| | ● ᠳᠤᠪᠤ | 9 ᠰᠠᠷ᠎ᠠ ᠶᠢᠨ 18 ᠤ ᠡᠳᠦᠷ᠂ 41 ᠲᠦᠮᠡᠨ ᠬᠦᠷᠢᠶᠡᠯᠡᠭᠴᠢ ᠲᠠᠢ ᠰᠦᠯᠵᠢᠶᠡᠨ ᠳᠠᠬᠢ ᠴᠤᠤᠲᠠᠨ ︽ | ᠵᠢᠤᠸᠠᠨ ᠽᠢ︾ ᠭᠡᠭᠴᠢ ᠡᠮᠡᠭᠲᠡᠢ ᠰᠢᠭᠤᠳ ᠨᠡᠪᠲᠡᠷᠡᠭᠦᠯᠭᠡ ᠬᠢᠬᠦ ᠳᠡᠭᠡᠨ ︽ᠶᠢᠰᠦᠨ ᠰᠠᠷ᠎ᠠ ᠶᠢᠨ ᠠᠷᠪᠠᠨ ᠨᠠᠢᠮᠠᠨ︾ ᠢ | ᠵᠣᠷᠢᠭᠤᠳᠠ ︽ᠵᠢᠷᠭᠤᠭᠠᠨ ᠰᠠᠷ᠎ᠠ ᠶᠢᠨ ᠠᠷᠪᠠᠨ ᠨᠠᠢᠮᠠᠨ︾ ᠭᠡᠵᠦ ᠪᠤᠷᠤᠭᠤ ᠬᠡᠯᠡᠭᠡᠳ ᠳᠠᠭᠠᠵᠢᠩᠨᠠᠨ ᠢᠨᠢᠶᠡᠬᠦ ᠶᠢ ᠨᠢ | ᠦᠵᠡᠭᠡᠳ ᠰᠦᠯᠵᠢᠶᠡᠨ ᠠᠨᠳᠠ ᠨᠠᠷ ᠵᠢᠮᠡᠯᠡᠨ ᠠᠰᠠᠭᠤᠬᠤ ᠳᠤ ᠲᠡᠷᠡ ᠪᠠᠷ ᠬᠠᠷᠢᠨ ᠢᠨᠢᠶᠡᠳᠦ ᠪᠠᠨ ᠳᠠᠷᠤᠭᠰᠠᠨ ᠦᠭᠡᠢ ᠪᠠᠷ | ᠪᠠᠷᠠᠬᠤ ᠦᠭᠡᠢ ᠬᠠᠷᠢᠨ ᠰᠦᠯᠵᠢᠶᠡᠨ ᠤ ᠠᠨᠳᠠ ᠤᠳ ᠢ ︽ᠰᠠᠪᠠᠭ᠎ᠠ ᠦᠭᠡᠢ ᠬᠡᠷᠡᠭ ᠢ ᠬᠠᠮᠢᠶᠠᠷᠴᠤ ᠪᠠᠶᠢᠨ᠎ᠠ︾᠂ | ᠥᠪᠡᠷ ᠢ ᠪᠠᠨ ︽ᠰᠣᠶᠣᠯ ᠦᠭᠡᠢ︾᠂ ︽︿ᠶᠢᠰᠦᠨ ᠰᠠᠷ᠎ᠠ ᠶᠢᠨ ᠠᠷᠪᠠᠨ ᠨᠠᠢᠮᠠᠨ﹀ ᠭᠡᠳᠡᠭ ᠢ ᠮᠡᠳᠡᠬᠦ ᠦᠭᠡᠢ︾᠂ | ᠥᠪᠡᠷ ᠢ ᠪᠠᠨ ︽ᠳᠤᠮᠳᠠᠳᠤ ᠶᠢᠨ ᠬᠥᠮᠥᠨ ᠪᠢᠰᠢ︾ ᠭᠡᠴᠢᠬᠡᠭᠡᠳ ᠦᠷᠭᠦᠯᠵᠢᠯᠡᠨ ᠱᠣᠣᠯᠠᠨ ᠢᠨᠢᠶᠡᠭᠰᠡᠨ ᠪᠠᠶᠢᠨ᠎ᠠ᠃ | ᠣᠶᠢᠷ᠎ᠠ ᠶᠢᠨ ᠬᠤᠶᠠᠷ ᠵᠢᠯ ᠳᠤ᠂ ᠰᠦᠯᠵᠢᠶᠡᠨ ᠤ ᠰᠢᠭᠤᠳ ᠨᠡᠪᠲᠡᠷᠡᠭᠦᠯᠭᠡ᠂ ᠣᠬᠤᠷ ᠸᠢᠳᠢᠤ᠋ ᠵᠡᠷᠭᠡ ᠶᠢᠨ | ᠬᠠᠯᠠᠭᠤᠷᠠᠯ ᠨᠢ ᠨᠢᠭᠡ ᠪᠦᠯᠦᠭ ᠰᠦᠯᠵᠢᠶᠡᠨ ᠳᠠᠬᠢ ᠴᠤᠤᠲᠠᠨ ᠢ ᠪᠤᠢ ᠪᠤᠯᠭᠠᠵᠤ᠂ ᠳᠡᠳᠡ ᠨᠠᠷ ᠲᠤ ᠵᠣᠬᠢᠬᠤ ᠬᠡᠮᠵᠢᠶᠡᠨ ᠤ | ᠪᠤᠶᠤ ᠴᠢᠨᠠᠭᠰᠢᠯᠠᠨ ᠶᠡᠭᠡ ᠬᠡᠮᠵᠢᠶᠡᠨ ᠤ ᠠᠰᠢᠭ ᠲᠤᠰᠠ ᠣᠯᠭᠤᠭᠰᠠᠨ ᠪᠢᠯᠡ᠃ ᠭᠡᠪᠡᠴᠦ ᠡᠨᠡ ᠬᠦ ᠮᠡᠳᠡᠭᠡ ᠵᠠᠩᠭᠢ ᠶᠢᠨ | ᠦᠳᠲᠡᠷ ᠲᠦᠷᠭᠡᠨ ᠳᠡᠯᠭᠡᠷᠡᠯᠲᠡ ᠲᠠᠢ᠂ ᠤᠯᠠᠨ ᠲᠤᠶᠢᠯᠰᠢᠷᠠᠯ ᠲᠠᠢ ᠴᠠᠬᠢᠮ ᠬᠥᠭᠵᠢᠯᠲᠡ ᠶᠢᠨ ᠴᠠᠭ ᠦᠶ᠎ᠡ ᠳᠤ ᠪᠡᠯᠡᠨ | ᠳᠣᠣᠷ᠎ᠠ ᠨᠢ ᠨᠡᠷ᠎ᠡ ᠮᠠᠨᠳᠤᠨ ᠤᠯᠠᠶᠢᠵᠤ᠂ ᠰᠦᠯᠵᠢᠶᠡᠨ ᠳᠠᠬᠢ ᠴᠤᠤᠲᠠᠨ ᠪᠤᠯᠬᠤ ᠨᠢ ᠮᠠᠰᠢ ᠭᠢᠯᠪᠠᠷᠬᠠᠨ ᠪᠤᠯᠪᠠᠴᠤ ᠢᠮᠠᠬᠳᠠᠨ | ᠤᠯᠠᠶᠢᠵᠤ᠂ ᠦᠷᠭᠦᠯᠵᠢᠳᠡ ᠬᠠᠯᠠᠭᠤᠷᠠᠯ ᠤᠨ ᠴᠡᠭ ᠪᠣᠯᠵᠤ᠂ ᠰᠦᠯᠵᠢᠶᠡᠨ ᠤ ᠲᠣᠮᠣ ᠴᠤᠤᠲᠠᠨ ᠪᠣᠯᠵᠤ ᠴᠢᠳᠠᠬᠤ ᠡᠰᠡᠬᠦ ᠨᠢ | ᠬᠠᠷᠢᠨ ᠪᠣᠯᠵᠣᠰᠢ ᠦᠭᠡᠢ ᠶᠠᠪᠤᠳᠠᠯ ᠶᠤᠮ᠃ ᠡᠶᠢᠮᠦ ᠪᠠᠶᠢᠳᠠᠯ ᠳᠣᠣᠷ᠎ᠠ ᠵᠠᠷᠢᠮ ᠰᠦᠯᠵᠢᠶᠡᠨ ᠳᠠᠬᠢ ᠴᠤᠤᠲᠠᠨ ᠨᠡᠩ ᠶᠡᠭᠡ | ᠨᠡᠷ᠎ᠡ ᠨᠥᠯᠥᠭᠡ᠂ ᠰᠦᠯᠵᠢᠶᠡᠨ ᠤᠷᠤᠰᠴᠠ᠂ ᠠᠰᠢᠭ ᠲᠤᠰᠠ ᠬᠥᠭᠡᠭᠡᠴᠡᠯᠳᠦᠬᠦ ᠶᠢᠨ ᠲᠥᠯᠥᠭᠡ ᠶᠠᠮᠠᠷ ᠠᠷᠭ᠎ᠠ ᠪᠠᠰᠢᠷ ᠢ ᠴᠣ᠋ | ᠬᠡᠷᠡᠭᠯᠡᠬᠦ ᠪᠣᠯᠵᠤ᠂ ᠶᠣᠰᠣ ᠰᠤᠷᠲᠠᠬᠤᠨ ᠤ ᠬᠢᠵᠠᠭᠠᠷᠯᠠᠯ᠂ ᠴᠢᠨᠠᠭᠰᠢᠯᠠᠨ ᠬᠠᠤᠯᠢ ᠴᠠᠭᠠᠵᠠ ᠶᠢᠨ ᠬᠦᠯᠢᠶᠡᠰᠦᠯᠡᠯ ᠢ ᠴᠤ | ᠣᠶᠢᠰᠢᠶᠠᠬᠤ ᠪᠠᠨ ᠪᠣᠯᠢᠵᠤ᠂ ᠨᠢᠭᠤᠷ ᠨᠢᠳᠦ ᠦᠭᠡᠢ ᠠᠭᠠᠰᠢᠯᠠᠬᠤ ᠪᠣᠯᠵᠠᠢ᠃ ᠰᠠᠶ᠋ᠢᠬᠠᠨ ᠫᠠᠷᠢᠰ ᠤᠨ ᠣᠯᠢᠮᠫᠢᠺ ᠤᠨ | ᠴᠤᠭᠯᠠᠭᠠᠨ ᠳᠤ ᠠᠯᠳᠠᠨ ᠮᠧᠳᠠᠯ ᠢᠶᠠᠷ ᠡᠩᠭᠡᠷ ᠢᠶᠠᠨ ᠮᠢᠯᠢᠶᠠᠯᠭᠠᠨ᠂ ᠡᠬᠡ ᠤᠯᠤᠰ ᠲᠠᠭᠠᠨ ᠢᠷᠠᠭᠤ ᠠᠯᠳᠠᠷ ᠣᠯᠭᠤᠭᠰᠠᠨ | ᠴᠢᠤᠸᠠᠨ ᠬᠤᠨᠭ᠌ ᠴᠠᠨ ᠢ ᠭᠡᠷ ᠲᠡᠭᠡᠨ ᠬᠠᠷᠢᠵᠤ ᠢᠷᠡᠭᠰᠡᠨ ᠤ ᠳᠠᠷᠠᠭ᠎ᠠ᠂ ᠤᠯᠠᠨ ᠲᠣᠭᠠᠨ ᠤ ᠰᠦᠯᠵᠢᠶᠡᠨ ᠳᠠᠬᠢ ᠴᠤᠤᠲᠠᠨ | ᠭᠡᠷ ᠤᠨ ᠬᠢᠨᠢ ᠭᠠᠳᠠᠨ᠎ᠠ ᠴᠤᠭᠯᠠᠷᠠᠨ ᠬᠤᠷᠠᠯᠴᠠᠵᠤ᠂ ᠴᠢᠤᠸᠠᠨ ᠬᠤᠨᠭ᠌ ᠴᠠᠨ ᠤ ᠨᠡᠷ᠎ᠡ ᠨᠥᠯᠥᠭᠡ ᠶᠢ ᠠᠰᠢᠭᠯᠠᠨ ᠥᠪᠡᠷ ᠤᠨ | ᠰᠦᠯᠵᠢᠶᠡᠨ ᠤᠷᠤᠰᠴᠠ ᠪᠠᠨ ᠨᠡᠮᠡᠭᠳᠡᠭᠦᠯᠵᠦ᠂ ᠨᠡᠩ ᠶᠡᠭᠡ ᠠᠰᠢᠭ ᠣᠯᠬᠤ ᠵᠣᠷᠢᠯᠭ᠎ᠠ ᠪᠠᠷ ᠡᠳᠦᠷ ᠰᠥᠨᠢ ᠦᠭᠡᠢ | ᠦᠢᠮᠡᠯᠳᠦᠨ᠂ ᠴᠢᠤᠸᠠᠨ ᠬᠤᠨᠭ᠌ ᠴᠠᠨ ᠤ ᠨᠢᠭᠡ ᠭᠡᠷ ᠤᠨ ᠬᠢᠨ ᠵᠢᠴᠢ ᠬᠥᠷᠰᠢ ᠵᠡᠷᠭᠡᠯᠡᠳᠡᠭᠡ ᠠᠶᠢᠯ ᠬᠤᠨᠠᠷ ᠤᠨ ᠬᠡᠪ ᠤᠨ | ᠠᠵᠢᠯ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠭᠰᠡᠨ ᠪᠠᠶᠢᠨ᠎ᠠ᠃ ᠡᠨᠡ ᠬᠤᠶᠠᠷ ᠵᠢᠯ ᠳᠤ ᠡᠶᠢᠮᠦᠷᠬᠦᠦ ᠦᠯᠢᠭᠡᠷ ᠵᠢᠱᠢᠶ᠎ᠡ | ᠮᠤᠩ ᠦᠭᠡᠢ ᠠᠷᠪᠢᠨ ᠪᠠᠶᠢᠭ᠎ᠠ ᠪᠥᠭᠡᠳ ᠡᠭᠦᠨ ᠠᠴᠠ ᠨᠡᠩ ᠴᠢᠨᠠᠭᠰᠢ᠂ ᠨᠡᠩ ᠨᠠᠵᠠᠭᠠᠢ ᠪᠤᠷᠤᠭᠤ ᠪᠤᠶᠤ ᠳᠤᠷ᠎ᠠ ᠪᠤᠯᠭᠢᠮᠠ | ᠶᠠᠪᠤᠳᠠᠯ ᠦᠵᠡᠭᠳᠡᠯ ᠴᠤ ᠴᠥᠭᠡᠨ ᠪᠤᠰᠤ ᠭᠠᠷᠴᠤ ᠪᠤᠢ᠃ | ᠭᠡᠪᠡᠴᠦ ᠰᠦᠯᠵᠢᠶ᠎ᠡ ᠨᠢ ᠬᠡᠶᠢᠰᠪᠦᠷᠢ ᠣᠷᠣᠨ ᠵᠠᠢ ᠲᠡᠳᠦᠢ ᠪᠢᠰᠢ᠂ ᠨᠡᠩ ᠴᠤ ᠶᠣᠰᠣ ᠰᠤᠷᠲᠠᠬᠤᠨ ᠠᠴᠠ | ᠲᠡᠷᠰᠯᠡᠭᠰᠡᠨ᠂ ᠬᠠᠤᠯᠢ ᠴᠠᠭᠠᠵᠠ ᠠᠴᠠ ᠭᠠᠳᠠᠭᠤᠷᠬᠢ ᠣᠷᠣᠨ ᠵᠠᠢ ᠪᠢᠰᠢ ᠭᠡᠳᠡᠭ ᠢ ᠣᠶᠢᠯᠠᠭᠠᠬᠤ ᠬᠡᠷᠡᠭᠲᠡᠢ᠃ 9.18 ᠤ | ᠡᠳᠦᠷ ᠢᠶᠠᠷ ᠱᠤᠭ ᠨᠠᠭᠠᠳᠤᠮ ᠪᠤᠯᠭᠠᠬᠰᠠᠨ ︽ᠵᠢᠤᠸᠠᠨ ᠽᠢ︾ ᠶᠢᠨ ᠲᠠᠩᠰᠠᠨ ᠨᠣᠮᠧᠷ ᠢ ᠨᠢᠭᠡᠨᠲᠡ ᠥᠨᠢ ᠡᠭᠦᠷᠢᠳᠡ | ᠪᠢᠲᠡᠭᠦᠮᠵᠢᠯᠡᠨ ᠬᠠᠭᠠᠵᠠᠢ; ᠴᠢᠤᠸᠠᠨ ᠬᠤᠨᠭ᠌ ᠴᠠᠨ ᠤ ᠭᠡᠷ ᠤᠨ ᠭᠠᠳᠠᠭ᠎ᠠ ᠬᠤᠷᠠᠯᠴᠠᠨ ᠦᠢᠮᠡᠯᠳᠦᠵᠦ ᠪᠠᠶᠢᠭ᠎ᠠ | ᠰᠦᠯᠵᠢᠶᠡᠨ ᠤ ᠴᠤᠤᠳᠠᠳ ᠢ ᠴᠤ ᠲᠠᠷᠬᠠᠭᠠᠨ ᠬᠠᠷᠢᠭᠤᠯᠬᠤ ᠬᠡᠮᠡᠨ ᠤᠷᠢᠶᠠᠯᠠᠨ ᠴᠡᠭᠴᠡᠯᠡᠵᠦ ᠪᠤᠢ᠃ ᠳᠡᠭᠡᠪᠡᠯ ᠶᠠᠭᠠᠬᠢᠪᠠᠯ | ᠰᠠᠶ᠋ᠢ ᠰᠦᠯᠵᠢᠶᠡᠨ ᠴᠤᠤᠲᠠᠨ ᠵᠡᠷᠭᠡ ᠬᠡᠰᠡᠭ ᠬᠥᠮᠥᠰ ᠤᠨ ᠨᠠᠵᠠᠭᠠᠢ ᠦᠢᠯᠡ ᠬᠢᠳᠡᠯ ᠢ ᠬᠢᠵᠠᠭᠠᠷᠯᠠᠨ ᠡᠵᠡᠮᠳᠡᠵᠦ ᠲᠡᠶᠢᠯᠭᠦ ᠪᠤᠢ | ᠭᠡᠪᠡᠯ᠄ ᠡᠩ ᠲᠡᠷᠢᠭᠦᠨ ᠳᠤ᠂ ᠰᠦᠯᠵᠢᠶᠡᠨ ᠤ ᠠᠵᠢᠯ ᠡᠷᠬᠢᠯᠡᠭᠰᠡᠳ ᠢ ᠬᠥᠲᠥᠯᠥᠨ ᠵᠢᠯᠤᠭᠤᠳᠴᠤ ᠪᠠᠶᠢᠭᠠᠳ ᠥᠪᠡᠷ ᠢ ᠪᠠᠨ | ᠱᠠᠭᠠᠷᠳᠠᠬᠤ ᠶᠢ ᠨᠢ ᠴᠢᠩᠭᠠᠳᠬᠠᠵᠤ᠂ ᠥᠪᠡᠷ ᠤᠨ ᠦᠢᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠵᠢᠷᠤᠮᠵᠢᠭᠤᠯᠬᠤ ᠶᠢ | ᠱᠠᠭᠠᠷᠳᠠᠬᠤ ᠭᠡᠷᠡᠭᠲᠡᠶ; ᠳᠠᠷᠠᠭᠠᠯᠠᠪᠠᠯ᠂ ᠰᠦᠯᠵᠢᠶᠡᠨ ᠤ ᠠᠭᠤᠯᠭ᠎ᠠ ᠶᠢ ᠬᠢᠨᠠᠨ ᠬᠠᠷᠭᠤᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠬᠡᠪ ᠰᠤᠷᠲᠠᠬᠤᠨ ᠠᠴᠠ ᠵᠥᠷᠢᠴᠡᠭᠰᠡᠨ ᠰᠦᠯᠵᠢᠶᠡᠨ ᠴᠤᠤᠳᠠᠳ ᠤᠨ ᠨᠠᠵᠠᠭᠠᠢ ᠲᠠᠯ᠎ᠠ ᠶᠢᠨ ᠨᠠᠷᠢᠨ | ᠳᠠᠩᠰᠠ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠬᠦ ᠴᠢᠬᠤᠯᠠᠳᠡᠢ; ᠭᠤᠷᠪᠠᠳᠤᠭᠠᠷ ᠲᠤ᠂ ᠰᠦᠯᠵᠢᠶᠡᠨ ᠤ ᠶᠣᠰᠣ | ᠰᠤᠷᠲᠠᠬᠤᠨ ᠤ ᠳᠦᠷᠢᠮᠵᠢᠯ ᠢ ᠲᠡᠭᠦᠯᠳᠡᠷᠵᠢᠭᠦᠯᠵᠦ᠂ ᠥᠷᠭᠡᠨ ᠣᠯᠠᠨ ᠰᠦᠯᠵᠢᠶᠡᠨ ᠤ ᠢᠷᠭᠡᠳ ᠤᠨ ᠨᠡᠶᠢᠭᠡᠮ ᠤᠨ | ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠡᠮᠡᠭᠳᠡᠭᠦᠯᠬᠦ ᠶᠤᠰᠤᠳᠡᠢ; ᠳᠥᠷᠪᠡᠳᠦᠭᠡᠷ ᠲᠤ᠂ ᠵᠥᠪ ᠡᠨᠧᠷᠭᠢ ᠶᠢᠨ ᠦᠵᠡᠯᠲᠡ | ᠲᠠᠨᠢᠯᠲᠠ ᠶᠢ ᠪᠤᠢ ᠪᠤᠯᠭᠠᠵᠤ᠂ ᠢᠳᠡᠪᠬᠢᠲᠡᠢ ᠥᠭᠡᠳᠡᠷᠬᠡᠭ ᠰᠦᠯᠵᠢᠶᠡᠨ ᠪᠦᠲᠦᠭᠡᠯ᠂ ᠰᠦᠯᠵᠢᠶᠡᠨ ᠤ ᠦᠢᠯᠡ ᠠᠵᠢᠯᠯᠠᠭ᠎ᠠ ᠪᠠᠷ | ᠨᠠᠵᠠᠭᠠᠢ ᠰᠤᠷᠲᠠᠯ᠂ ᠪᠣᠯᠬᠢ ᠦᠢᠯᠡ ᠬᠢᠳᠡᠯ ᠢ ᠳᠠᠷᠤᠬᠤ ᠬᠡᠷᠡᠭᠲᠡᠢ ᠶᠤᠮ᠃ | | |