠪᠰᠢᠶᠡᠷᠡᠯ ᠢ ᠵᠢᠯᠣᠭᠤᠳᠤᠨ ᠬᠢᠨᠠᠯᠲᠠ ᠲᠠᠯᠪᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠴᠣᠩᠬᠤᠪᠴᠢ ᠶᠢ ᠬᠢᠨᠠᠨ ᠵᠥᠪᠰᠢᠶᠡᠷᠡᠬᠦ︾ ᠡᠭᠦᠷᠭᠡ ᠬᠠᠷᠢᠭᠤᠴᠠᠯᠭ᠎ᠠ ᠶᠢ ᠵᠢᠭᠠᠨ ᠵᠢᠯᠤᠭᠤᠳᠴᠤ ᠬᠢᠨᠠᠯᠲᠠ ᠲᠠᠯᠪᠢᠨ᠎ᠠ᠃ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠠᠰᠤᠭ ᠲᠤ ᠬᠤᠪᠢᠶᠠᠷᠢᠯᠠᠨ ᠣᠷᠣᠭᠤᠯᠵᠤ ᠡᠭᠦᠷᠭᠡᠯᠡᠭᠰᠡᠨ ︽ᠬᠢᠨᠠᠯᠲᠠ ᠲᠠᠯᠪᠢᠵᠤ ᠵᠢᠭᠠᠨ ᠵᠢᠯᠤᠭᠤᠳᠴᠤ ᠪᠠᠶᠢᠭᠠᠳ ᠨᠤᠲᠤᠭ ᠪᠡᠯᠴᠢᠭᠡᠷ ᠤᠨ ᠬᠠᠮᠠᠭᠠᠯᠠᠯᠲᠠ ᠪᠣᠯᠣᠨ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠪᠠᠷᠢᠯᠭ᠎ᠠ ᠶᠢᠨ ᠪᠡᠯᠡᠳᠬᠡᠮᠵᠢ ᠶᠢ ᠪᠠᠶᠢᠭᠤᠯᠵᠤ ᠬᠢᠨᠠᠨ ᠵᠥᠪᠰᠢᠶᠡᠷᠡᠬᠦ︾ ᠡᠭᠦᠷᠭᠡ ᠬᠠᠷᠢᠭᠤᠴᠠᠯᠭ᠎ᠠ᠃ ︽ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠦᠷ ᠴᠠᠭ ᠡᠵᠡᠯᠡᠨ ᠬᠡᠷᠡᠭᠯᠡᠬᠦ ᠵᠠᠷᠤᠳᠠᠯ︾᠎ ᠢ ᠲᠣᠭᠠᠴᠠᠭ᠎ᠠ ᠬᠢᠬᠦ ᠶᠢᠨ ᠬᠠᠮᠲᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠬᠤᠷᠢᠶᠠᠬᠤ ᠡᠭᠦᠷᠭᠡ ᠴᠢᠳᠠᠪᠤᠷᠢ ᠶᠢ ᠭᠦᠢᠴᠡᠳᠬᠡᠨ᠎ᠡ᠃       ︵ᠳᠥᠷᠪᠡ︶ ᠣᠢ ᠰᠢᠭᠤᠢ ᠡᠪᠡᠰᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠢ ᠪᠠᠶᠢᠭᠤᠯᠤᠨ᠎ᠠ᠃ ︽ᠲᠠᠷᠢᠶᠠᠯᠠᠬᠤ ᠮᠠᠯᠵᠢᠬᠤ ᠣᠷᠣᠨ ᠤ ᠣᠶᠢᠲᠤ ᠭᠠᠵᠠᠷ᠂ ᠣᠢ ᠮᠣᠳᠣ ᠪᠣᠯᠣᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ᠂ ᠡᠷᠭᠢᠯᠳᠦᠭᠦᠯᠵᠦ ᠬᠠᠮᠢᠶᠠᠷᠬᠤ︾ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠦᠨ᠎ᠡ᠃ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠲᠤ ᠬᠤᠪᠢᠶᠠᠨ ᠡᠭᠦᠷᠭᠡᠯᠡᠵᠦ ᠪᠠᠶᠢᠭ᠎ᠠ ︽ᠣᠢ ᠰᠢᠭᠤᠢ ᠶᠢᠨ ᠡᠬᠢ ᠪᠠᠶᠠᠯᠢᠭ᠂ ᠣᠢ ᠰᠢᠭᠤᠢ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠦᠭᠦ ᠬᠤᠰᠢᠭᠤᠨ ᠤ ᠣᠢ ᠰᠢᠭᠤᠢ ᠣᠭᠲᠣᠯᠬᠤ ᠬᠢᠵᠠᠭᠠᠷ ᠲᠤᠭ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠢ ᠰᠢᠭᠤᠢ ᠶᠢᠨ ᠭᠠᠵᠠᠷ ᠢ ᠬᠠᠮᠠᠭᠠᠯᠠᠨ ᠠᠰᠢᠭᠯᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠢ ᠰᠢᠭᠤᠢ ᠶᠢᠨ ᠡᠵᠡᠩᠨᠡᠯᠲᠡ ᠶᠢᠨ ᠲᠥᠯᠦᠪᠵᠢᠭᠦᠯᠭᠡ ᠪᠠ ᠣᠢ ᠰᠢᠭᠤᠢ ᠶᠢᠨ ᠡᠵᠡᠩᠨᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠨ ᠬᠡᠷᠡᠭᠵᠢᠭᠦᠯᠵᠦ᠂ ᠣᠢ ᠰᠢᠭᠤᠢ ᠶᠢᠨ ᠡᠬᠢ ᠪᠠᠶᠠᠯᠢᠭ ᠤᠨ ᠬᠥᠳᠡᠯᠦᠩᠭᠦᠢ ᠬᠢᠨᠠᠨ ᠬᠡᠮᠵᠢᠯᠲᠡ ᠪᠠ ᠦᠨᠡᠯᠡᠯᠲᠡ ᠲᠠᠢ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠢ ᠰᠢᠭᠤᠢ ᠶᠢᠨ ᠨᠡᠭᠡᠭᠡᠨ ᠠᠰᠢᠭᠯᠠᠯᠲᠠ ᠶᠢᠨ ᠬᠢᠨᠠᠨ ᠬᠠᠮᠢᠶᠠᠷᠤᠯᠲᠠ ᠬᠢᠵᠦ᠂ ᠣᠢ ᠮᠣᠳᠣ ᠣᠭᠲᠣᠯᠬᠤ ᠰᠢᠨᠡᠳᠬᠡᠨ᠂ ᠵᠥᠭᠡᠭᠡᠪᠦᠷᠢᠯᠡᠬᠦ ᠳᠤ ᠬᠢᠨᠠᠯᠲᠠ ᠲᠠᠯᠪᠢᠨ ᠵᠢᠯᠤᠭᠤᠳᠴᠤ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠤᠨ᠂ ᠪᠦᠭᠦ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠣᠢ ᠰᠢᠭᠤᠢ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠬᠤ ᠪᠠ ᠬᠠᠮᠢᠶᠠᠷᠬᠤ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠪᠦᠭᠦ ᠬᠤᠰᠢᠭᠤᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠲᠦᠯᠬᠢᠨ ᠠᠬᠢᠭᠤᠯᠬᠤ ᠬᠡᠷᠡᠭᠲᠡᠢ︾ ᠭᠡᠰᠡᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠠᠰᠤᠭ ᠲᠤ ᠬᠤᠪᠢᠶᠠᠷᠢᠯᠠᠨ ᠣᠷᠣᠭᠤᠯᠵᠤ ᠡᠭᠦᠷᠭᠡᠯᠡᠭᠰᠡᠨ ︽ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠬᠢᠭᠡᠳ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠥᠳᠡᠯᠦᠯ ᠪᠠᠶᠢᠳᠠᠯ ᠢ ᠬᠢᠨᠠᠨ ᠬᠡᠮᠵᠢᠬᠦ ᠬᠢᠭᠡᠳ ᠦᠨᠡᠯᠡᠬᠦ ᠬᠠᠮᠢᠶ᠎ᠠ ᠪᠦᠬᠦᠢ ᠠᠵᠢᠯ ᠢ ᠥᠷᠨᠢᠭᠦᠯᠦᠨ᠂ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ ᠲᠣᠭᠲᠠᠭᠠᠬᠤ ᠪᠠ ᠬᠠᠮᠢᠶᠠᠷᠬᠤ᠂ ᠨᠤᠲᠤᠭ ᠪᠡᠯᠴᠢᠭᠡᠷ ᠢ ᠴᠠᠭᠠᠵᠠᠯᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠᠶᠢᠭᠤᠯᠤᠯᠲᠠ ᠪᠠ ᠬᠠᠮᠢᠶᠠᠷᠤᠯᠲᠠ ᠶᠢ ᠬᠠᠷᠢᠭᠤᠴᠠᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠬᠢᠭᠡᠳ ᠵᠦᠢ ᠵᠣᠬᠢᠰᠲᠠᠢ ᠠᠰᠢᠭᠯᠠᠬᠤ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ︾ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠬᠤ ᠬᠡᠷᠡᠭᠲᠡᠢ᠃       ︵ᠲᠠᠪᠤ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ ᠢ ᠪᠠᠶᠢᠭᠤᠯᠤᠨ᠎ᠠ᠃ ᠤᠤᠯ ᠤᠨ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠲᠤ ᠬᠤᠪᠢᠶᠠᠷᠢᠯᠠᠨ ᠣᠷᠣᠭᠤᠯᠵᠤ ᠡᠭᠦᠷᠭᠡᠯᠡᠵᠦ ᠪᠦᠬᠦᠢ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠢᠴᠢ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠤᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠬᠠᠮᠲᠤ ᠶᠢᠨ ᠣᠢ ᠰᠢᠭᠤᠢ ᠶᠢᠨ ᠡᠷᠬᠡ ᠶᠢᠨ ᠳᠦᠷᠢᠮ ᠪᠠ ᠭᠤᠣᠯᠳᠠᠯᠭ᠎ᠠ ᠲᠠᠢ ᠤᠯᠤᠰ ᠤᠨ ᠥᠮᠴᠢᠯᠡᠯᠲᠦ ᠰᠢᠭᠤᠶᠢᠲᠤ ᠣᠷᠣᠨ᠂ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ᠂ ᠨᠤᠲᠤᠭ ᠪᠡᠯᠴᠢᠭᠡᠷ ᠵᠡᠷᠭᠡ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠬᠤ ᠶᠢ ᠬᠠᠷᠢᠭᠤᠴᠠᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠠᠷᠢᠭᠤᠴᠠᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠵᠠᠷᠭᠤ ᠶᠢᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠳᠠᠭᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠪᠠ ᠲᠥᠯᠥᠪᠦᠷᠢ ᠥᠭᠬᠦ ᠵᠡᠷᠭᠡ ᠬᠠᠮᠢᠶ᠎ᠠ ᠪᠦᠬᠦᠢ ᠠᠵᠢᠯ ᠳᠤ ᠣᠷᠣᠯᠴᠠᠵᠤ᠂ ᠲᠤᠰ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠡᠷᠡᠭ ᠢ ᠬᠢᠨᠠᠬᠤ᠂ ᠭᠡᠷᠡᠴᠢᠯᠡᠭᠡ ᠰᠣᠨᠣᠰᠬᠤ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠵᠣᠬᠢᠴᠠᠭᠤᠯᠤᠨ ᠠᠬᠢᠭᠤᠯᠵᠤ᠂ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠡᠮᠬᠢᠯᠡᠨ ᠲᠢᠭᠯᠡᠭᠦ ᠠᠵᠢᠯ ᠢ ᠡᠭᠦᠷᠭᠡᠯᠡᠨ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠴᠢᠨᠠᠷ ᠢ ᠬᠢᠨᠠᠨ ᠪᠠᠶᠢᠴᠠᠭᠠᠬᠤ᠂ ᠢᠯᠭᠠᠷᠠᠭᠤᠯᠬᠤ ᠵᠢᠴᠢ ᠳᠠᠩᠰᠠᠯᠠᠭᠤᠯᠬᠤ ᠠᠵᠢᠯ ᠢ ᠡᠭᠦᠷᠭᠡᠯᠡᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠪᠠ ᠪᠣᠯᠪᠠᠰᠤᠷᠠᠭᠤᠯᠤᠯ ᠬᠠᠮᠢᠶᠠᠷᠤᠯᠲᠠ ᠵᠡᠷᠭᠡ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃       ︵ᠵᠢᠷᠭᠤᠭ᠎ᠠ︶ ᠬᠡᠭᠡᠷ᠎ᠡ ᠶᠢᠨ ᠠᠮᠢᠲᠠᠨ ᠤᠷᠭᠤᠮᠠᠯ ᠪᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠠᠰᠤᠭ ᠢ ᠵᠣᠬᠢᠶᠠᠨ ᠪᠠᠶᠢᠭᠤᠯᠤᠨ᠎ᠠ᠃ ᠨᠤᠭᠤ ᠭᠠᠵᠠᠷ ᠪᠣᠯᠣᠨ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠠᠰᠤᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ ᠶᠢᠨ ᠲᠠᠰᠤᠭ ᠢ ᠲᠠᠭᠢᠵᠤ ᠦᠯᠡᠳᠡᠭᠡᠬᠦ ᠦᠭᠡᠢ᠃ ᠤᠤᠯ ᠤᠨ ᠨᠤᠭᠤ ᠭᠠᠵᠠᠷ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠠᠰᠤᠭ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ ᠶᠢᠨ ᠲᠠᠰᠤᠭ ᠤᠨ ᠡᠭᠦᠷᠭᠡᠯᠡᠵᠦ ᠪᠦᠬᠦᠢ ᠪᠤᠢ ᠪᠦᠬᠦᠢ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠲᠠᠰᠤᠭ ᠲᠤ ᠬᠤᠪᠢᠶᠠᠷᠢᠯᠠᠨ ᠣᠷᠣᠭᠤᠯᠵᠤ᠂ ︽ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠢ ᠶᠢᠨ ᠡᠪᠡᠳᠴᠢᠨ ᠵᠡᠷᠭᠡ ᠬᠥᠨᠥᠭᠡᠯᠲᠡᠢ ᠠᠮᠢᠳᠤ ᠪᠣᠳᠠᠰ ᠤᠨ ᠭᠠᠮᠰᠢᠭ ᠢ ᠰᠡᠷᠭᠡᠶᠢᠯᠡᠨ ᠵᠠᠰᠠᠬᠤ ᠪᠠ ᠲᠥᠰᠥᠭᠡᠯᠡᠵᠦ ᠤᠷᠢᠳᠴᠢᠯᠠᠨ ᠰᠡᠷᠡᠮᠵᠢᠯᠡᠭᠦᠯᠭᠦ᠂ ᠨᠤᠲᠤᠭ ᠪᠡᠯᠴᠢᠭᠡᠷ ᠤᠨ ᠬᠡᠭᠡᠷ᠎ᠡ ᠶᠢᠨ ᠤᠷᠭᠤᠮᠠᠯ ᠢ ᠭᠤᠣᠯᠳᠠᠯᠭ᠎ᠠ ᠲᠠᠢ ᠬᠠᠮᠠᠭᠠᠯᠠᠬᠤ ᠲᠡᠭᠦᠵᠦ ᠴᠤᠭᠯᠠᠭᠤᠯᠬᠤ ᠶᠢ ᠵᠥᠪᠰᠢᠶᠡᠷᠡᠬᠦ︾ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃       ︵ᠳᠣᠯᠤᠭ᠎ᠠ︶ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠠᠵᠢᠯ ᠤᠨ ᠲᠠᠰᠤᠭ ︵ᠪᠠᠶᠢᠭᠠᠯᠢ ᠶᠢᠨ ᠬᠠᠮᠠᠭᠠᠯᠠᠯᠲᠠ ᠶᠢᠨ ᠠᠯᠪᠠᠨ ᠭᠡᠷ︶᠎ ᠢ ᠡᠯᠡᠰᠦ ᠮᠠᠩᠬ᠎ᠠ ᠶᠢ ᠰᠡᠷᠭᠡᠶᠢᠯᠡᠨ ᠵᠠᠰᠠᠬᠤ ᠲᠠᠰᠤᠭ ᠭᠡᠵᠦ ᠨᠡᠷᠡᠶᠢᠳᠦᠨ᠎ᠡ᠃ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠲᠠᠰᠤᠭ ᠲᠤ ᠬᠤᠪᠢᠶᠠᠷᠢᠯᠠᠨ ᠣᠷᠣᠭᠤᠯᠵᠤ᠂ ︽ᠪᠦᠭᠦ ᠬᠤᠰᠢᠭᠤᠨ ᠤ ᠨᠤᠲᠤᠭ ᠪᠡᠯᠴᠢᠭᠡᠷ ᠤᠨ ᠭᠤᠣᠯᠳᠠᠯᠭ᠎ᠠ ᠲᠠᠢ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ︾᠎ ᠤᠨ ᠡᠭᠦᠷᠭᠡ ᠬᠠᠷᠢᠭᠤᠴᠠᠯᠭ᠎ᠠ ᠶᠢ ᠵᠣᠬᠢᠴᠠᠭᠤᠯᠤᠨ ᠬᠡᠷᠡᠭᠵᠢᠭᠦᠯᠦᠨ᠎ᠡ᠃ ︽ᠪᠦᠭᠦ ᠬᠤᠰᠢᠭᠤᠨ ᠤ ᠣᠢ ᠮᠣᠳᠣ ᠡᠪᠡᠰᠦ ᠨᠡᠭᠦᠷᠡᠰᠦᠲᠥ᠋ᠷᠥᠭᠴᠢ ᠶᠢ ᠬᠤᠷᠠᠭᠤᠯᠤᠨ ᠠᠪᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠭᠦ ᠠᠵᠢᠯ ᠢ ᠬᠠᠷᠢᠭᠤᠴᠠᠵᠤ᠂ ᠣᠢ ᠮᠣᠳᠣ ᠡᠪᠡᠰᠦᠨ ᠤ ᠨᠡᠭᠦᠷᠡᠰᠦᠲᠥ᠋ᠷᠥᠭᠴᠢ ᠶᠢ ᠬᠤᠷᠠᠭᠤᠯᠤᠨ ᠠᠪᠬᠤ ᠶᠢ ᠪᠤᠳᠣᠵᠤ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠢ ᠮᠣᠳᠣ ᠡᠪᠡᠰᠦᠨ ᠤ ᠨᠡᠭᠦᠷᠡᠰᠦᠲᠥ᠋ᠷᠥᠭᠴᠢ ᠶᠢ ᠬᠤᠷᠠᠭᠤᠯᠤᠨ ᠠᠪᠬᠤ ᠲᠥᠷᠥᠯ ᠵᠦᠢᠯ ᠢ ᠵᠢᠯᠣᠭᠤᠳᠤᠨ ᠬᠡᠷᠡᠭᠵᠢᠭᠦᠯᠵᠦ᠂ ᠣᠢ ᠮᠣᠳᠣ ᠡᠪᠡᠰᠦ ᠨᠡᠭᠦᠷᠡᠰᠦᠲᠥ᠋ᠷᠥᠭᠴᠢ ᠶᠢ ᠬᠤᠷᠠᠭᠤᠯᠤᠨ ᠠᠪᠬᠤ ᠶᠢ ᠲᠦᠯᠬᠢᠨ ᠠᠬᠢᠭᠤᠯᠤᠨ᠎ᠠ᠃ ᠪᠦᠭᠦ ᠬᠤᠰᠢᠭᠤᠨ ᠤ ᠣᠢ ᠮᠣᠳᠣ ᠡᠪᠡᠰᠦ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠲᠤᠷᠰᠢᠯᠲᠠ ᠶᠢᠨ ᠴᠢᠭ ᠤᠨ ᠠᠵᠢᠯ ᠪᠠ ᠳᠡᠯᠭᠡᠷᠡᠭᠦᠯᠬᠦ ᠠᠵᠢᠯ ᠢ ᠵᠢᠯᠤᠭᠤᠳᠬᠤ ᠡᠭᠦᠷᠭᠡ ᠬᠠᠷᠢᠭᠤᠴᠠᠯᠭ᠎ᠠ᠃       ᠨᠠᠢᠮᠠ ᠠᠵᠤ ᠦᠶ᠋ᠯᠡᠰᠴᠢᠯᠡᠯᠲᠡ ᠶᠢᠨ ᠠᠯᠪᠠᠨ ᠭᠡᠷ ︽ᠲᠠᠷᠢᠶᠠᠯᠠᠬᠤ ᠮᠠᠯᠵᠢᠬᠤ ᠣᠷᠣᠨ ᠤ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠬᠥᠭᠵᠢᠯᠲᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠬᠦ ᠬᠡᠷᠡᠭᠲᠡᠢ᠃ ᠬᠤᠯᠪᠣᠭᠳᠠᠯ ᠪᠦᠬᠦᠢ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠢ᠃ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠰᠤᠳᠤᠯᠤᠯ᠂ ᠦᠷ᠎ᠡ ᠪᠦᠲᠦᠭᠡᠯ ᠢ ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠷᠢᠮᠵᠢᠶᠠᠵᠢᠭᠤᠯᠬᠤ᠂ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ᠂ ᠬᠢᠨᠠᠨ ᠰᠢᠨᠵᠢᠬᠦ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠡᠷᠭᠡ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠦᠷ᠎ᠡ ᠡᠳ᠋ ᠤᠨ ᠡᠬᠢ ᠪᠠᠶᠠᠯᠢᠭ᠂ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯ ᠦᠭᠡᠢ ᠪᠠᠶᠢᠳᠠᠯ ᠳᠤ ᠬᠢᠨᠠᠯᠲᠠ ᠲᠠᠯᠪᠢᠨ ᠬᠠᠮᠢᠶᠠᠷᠤᠨ᠎ᠠ᠃ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠠᠵᠤ ᠦᠢᠯᠡᠰᠵᠢᠯᠲᠡ ᠶᠢᠨ ᠬᠥᠭᠵᠢᠭᠦᠯᠦᠯᠲᠡ ᠶᠢᠨ ᠲᠥᠯᠦᠪᠵᠢᠭᠦᠯᠭᠡ ᠪᠣᠯᠣᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠣᠢ ᠰᠢᠭᠤᠢ ᠪᠣᠯᠣᠨ ᠨᠤᠲᠤᠭ ᠪᠡᠯᠴᠢᠭᠡᠷ ᠤᠨ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠢ᠃       ︵ᠶᠢᠰᠦ︶ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠠᠯᠪᠠᠨ ᠭᠡᠷ ᠨᠢ ︽ᠣᠢ ᠰᠢᠭᠤᠢ ᠪᠠ ᠨᠤᠲᠤᠭ ᠪᠡᠯᠴᠢᠭᠡᠷ ᠤᠨ ᠠᠶᠤᠯ ᠦᠭᠡᠢ ᠦᠢᠯᠡᠳᠪᠦᠷᠢᠯᠡᠯ ᠢ ᠵᠢᠯᠤᠭᠤᠳᠬᠤ︾ ᠡᠭᠦᠷᠭᠡ ᠬᠠᠷᠢᠭᠤᠴᠠᠯᠭ᠎ᠠ ᠪᠠᠨ ᠨᠡᠮᠡᠭᠳᠡᠭᠦᠯᠬᠦ ᠬᠡᠷᠡᠭᠲᠡᠢ᠃       ᠠᠯᠠᠱᠠ ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠠᠶᠢᠭᠤᠯᠤᠮᠵᠢ ᠶᠢ ᠰᠢᠯᠢᠳᠡᠭᠵᠢᠭᠦᠯᠦᠨ ᠲᠣᠬᠢᠷᠠᠭᠤᠯᠤᠭᠰᠠᠨ ᠤ ᠳᠠᠷᠠᠭ᠎ᠠ ᠮᠥᠨᠴᠦ 10 ᠳᠣᠲᠣᠭᠠᠳᠤ ᠳᠠᠭᠠᠨ ᠲᠣᠬᠢᠷᠠᠭᠤᠯᠤᠭᠰᠠᠨ ᠰᠠᠯᠠᠭ᠎ᠠ ᠲᠠᠰᠤᠭ ᠢᠶᠠᠨ ᠪᠠᠲᠤᠯᠠᠵᠤ᠂ ᠲᠣᠰᠪᠤᠷᠢ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠲᠥᠯᠥᠪᠯᠡᠭᠡ ᠡᠳ᠋ ᠤᠨ ᠶᠠᠪᠤᠳᠠᠯ ᠤᠨ ᠲᠠᠰᠤᠭ᠂ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠶᠢᠯᠡᠭᠰᠡᠨ ᠠᠯᠪᠠᠨ ᠭᠡᠷ᠂ ᠠᠵᠤ ᠦᠢᠯᠡᠰᠵᠢᠭᠦᠯᠦᠯᠲᠡ ᠶᠢᠨ ᠠᠯᠪᠠᠨ ᠭᠡᠷ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠲᠠᠰᠤᠭ᠂ ᠬᠢᠨᠠᠯᠲᠠ ᠲᠠᠯᠪᠢᠬᠤ ᠲᠠᠰᠤᠭ᠂ ᠣᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠰᠤᠭ᠂ ᠬᠡᠭᠡᠷ᠎ᠡ ᠶᠢᠨ ᠠᠮᠢᠲᠠᠨ ᠤᠷᠭᠤᠮᠠᠯ ᠪᠠ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠯᠪᠠᠨ ᠭᠡᠷ ᠵᠡᠷᠭᠡ ᠪᠣᠯᠣᠨ᠎ᠠ᠃       ᠭᠤᠷᠪᠠ᠂ ᠪᠤᠰᠤᠳ ᠤᠴᠢᠷ ᠶᠠᠪᠤᠳᠠᠯ ᠤᠨ ᠲᠤᠬᠠᠢ             ︵ᠨᠢᠭᠡ︶ ︽ᠭᠤᠷᠪᠠ ᠶᠢ ᠲᠣᠭᠲᠠᠭᠠᠬᠤ︾ ᠲᠣᠭᠲᠠᠭᠠᠯ ᠤᠨ ᠬᠤᠶᠠᠳᠤᠭᠠᠷ ᠵᠦᠢᠯ ᠤᠨ ᠠᠷᠤ ᠳᠤ ᠨᠢᠭᠡ ᠵᠤᠷᠪᠤᠰ ᠨᠡᠮᠡᠪᠡ᠄ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ︽ᠭᠤᠷᠪᠠ ᠶᠢ ᠲᠣᠭᠲᠠᠭᠠᠬᠤ︾ ᠲᠣᠭᠲᠠᠭᠠᠯ ᠵᠢᠴᠢ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠯᠠᠭ᠎ᠠ ᠮᠥᠴᠢᠷ ᠤᠨ ᠲᠣᠬᠢᠷᠠᠭᠤᠯᠤᠭᠰᠠᠨ ᠤᠴᠢᠷ ᠶᠠᠪᠤᠳᠠᠯ ᠤᠨ ᠲᠣᠳᠣᠷᠬᠠᠢ ᠭᠤᠣᠯ ᠡᠭᠦᠷᠭᠡ ᠬᠠᠷᠢᠭᠤᠴᠠᠯᠭ᠎ᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠲᠠᠨ ᠤ ᠣᠷᠣᠨ ᠲᠤᠭ᠎ᠠ ᠵᠡᠷᠭᠡ ᠨᠢ ᠲᠤᠰ ᠰᠠᠯᠠᠭ᠎ᠠ ᠮᠥᠴᠢᠷ ᠤᠨ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ᠂ ᠡᠷᠬᠡ ᠲᠤᠰᠢᠶᠠᠯ᠂ ᠠᠵᠢᠯᠲᠠᠨ ᠤ ᠲᠣᠬᠢᠷᠠᠭᠤᠯᠤᠯᠲᠠ ᠪᠠ ᠠᠵᠢᠯ ᠤᠨ ᠠᠵᠢᠯᠯᠠᠭᠠᠨ ᠤ ᠦᠨᠳᠦᠰᠦᠨ ᠦᠨᠳᠦᠰᠦᠯᠡᠯ ᠪᠣᠯᠣᠨ᠎ᠠ᠃       ︵ᠬᠤᠶᠠᠷ︶ ︽ᠭᠤᠷᠪᠠ ᠶᠢ ᠲᠣᠭᠲᠠᠭᠠᠬᠤ︾ ᠲᠣᠭᠲᠠᠭᠠᠯ ᠤᠨ ᠭᠤᠷᠪᠠᠳᠤᠭᠠᠷ ᠵᠦᠢᠯ ᠤᠨ ᠠᠷᠤ ᠳᠤ ᠨᠢᠭᠡ ᠵᠤᠷᠪᠤᠰ ᠨᠡᠮᠡᠪᠡ᠄ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠪᠠ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠭᠤᠣᠯ ᠡᠭᠦᠷᠭᠡ ᠬᠠᠷᠢᠭᠤᠴᠠᠯᠭ᠎ᠠ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠡᠷᠬᠡ ᠬᠠᠷᠢᠭᠤᠴᠠᠯᠭ᠎ᠠ ᠶᠢᠨ ᠨᠡᠷᠡᠶᠢᠳᠦᠯ᠂ ᠡᠷᠬᠡ ᠬᠠᠷᠢᠭᠤᠴᠠᠯᠭ᠎ᠠ ᠶᠢᠨ ᠲᠥᠷᠥᠯ ᠭᠡᠯᠪᠡᠷᠢ᠂ ᠲᠣᠭᠲᠠᠭᠠᠬᠤ ᠦᠨᠳᠦᠰᠦᠯᠡᠯ᠂ ᠬᠠᠷᠢᠭᠤᠴᠠᠯᠭ᠎ᠠ ᠭᠦᠢᠴᠡᠳᠬᠡᠬᠦ ᠠᠷᠭ᠎ᠠ ᠮᠠᠶ᠋ᠢᠭ ᠵᠡᠷᠭᠡ ᠶᠢ ᠲᠥᠷᠥᠯ ᠳᠠᠷᠠᠭᠠᠯᠠᠨ ᠲᠣᠳᠣᠷᠬᠠᠶᠢᠯᠠᠨ᠎ᠠ᠃ ᠡᠨᠡᠬᠦ ᠰᠠᠭᠤᠷᠢᠨ ᠳᠡᠭᠡᠷ᠎ᠡ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠠᠵᠢᠯᠯᠠᠭᠠᠨ ᠤ ᠴᠤᠪᠤᠷᠠᠯ ᠵᠢᠷᠤᠭ ᠵᠡᠷᠭᠡ ᠶᠢ ᠲᠣᠭᠲᠠᠭᠠᠵᠤ᠂ ᠵᠠᠰᠠᠭ ᠵᠠᠬᠢᠷᠭᠠᠨ ᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠷᠬᠡ ᠶᠢᠨ ᠠᠵᠢᠯᠯᠠᠭᠠᠨ ᠢ ᠵᠢᠷᠤᠮᠵᠢᠭᠤᠯᠤᠨ᠎ᠠ᠃       ᠬᠠᠶ᠋ᠢᠭ᠄ ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠰᠢ ᠴᠧᠩ ᠲᠣᠭᠤᠷᠢᠭ ᠤᠨ ᠯᠢᠨ ᠱᠦᠢ ᠶᠡᠭᠡ ᠠᠰᠠᠷ ᠤᠨ ᠳᠣᠯᠣᠳᠤᠭᠠᠷ ᠠᠰᠠᠷ       ᠬᠠᠷᠢᠭᠤᠴᠠᠯᠭᠠᠲᠠᠨ ᠸᠧᠢ ᠭᠦᠢ ᠰᠢᠶᠠᠣ       ᠬᠠᠷᠢᠯᠴᠠᠬᠤ ᠤᠲᠠᠰᠤ᠄ 0483-877 1823       ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠦᠳᠡ ᠶᠢᠨ ᠡᠮᠦᠨᠡᠬᠢ 9᠄ 00-12 ᠄ 00᠂ ᠦᠳᠡ ᠶᠢᠨ ᠬᠤᠶᠢᠨᠠᠬᠢ 3᠄ 00 - 6᠄ 00︶ ᠪᠤᠯᠲᠠᠯ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号