ᠮᠠ ᠯᠧᠢ
ᠨᠡᠶᠢᠲᠡᠯᠡᠭᠰᠡᠨ ᠴᠠᠭ᠄
2024/12/31
      ᠡᠮᠡᠭᠲᠡᠢ᠂ ᠬᠢᠲᠠᠳ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1986 ᠣᠨ ᠤ 10 ᠰᠠᠷ᠎ᠠ ᠳᠤ ᠲᠥᠷᠥᠵᠡᠢ᠃ ᠣᠳᠣ ᠠᠯᠠᠱᠠ ᠵᠡᠭᠦᠨ ᠬᠤᠰᠢᠭᠤᠨ ᠤ ᠰᠢᠨᠬᠤᠸᠠ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠡᠷᠡᠭ ᠡᠷᠭᠢᠯᠡᠭᠦ ᠭᠠᠵᠠᠷ ᠤᠨ ᠡᠷᠭᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠤᠢ᠃       ᠠᠵᠢᠯ ᠤᠨ ᠬᠤᠪᠢᠶᠠᠷᠢ       ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ ᠤᠨ ᠪᠦᠭᠦ ᠲᠠᠯ᠎ᠠ ᠶᠢᠨ ᠠᠵᠢᠯ ᠢ ᠡᠷᠭᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠴᠢ ᠬᠤᠪᠢᠳᠠᠨ ᠬᠠᠮᠢᠶᠠᠷᠬᠤ ᠬᠦᠷᠢᠶ᠎ᠡ ᠬᠡᠪᠴᠢᠶᠡᠨ ᠤ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠭᠡᠯᠪᠡᠷᠢ᠂ ᠤᠬᠠᠭᠤᠯᠬᠤ ᠦᠵᠡᠯ ᠰᠠᠨᠠᠭ᠎ᠠ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠠᠵᠢᠯ ᠢ ᠬᠠᠷᠢᠭᠤᠴᠠᠨ᠎ᠠ᠃ ᠡᠷᠡᠭᠦᠯ ᠰᠠᠷᠠᠭᠤᠯ ᠴᠡᠴᠡᠷᠯᠢᠭ᠂ ᠨᠠᠨᠯᠢᠶᠠᠩ ᠵᠡᠭᠡᠯᠢ᠂ ᠦᠨᠳᠦᠰᠦᠲᠡᠨ ᠤ ᠵᠡᠭᠡᠯᠢ᠂ ᠨᠠᠨᠲᠢᠶᠠᠨ ᠵᠡᠷᠭᠡ ᠳᠥᠷᠪᠡᠨ ᠬᠤᠷᠢᠶᠠᠯᠠᠯ ᠲᠠᠢ ᠬᠠᠷᠢᠯᠴᠠᠨ᠎ᠠ᠃
 
ᠢᠷᠡᠯᠲᠡ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号