| | ᠮᠡᠳᠡᠭᠡᠵᠢ᠂ ᠨᠠᠮᠤᠷ ᠤᠨ ᠤᠯᠠᠷᠢᠯ ᠪᠣᠯ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ | ᠲᠣᠬᠢᠷᠠᠮᠵᠢᠲᠠᠢ ᠤᠯᠠᠷᠢᠯ ᠮᠥᠨ᠂ ᠨᠠᠮᠤᠷ ᠤᠨ ᠤᠯᠠᠷᠢᠯ ᠳᠤ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠨᠢ | ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠵᠦ᠂ ᠭᠠᠳᠠᠭᠠᠳᠤ ᠣᠷᠴᠢᠨ ᠤ ᠬᠦᠢᠲᠡᠨ ᠢ ᠡᠰᠡᠷᠭᠦᠴᠡᠬᠦ ᠰᠡᠳᠡᠯᠲᠡ | ᠥᠭᠬᠦ ᠴᠢᠳᠠᠪᠤᠷᠢ ᠶᠢ ᠴᠢᠩᠭᠠᠷᠠᠭᠤᠯᠬᠤ ᠳᠤ ᠠᠰᠢᠭᠲᠠᠢ ᠶᠤᠮ᠃ ᠨᠠᠮᠤᠷ ᠤᠨ ᠤᠯᠠᠷᠢᠯ ᠳᠤ ᠥᠷᠯᠥᠭᠡ ᠦᠳᠡᠰᠢ ᠶᠢᠨ | ᠳᠤᠯᠠᠭᠠᠨ ᠤ ᠵᠥᠷᠢᠶ᠎ᠡ ᠶᠡᠭᠡ ᠪᠤᠯᠪᠠᠴᠦ ᠡᠳᠦᠷ ᠤᠨ ᠳᠤᠯᠠᠭᠠᠨ ᠤ ᠬᠡᠮᠵᠢᠶ᠎ᠡ ᠲᠣᠬᠢᠷᠠᠮᠵᠢᠲᠠᠢ ᠦᠶ᠎ᠡ ᠳᠤ ᠬᠥᠳᠡᠯᠭᠡᠭᠡᠨ ᠬᠢᠬᠦ ᠨᠢ | ᠬᠠᠮᠤᠭ ᠤᠨ ᠲᠠᠭᠠᠯᠠᠮᠵᠢᠲᠠᠢ ᠪᠠᠶᠢᠳᠠᠭ᠃ | ᠨᠠᠮᠤᠷ ᠤᠨ ᠤᠯᠠᠷᠢᠯ ᠳᠤ ᠪᠡᠶ᠎ᠡ ᠴᠢᠭᠢᠷᠠᠭᠵᠢᠭᠤᠯᠬᠤ ᠨᠢ ᠴᠢᠰᠤᠨ ᠰᠤᠳᠠᠯ ᠢ ᠵᠥᠭᠡᠯᠡᠷᠡᠭᠦᠯᠵᠦ᠂ ᠪᠡᠶ᠎ᠡ ᠶᠢᠨ | ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠤᠨ᠂ ᠰᠡᠳᠬᠢᠯ ᠰᠠᠨᠠᠭ᠎ᠠ ᠶᠢ ᠪᠠᠶᠠᠰᠬᠠᠵᠤ᠂ ᠲᠠᠭᠰᠢᠭᠤᠷ ᠬᠢᠮᠤᠷᠠᠭ᠎ᠠ ᠶᠢ | ᠰᠡᠷᠭᠡᠶᠢᠯᠡᠵᠦ ᠴᠢᠳᠠᠳᠠᠭ᠃ | ᠲᠡᠭᠡᠪᠡᠯ ᠨᠠᠮᠤᠷ ᠤᠨ ᠤᠯᠠᠷᠢᠯ ᠳᠤ ᠶᠠᠮᠠᠷ ᠬᠥᠳᠡᠯᠭᠡᠭᠡᠨ ᠢ ᠰᠣᠩᠭᠤᠪᠠᠯ ᠲᠣᠬᠢᠷᠠᠮᠵᠢᠲᠠᠢ ᠪᠢᠯᠡ︖ ᠡᠭᠦᠨ ᠳᠤ | ᠤᠯᠠᠨ ᠵᠦᠢᠯ ᠤᠨ ᠰᠣᠩᠭᠤᠯᠲᠠ ᠪᠤᠢ᠃ ᠵᠢᠱᠢᠶᠡᠯᠡᠪᠡᠯ᠂ ᠠᠯᠭᠤᠷ ᠭᠦᠶᠦᠬᠦ ᠨᠢ ᠬᠠᠮᠤᠭ ᠤᠨ ᠦᠨᠳᠦᠰᠦᠨ | ᠬᠦᠴᠢᠯᠲᠥ᠋ᠷᠥᠭᠴᠢᠲᠦ ᠬᠥᠳᠡᠯᠭᠡᠭᠡᠨ ᠤ ᠨᠢᠭᠡ ᠪᠣᠯᠤᠭᠰᠠᠨ ᠤ ᠬᠤᠪᠢ ᠳᠤ ᠵᠢᠷᠦᠬᠡ ᠠᠭᠤᠰᠬᠢᠨ ᠤ ᠠᠵᠢᠯᠯᠠᠭ᠎ᠠ ᠶᠢ ᠢᠯᠡᠳᠲᠡ | ᠰᠠᠶᠢᠵᠢᠷᠠᠭᠤᠯᠵᠤ᠂ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠦᠨ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ | ᠮᠠᠷᠢᠶ᠎ᠠ ᠶᠢ ᠰᠢᠭᠤᠷᠠᠭᠤᠯᠬᠤ ᠳᠤ ᠲᠤᠰᠠᠲᠠᠢ ᠪᠠᠶᠢᠳᠠᠭ᠃ | ᠠᠯᠬᠤᠬᠤ ᠪᠣᠯ ᠨᠢᠭᠡ ᠵᠦᠢᠯ ᠤᠨ ᠳᠥᠭᠦᠮ ᠪᠥᠭᠡᠳ ᠪᠦᠲᠦᠮᠵᠢᠲᠡᠶ ᠬᠦᠴᠢᠯᠲᠥ᠋ᠷᠥᠭᠴᠢᠲᠦ ᠬᠥᠳᠡᠯᠭᠡᠭᠡᠨ | ᠪᠣᠯᠣᠨ᠎ᠠ᠂ ᠥᠭᠡᠬᠦ ᠶᠢ ᠪᠠᠭᠤᠷᠠᠭᠤᠯᠤᠨ᠂ ᠵᠢᠷᠦᠬᠡ ᠠᠭᠤᠰᠬᠢᠨ ᠤ ᠠᠵᠢᠯᠯᠠᠭ᠎ᠠ ᠶᠢ ᠳᠡᠭᠡᠭᠰᠢᠯᠡᠭᠦᠯᠭᠦ ᠶᠢᠨ ᠬᠠᠮᠲᠤ ᠪᠠᠰᠠ | ᠴᠢᠰᠤᠨ ᠳᠠᠷᠤᠯᠲᠠ᠂ ᠴᠢᠰᠤᠨ ᠰᠢᠬᠢᠷ ᠪᠠ ᠴᠢᠰᠤᠨ ᠤ ᠥᠭᠡᠬᠦ ᠶᠢ ᠬᠢᠵᠠᠭᠠᠷᠯᠠᠵᠤ᠂ ᠰᠡᠳᠬᠢᠴᠡ ᠶᠢᠨ ᠳᠠᠷᠤᠯᠲᠠ ᠶᠢ | ᠭᠦᠩᠭᠡᠷᠡᠭᠦᠯᠦᠨ᠎ᠡ; ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ ᠨᠠᠭᠠᠳᠬᠤ ᠨᠢ ᠵᠢᠷᠦᠬᠡ | ᠠᠭᠤᠰᠬᠢᠨ ᠤ ᠠᠵᠢᠯᠯᠠᠭ᠎ᠠ᠂ ᠪᠤᠯᠴᠢᠩ ᠤᠨ ᠬᠦᠴᠦ᠂ ᠲᠡᠩᠴᠡᠭᠦᠷᠢ ᠶᠢᠨ ᠴᠢᠳᠠᠪᠤᠷᠢ ᠪᠠ ᠲᠤᠰᠬᠠᠯ ᠤᠨ ᠴᠢᠳᠠᠪᠤᠷᠢ᠂ | ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠰᠠᠶᠢᠵᠢᠷᠠᠭᠤᠯᠤᠨ᠎ᠠ; ᠪᠠᠰᠠ ᠳᠤᠭᠤᠢ ᠤᠨᠤᠬᠤ᠂ ᠦᠳᠦᠨ ᠪᠥᠮᠪᠦᠭᠡ | ᠨᠠᠭᠠᠳᠬᠤ᠂ ᠠᠭᠤᠯᠠ ᠠᠪᠠᠷᠢᠬᠤ᠂ ᠶᠤᠭ᠎ᠠ ᠵᠡᠷᠭᠡ ᠁ ᠪᠢᠳᠡ ᠨᠠᠰᠤᠨ ᠤ ᠪᠠᠶᠢᠳᠠᠯ ᠪᠠ ᠪᠡᠶ᠎ᠡ ᠶᠢᠨ ᠡᠷᠡᠭᠦᠯ ᠮᠡᠨᠳᠦ ᠶᠢᠨ | ᠪᠠᠶᠢᠳᠠᠯ ᠢᠶᠠᠨ ᠦᠨᠳᠦᠰᠦᠯᠡᠵᠦ ᠵᠣᠬᠢᠰᠲᠠᠢ ᠬᠥᠳᠡᠯᠭᠡᠭᠡᠨ ᠢ ᠰᠣᠩᠭᠤᠵᠤ ᠪᠡᠶ᠎ᠡ ᠪᠠᠨ ᠪᠤᠯᠪᠠᠰᠤᠷᠠᠭᠤᠯᠵᠤ ᠪᠣᠯᠣᠨ᠎ᠠ᠃ | ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ | ᠬᠦᠴᠢᠯᠲᠥ᠋ᠷᠥᠭᠴᠢᠲᠦ ᠬᠥᠳᠡᠯᠭᠡᠭᠡᠨ ᠢᠶᠠᠷ ᠭᠤᠣᠯᠯᠠᠭᠤᠯᠵᠤ᠂ ᠳᠤᠮᠳᠠ ᠨᠠᠰᠤᠨ ᠤ ᠬᠥᠮᠥᠰ ᠲᠦᠷᠭᠡᠨ ᠠᠯᠬᠤᠬᠤ᠂ ᠤᠳᠠᠭᠠᠨ | ᠭᠦᠶᠦᠬᠦ᠂ ᠠᠰᠠᠷ ᠤᠨ ᠱᠠᠲᠤ ᠪᠠᠷ ᠮᠠᠴᠤᠬᠤ ᠵᠡᠷᠭᠡ ᠳᠣᠣᠷ᠎ᠠ ᠬᠦᠴᠢᠯᠲᠥ᠋ᠷᠥᠭᠴᠢᠲᠦ ᠬᠥᠳᠡᠯᠭᠡᠭᠡᠨ ᠢ ᠰᠣᠩᠭᠤᠵᠤ ᠪᠤᠯᠣᠨ᠎ᠠ; | ᠨᠠᠰᠤᠲᠠᠶᠢᠴᠤᠳ ᠰᠤᠯᠠ ᠠᠯᠬᠤᠬᠤ᠂ ᠶᠤᠭ᠎ᠠ᠂ ᠨᠡᠷᠡᠬᠦᠢ ᠨᠢᠳᠤᠷᠭ᠎ᠠ ᠵᠡᠷᠭᠡ ᠶᠢ ᠰᠣᠩᠭᠤᠵᠤ ᠪᠣᠯᠣᠨ᠎ᠠ᠃ ᠨᠠᠮᠤᠷ ᠤᠨ | ᠤᠯᠠᠷᠢᠯ ᠳᠤ ᠬᠥᠮᠥᠨ ᠤ ᠮᠡᠳᠡᠷᠡᠯ ᠤᠨ ᠰᠢᠰᠲ᠋ᠧᠮ ᠤᠨ ᠬᠥᠭᠡᠷᠦᠯᠲᠡ ᠶᠢᠨ ᠴᠢᠨᠠᠷ ᠨᠡᠮᠡᠭᠳᠡᠵᠦ᠂ ᠹᠢᠽᠢᠣᠯᠣᠭᠢ ᠶᠢᠨ ᠠᠵᠢᠯᠯᠠᠭ᠎ᠠ | ᠬᠥᠭᠵᠢᠶᠡᠨ ᠲᠠᠢ ᠪᠤᠯᠬᠤ ᠬᠠᠨᠳᠤᠰᠢ ᠲᠠᠢ ᠪᠣᠯᠣᠨ᠎ᠠ᠃ ᠡᠨᠡ ᠤᠯᠠᠷᠢᠯ ᠳᠤ ᠬᠥᠮᠥᠰ ᠠᠮᠠᠷᠬᠠᠨ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠬᠡᠲᠦᠷᠬᠡᠢ ᠬᠢᠬᠦ ᠠᠴᠠ ᠪᠣᠯᠵᠤ ᠶᠠᠳᠠᠷᠠᠨ᠂ ᠠᠵᠢᠯ ᠪᠣᠯᠣᠨ ᠡᠷᠡᠭᠦᠯ ᠮᠡᠨᠳᠦ ᠪᠠᠨ ᠨᠥᠯᠥᠭᠡᠯᠡᠵᠦ ᠮᠡᠳᠡᠨ᠎ᠡ᠃ | ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠥᠰ ᠬᠥᠳᠡᠯᠭᠡᠭᠡᠨ ᠤ ᠴᠠᠭ ᠪᠠ ᠬᠥᠳᠡᠯᠭᠡᠭᠡᠨ ᠤ ᠡᠷᠴᠢᠮ ᠢᠶᠠᠨ ᠰᠠᠶᠢᠲᠤᠷ | ᠲᠣᠬᠢᠷᠠᠭᠤᠯᠬᠤ ᠬᠡᠷᠡᠭᠲᠡᠢ᠃ ᠶᠡᠷᠦ ᠶᠢᠨ ᠪᠠᠶᠢᠳᠠᠯ ᠳᠤ᠂ ᠢᠳᠡᠷ ᠨᠠᠰᠤᠲᠠᠶᠢᠴᠤᠳ ᠤᠳᠠᠭ᠎ᠠ ᠪᠦᠷᠢ 1.5 ᠴᠠᠭ ᠠᠴᠠ ᠢᠯᠡᠭᠦᠦ | ᠬᠥᠳᠡᠯᠭᠡᠭᠡᠨ ᠬᠢᠵᠦ ᠪᠤᠯᠬᠤ ᠦᠭᠡᠢ᠃ ᠵᠣᠬᠢᠰᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠪᠡᠯ ᠪᠣᠯᠴᠢᠬᠠᠨ᠎ᠠ᠃ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠠᠷᠠᠭ᠎ᠠ ᠤᠰᠤ ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠃ ᠲᠠᠮᠢᠷ ᠤᠨ ᠬᠥᠳᠡᠯᠭᠡᠭᠡᠨ ᠬᠢᠭᠰᠡᠨ ᠤ | ᠳᠠᠷᠠᠭ᠎ᠠ᠂ ᠪᠤᠴᠠᠯᠤᠭᠰᠠᠨ ᠤᠰᠤ ᠢᠯᠡᠭᠦᠬᠡᠨ ᠤᠤᠭᠤᠬᠤ ᠬᠡᠷᠡᠭᠲᠡᠢ᠂ ᠨᠢᠰᠢᠩᠭᠦ᠂ ᠠᠯᠢᠮ᠎ᠠ᠂ ᠠᠯᠮᠤᠷᠠᠳ᠂ ᠰᠦ᠂ ᠮᠠᠭᠠᠵᠢ᠂ | ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠶᠢ ᠢᠯᠡᠭᠦᠬᠡᠨ ᠢᠳᠡᠵᠦ᠂ ᠠᠮᠢᠰᠬᠤᠯ ᠤᠨ ᠵᠠᠮ ᠤᠨ ᠰᠠᠯᠢᠰᠤᠲᠤ | ᠪᠦᠷᠬᠦᠪᠴᠢ ᠶᠢᠨ ᠬᠡᠪ ᠤᠨ ᠱᠦᠭᠦᠷᠡᠯ ᠢ ᠪᠠᠲᠤᠯᠠᠵᠤ᠂ ᠬᠤᠭᠤᠯᠠᠢ ᠬᠠᠪᠤᠳᠵᠦ ᠡᠪᠡᠳᠬᠦ ᠶᠢ ᠰᠡᠷᠭᠡᠶᠢᠯᠡᠨ᠎ᠡ᠃ ᠭᠡᠳᠦ ᠬᠥᠯᠥᠰᠦ | ᠭᠠᠷᠤᠭᠰᠠᠨ ᠪᠣᠯ ᠪᠤᠴᠠᠯᠤᠭᠰᠠᠨ ᠤᠰᠤᠨ ᠳᠤ ᠪᠠᠭ᠎ᠠ ᠬᠡᠮᠵᠢᠶᠡᠨ ᠤ ᠳᠠᠪᠤᠰᠤ ᠨᠡᠮᠡᠵᠦ ᠤᠤᠭᠤᠵᠤ ᠪᠣᠯᠣᠨ᠎ᠠ᠃ ᠤᠰᠤ | ᠤᠤᠭᠤᠬᠤ ᠳᠠᠭᠠᠨ ᠪᠠᠭ᠎ᠠ ᠬᠡᠮᠵᠢᠶ᠎ᠡ ᠪᠠᠷ ᠤᠯᠠᠨ ᠤᠳᠠᠭ᠎ᠠ ᠤᠳᠠᠭᠠᠨ ᠤᠤᠭᠤᠬᠤ ᠶᠢ ᠪᠠᠷᠢᠮᠲᠠᠯᠠᠨ᠎ᠠ᠃ | ᠪᠡᠶ᠎ᠡ ᠶᠢᠨ ᠲᠠᠮᠢᠷ ᠤᠨ ᠬᠥᠳᠡᠯᠭᠡᠭᠡᠨ ᠨᠢᠭᠡᠨᠲᠡ ᠠᠷᠠᠳ ᠢᠷᠭᠡᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠵᠤ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠬᠠᠮᠤᠭ ᠤᠨ ᠢᠳᠡᠪᠬᠢᠲᠡᠢ᠂ ᠬᠠᠮᠤᠭ ᠤᠨ | ᠪᠦᠲᠦᠮᠵᠢᠲᠠᠢ ᠠᠷᠭ᠎ᠠ ᠭᠡᠯᠪᠡᠷᠢ ᠪᠣᠯᠤᠭᠰᠠᠨ ᠪᠠᠶᠢᠨ᠎ᠠ᠃ ᠤᠯᠤᠰ ᠣᠷᠣᠨ ᠤ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ | ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠳᠠᠭᠠᠯᠳᠤᠨ᠂ ᠪᠦᠭᠦ ᠠᠷᠠᠳ ᠤᠨ ᠡᠯ᠎ᠡ ᠵᠦᠢᠯ ᠤᠨ ᠪᠡᠶ᠎ᠡ ᠶᠢᠨ ᠲᠠᠮᠢᠷ ᠤᠨ | ᠬᠥᠳᠡᠯᠭᠡᠭᠡᠨ ᠳᠤ ᠣᠷᠤᠯᠴᠠᠬᠤ ᠣᠷᠴᠢᠨ ᠨᠥᠬᠦᠴᠡᠯ ᠤᠯᠠᠮ ᠢᠶᠠᠷ ᠰᠠᠶᠢᠵᠢᠷᠠᠵᠤ᠂ ᠪᠦᠭᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠶᠢ ᠲᠠᠶᠢᠴᠢᠯᠠᠨ ᠡᠷᠡᠭᠦᠯ ᠡᠩᠬᠡ ᠲᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ | | | |