| | | | ᠨᠠᠮᠤᠷ ᠤᠨ ᠤᠯᠠᠷᠢᠯ ᠳᠤ᠂ ᠠᠭᠠᠷ ᠤᠨ ᠳᠤᠯᠠᠭᠠᠨ ᠳᠣᠷᠣᠭᠰᠢᠯᠠᠵᠤ᠂ ᠡᠳᠦᠷ ᠰᠥᠨᠢ ᠶᠢᠨ ᠳᠤᠯᠠᠭᠠᠨ ᠤ | ᠵᠥᠷᠢᠶ᠎ᠡ ᠶᠡᠭᠡ᠂ ᠤᠯᠠᠷᠢᠯ ᠤᠨ ᠴᠢᠨᠠᠷᠲᠠᠢ ᠴᠠᠭ ᠠᠭᠤᠷ ᠤᠨ ᠬᠤᠪᠢᠷᠠᠯᠲᠠ ᠶᠡᠭᠡ ᠵᠡᠷᠭᠡ ᠰᠢᠯᠲᠠᠭᠠᠨ ᠠᠴᠠ ᠪᠣᠯᠵᠤ ᠡᠯ᠎ᠡ | ᠵᠦᠢᠯ ᠤᠨ ᠡ᠊ᠨᠳᠡᠯ ᠡᠭᠦᠰᠬᠦ ᠲᠦᠭᠰᠢᠭᠦᠷᠢ ᠲᠠᠢ᠂ ᠡᠶᠢᠮᠦ ᠠᠴᠠ ᠠᠵᠤ ᠠᠬᠤᠶᠢᠯᠠᠯ ᠤᠳ ᠠᠮᠤᠷ ᠲᠦᠪᠰᠢᠨ ᠤ ᠲᠠᠯ᠎ᠠ ᠳᠤ | ᠠᠩᠬᠠᠷᠬᠤ ᠴᠢᠬᠤᠯᠠᠲᠠᠢ ᠪᠠᠶᠢᠳᠠᠭ᠃ | ᠳᠣᠨᠤᠭ ᠲᠥᠬᠦᠭᠡᠷᠦᠮᠵᠢ ᠶᠢᠨ ᠬᠠᠮᠢᠶᠠᠷᠤᠯᠲᠠ ᠪᠠᠨ ᠴᠢᠩᠭᠠᠳᠬᠠᠨ᠎ᠠ | ᠲᠥᠬᠦᠭᠡᠷᠦᠮᠵᠢ ᠪᠠ ᠲᠡᠮᠦᠷᠯᠢᠭ ᠳᠣᠨᠤᠭ ᠠᠮᠠᠷᠬᠠᠨ ᠵᠢᠪᠡᠷᠡᠬᠦ᠂ ᠮᠤᠷᠤᠶᠢᠬᠤ ᠵᠡᠷᠭᠡ ᠪᠠᠶᠢᠳᠠᠯ ᠭᠠᠷᠴᠤ᠂ | ᠡᠭᠦᠨ ᠤ ᠤᠯᠠᠮ ᠠᠴᠠ ᠯᠡᠪᠡᠷᠡᠬᠦ ᠪᠠ ᠳᠡᠯᠪᠡᠷᠡᠬᠦ ᠡ᠊ᠨᠳᠡᠯ ᠭᠠᠷᠳᠠᠭ᠂ ᠡᠶᠢᠮᠦ ᠠᠴᠠ ᠡᠯ᠎ᠡ ᠠᠵᠤ ᠠᠬᠤᠶᠢᠯᠠᠯ | ᠲᠥᠬᠦᠭᠡᠷᠦᠮᠵᠢ ᠪᠠᠨ ᠪᠠᠶᠢᠩᠭᠤ ᠪᠠᠶᠢᠴᠠᠭᠠᠨ᠂ ᠬᠠᠮᠠᠭᠠᠯᠠᠵᠤ ᠠᠷᠠᠴᠢᠯᠠᠨ᠂ ᠬᠠᠮᠢᠶᠠᠷᠤᠯᠲᠠ ᠶᠢᠨ ᠠᠵᠢᠯ ᠢ ᠰᠠᠶᠢᠲᠤᠷ | ᠨᠠᠶᠢᠳᠠᠪᠤᠷᠢᠵᠢᠭᠤᠯᠤᠨ᠂ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠲᠠᠶᠢᠪᠤᠩ ᠴᠠᠭᠢᠯᠭᠠᠨ ᠢ ᠰᠡᠷᠭᠡᠶᠢᠯᠡᠨ᠎ᠡ | ᠨᠠᠮᠤᠷ ᠤᠨ ᠤᠯᠠᠷᠢᠯ ᠳᠤ᠂ ᠲᠥᠬᠦᠭᠡᠷᠦᠮᠵᠢ ᠳᠤ ᠲᠠᠶᠢᠪᠤᠩ ᠴᠠᠭᠢᠯᠭᠠᠨ ᠠᠮᠠᠷᠬᠠᠨ ᠡᠭᠦᠰᠴᠦ ᠭᠠᠯ ᠤᠨ ᠠᠶᠤᠯ᠂ | ᠳᠡᠯᠪᠡᠷᠡᠯᠲᠡ ᠶᠢᠨ ᠡ᠊ᠨᠳᠡᠯ ᠭᠠᠷᠳᠠᠭ᠂ ᠡᠶᠢᠮᠦ ᠠᠴᠠ ᠠᠵᠤ ᠠᠬᠤᠶᠢᠯᠠᠯ ᠮᠠᠰᠢᠨ ᠲᠥᠬᠦᠭᠡᠷᠦᠮᠵᠢ ᠶᠢᠨ ᠠᠮᠤᠷ ᠲᠦᠪᠰᠢᠨ | ᠡᠰᠡᠬᠦ ᠶᠢ ᠪᠠᠶᠢᠴᠠᠭᠠᠨ ᠰᠢᠯᠭᠠᠬᠤ ᠪᠠ ᠬᠢᠨᠠᠨ ᠡᠵᠡᠮᠳᠡᠬᠦ ᠠᠵᠢᠯ ᠢ ᠰᠠᠶᠢᠲᠤᠷ ᠬᠢᠵᠦ᠂ ᠲᠠᠶᠢᠪᠤᠩ ᠴᠠᠭᠢᠯᠭᠠᠨ ᠡᠭᠦᠰᠬᠦ ᠪᠤᠶᠤ | ᠲᠠᠶᠢᠪᠤᠩ ᠴᠠᠭᠢᠯᠭᠠᠨ ᠤ ᠭᠦᠶᠦᠳᠡᠯ ᠢ ᠲᠦᠷᠭᠡᠳᠬᠡᠬᠦ ᠠᠴᠠ ᠵᠠᠶᠢᠯᠠᠰᠬᠢᠬᠤ ᠬᠡᠷᠡᠭᠲᠡᠢ᠃ | ᠲᠠᠶᠢᠪᠤᠩ ᠴᠠᠭᠢᠯᠭᠠᠨ ᠢ ᠠᠷᠢᠯᠭᠠᠬᠤ ᠠᠷᠭ᠎ᠠ᠄ ᠨᠢᠭᠡ᠂ ᠲᠠᠶᠢᠪᠤᠩ ᠴᠠᠭᠢᠯᠭᠠᠨ ᠢ ᠭᠠᠳᠠᠭᠰᠢᠯᠠᠭᠤᠯᠬᠤ ᠪᠤᠶᠤ | ᠰᠠᠭᠠᠷᠮᠠᠭᠵᠢᠯᠲᠠ ᠶᠢ ᠲᠦᠷᠭᠡᠳᠬᠡᠨ᠎ᠡ᠃ ᠬᠤᠶᠠᠷ᠂ ᠮᠠᠰᠢᠨ ᠲᠥᠬᠦᠭᠡᠷᠦᠮᠵᠢ ᠶᠢᠨ ᠠᠮᠤᠷ ᠲᠦᠪᠰᠢᠨ ᠢ ᠡᠵᠡᠮᠳᠡᠵᠦ᠂ ᠲᠠᠶᠢᠪᠤᠩ | ᠴᠠᠭᠢᠯᠭᠠᠨ ᠡᠭᠦᠰᠬᠦ ᠶᠢ ᠬᠢᠵᠠᠭᠠᠷᠯᠠᠨ᠎ᠠ᠃ | ᠬᠤᠣᠷᠳᠠᠭᠳᠠᠬᠤ ᠡ᠊ᠨᠳᠡᠯ ᠭᠠᠷᠬᠤ ᠠᠴᠠ ᠵᠠᠶᠢᠯᠠᠰᠬᠢᠬᠤ | ᠨᠠᠮᠤᠷ ᠤᠨ ᠤᠯᠠᠷᠢᠯ ᠳᠤ᠂ ᠵᠠᠷᠢᠮ ᠠᠵᠢᠯᠯᠠᠬᠤ ᠲᠠᠯᠠᠪᠤᠷ ᠲᠤ ᠳᠤᠯᠠᠭᠠᠨ ᠢ ᠪᠠᠲᠤᠯᠠᠬᠤ ᠶᠢᠨ ᠲᠥᠯᠥᠭᠡ ᠰᠠᠯᠬᠢ | ᠨᠡᠪᠲᠡᠷᠡᠭᠦᠯᠬᠦ ᠦᠭᠡᠢ ᠪᠠᠶᠢᠵᠤ ᠮᠡᠳᠡᠨ᠎ᠡ᠂ ᠡᠭᠦᠨ ᠠᠴᠠ ᠪᠣᠯᠵᠤ ᠬᠤᠣᠷ ᠬᠥᠨᠥᠭᠡᠯ ᠲᠠᠢ ᠬᠡᠢ ᠪᠡᠶᠡᠲᠦ ᠠᠮᠠᠷᠬᠠᠨ ᠶᠡᠭᠡ | ᠬᠡᠮᠵᠢᠶ᠎ᠡ ᠪᠠᠷ ᠬᠤᠷᠠᠵᠤ᠂ ᠬᠤᠣᠷᠳᠠᠭᠳᠠᠬᠤ ᠠᠶᠤᠯ ᠲᠠᠢ ᠪᠠᠶᠢᠳᠠᠭ᠃ ᠡᠶᠢᠮᠦ ᠠᠴᠠ ᠠᠵᠤ ᠠᠬᠤᠶᠢᠯᠠᠯ ᠰᠡᠳᠦᠯᠲᠡ ᠶᠢᠨ | ᠴᠢᠨᠠᠷᠲᠠᠢ ᠬᠡᠢ ᠪᠡᠶᠡᠲᠦ ᠶᠢᠨ ᠯᠡᠪᠡᠷᠡᠬᠦ ᠶᠢ ᠴᠢᠩᠭ᠎ᠠ ᠰᠡᠷᠭᠡᠶᠢᠯᠡᠵᠦ᠂ ᠬᠠᠶᠠᠭᠳᠠᠮᠠᠯ ᠬᠡᠢ ᠶᠢ ᠬᠤᠷᠢᠶᠠᠨ ᠠᠪᠬᠤ ᠪᠠ | ᠶᠡᠷᠦᠩᠬᠡᠶᠢᠯᠡᠨ ᠠᠰᠢᠭᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ᠭᠠᠯ ᠤᠨ ᠠᠶᠤᠯ ᠢ ᠰᠡᠷᠭᠡᠶᠢᠯᠡᠬᠦ ᠬᠡᠷᠡᠭᠲᠡᠢ | ᠭᠠᠯ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠨᠣᠴᠣᠮᠠᠲᠠᠭᠠᠢ ᠳᠡᠯᠪᠡᠷᠡᠮᠡᠲᠡᠭᠡᠢ ᠲᠠᠯᠠᠪᠤᠷ ᠲᠤ ᠭᠠᠯ | ᠨᠣᠴᠣᠭᠠᠬᠤ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠠᠩᠨᠠᠨ ᠵᠠᠯᠭᠠᠬᠤ ᠠᠵᠢᠯ ᠢ ᠲᠤᠰᠬᠠᠢ | ᠬᠥᠮᠥᠨ ᠢᠶᠠᠷ ᠬᠠᠮᠢᠶᠠᠷᠤᠭᠤᠯᠵᠤ᠂ ᠴᠢᠬᠤᠯᠠ ᠪᠦᠬᠦᠢ ᠭᠠᠯ ᠤᠨᠲᠠᠷᠠᠭᠠᠬᠤ ᠪᠠᠭᠠᠵᠢ ᠬᠡᠷᠡᠭᠰᠡᠯ ᠲᠣᠬᠢᠷᠠᠭᠤᠯᠬᠤ ᠶᠢᠨ ᠬᠠᠮᠲᠤ | ᠨᠣᠴᠣᠬᠤ ᠦᠭᠡᠢ ᠮᠠᠲ᠋ᠧᠷᠢᠶᠠᠯ ᠢᠶᠠᠷ ᠬᠠᠯᠬᠠᠯᠠᠵᠤ ᠲᠤᠰᠠᠭᠠᠷᠯᠠᠬᠤ ᠴᠢᠬᠤᠯᠠᠲᠠᠢ᠃ | ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ | ᠨᠠᠮᠤᠷ ᠤᠨ ᠤᠯᠠᠷᠢᠯ ᠳᠤ ᠶᠡᠭᠡ ᠮᠠᠨᠠᠨ ᠲᠠᠢ ᠡᠳᠦᠷ ᠣᠯᠠᠨ ᠪᠠᠶᠢᠳᠠᠭ᠂ ᠬᠡᠷᠪᠡ ᠮᠠᠨᠠᠨ ᠲᠠᠢ ᠡᠳᠦᠷ | ᠦᠵᠡᠭᠳᠡᠴᠡ ᠨᠢ ᠨᠡᠯᠢᠶᠡᠳ ᠳᠣᠣᠷ᠎ᠠ ᠪᠣᠯ ᠲᠡᠷᠭᠡᠨ ᠤ ᠬᠤᠷᠳᠤᠴᠠ ᠪᠠᠨ ᠤᠳᠠᠭᠠᠰᠢᠷᠠᠭᠤᠯᠵᠤ᠂ ᠡᠮᠦᠨᠡᠬᠢ ᠲᠡᠷᠭᠡ ᠲᠠᠢ ᠪᠠᠨ | ᠠᠮᠤᠷ ᠲᠦᠪᠰᠢᠨ ᠤ ᠵᠠᠢ ᠶᠢ ᠪᠠᠲᠤᠯᠠᠬᠤ ᠶᠢᠨ ᠬᠠᠮᠲᠤ ᠰᠡᠷᠡᠮᠵᠢᠯᠡᠭᠦᠯᠭᠦ ᠳᠣᠭᠢᠶᠠᠨ ᠳ᠋ᠧᠩ ᠢ ᠠᠰᠠᠭᠠᠪᠠᠯ ᠵᠣᠬᠢᠨ᠎ᠠ᠃ | |