| | ᠠᠮᠧᠷᠢᠺᠠ ᠶᠢᠨ ᠳ᠋ᠦᠯᠠᠨᠨᠧ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨᠲᠠᠨ ᠨᠢᠭᠡ ᠬᠤᠭᠤᠴᠠᠭᠠᠨ ᠤ ︽ | ᠯᠤᠭᠰᠢᠭᠤᠨ ᠰᠤᠳᠠᠯ ᠤᠨ ᠥᠭᠡᠬᠦᠵᠢᠨ ᠬᠠᠲᠠᠭᠤᠷᠠᠭᠰᠠᠨ ᠰᠡᠳᠬᠦᠯ︾ ᠳᠡᠭᠡᠷ᠎ᠡ ᠥᠭᠦᠯᠡᠯ ᠨᠡᠶᠢᠲᠡᠯᠡᠵᠦ᠂ ᠲᠠᠳᠠ ᠠᠩᠭ᠍ᠯᠢ ᠶᠢᠨ | 40 ᠭᠠᠷᠤᠢ ᠲᠦᠮᠡᠨ ᠨᠠᠰᠤᠨ ᠳᠤ ᠭᠦᠷᠦᠭᠰᠡᠨ ᠣᠷᠣᠯᠴᠠᠭᠴᠢ ᠶᠢᠨ ᠲᠤᠭ᠎ᠠ ᠪᠠᠷᠢᠮᠲᠠ ᠶᠢ ᠴᠤᠭᠯᠠᠭᠤᠯᠵᠤ᠂ ᠡᠭᠦᠨ ᠳᠤ | ᠲᠡᠳᠡᠨ ᠤ ᠭᠡᠷ ᠪᠦᠯᠢ ᠶᠢᠨ ᠲᠡᠦᠬᠡ᠂ ᠤᠳᠤᠮᠰᠢᠯ ᠤᠨ ᠠᠶᠤᠯ ᠲᠦᠭᠰᠢᠭᠦᠷᠢ ᠶᠢᠨ ᠬᠦᠴᠦᠨ ᠵᠦᠢᠯ ᠪᠠ ᠨᠢᠭᠡᠨᠲᠡ | ᠲᠣᠭᠲᠠᠭᠠᠭᠰᠠᠨ ᠠᠶᠤᠯ ᠲᠦᠭᠰᠢᠭᠦᠷᠢ ᠶᠢᠨ ᠬᠦᠴᠦᠨ ᠵᠦᠢᠯ᠂ ᠵᠢᠱᠢᠶᠡᠯᠡᠪᠡᠯ ᠴᠢᠰᠤᠨ ᠳᠠᠷᠤᠯᠲᠠ ᠥᠨᠳᠥᠷ ᠡᠪᠡᠳᠴᠢᠨ ᠪᠠ | ᠲᠠᠮᠠᠬᠢ ᠲᠠᠲᠠᠭᠰᠠᠨ ᠲᠡᠦᠬᠡ ᠵᠢᠴᠢ ᠲᠡᠳᠡᠨ ᠤ ᠠᠮᠢᠳᠤᠷᠠᠯ ᠤᠨ ᠵᠠᠩ ᠳᠠᠳᠬᠠᠯ ᠢ ᠪᠠᠭᠲᠠᠭᠠᠭᠰᠠᠨ ᠲᠤᠭ᠎ᠠ ᠪᠠᠷᠢᠮᠲᠠ ᠶᠢ | ᠴᠤᠭᠯᠠᠭᠤᠯᠤᠭᠰᠠᠨ ᠪᠥᠭᠡᠳ ᠣᠷᠣᠯᠴᠠᠭᠴᠢ ᠶᠢ 12 ᠵᠢᠯ ᠬᠠᠭᠠᠰ ᠤᠨ ᠬᠤᠭᠤᠴᠠᠭ᠎ᠠ ᠲᠠᠢ ᠳᠠᠭᠠᠵᠤ ᠰᠤᠷᠪᠤᠯᠵᠢᠯᠠᠭᠰᠠᠨ | ᠪᠠᠶᠢᠨ᠎ᠠ ᠭᠡᠵᠡᠢ᠃ ᠵᠠᠳᠠᠯᠤᠯᠲᠠ ᠠᠴᠠ ᠦᠵᠡᠪᠡᠯ᠂ ᠡᠳᠦᠷ ᠪᠦᠷᠢ 5 ᠳᠠᠪᠬᠤᠷ ᠠᠰᠠᠷ ᠤᠨ ᠱᠠᠲᠤ ᠠᠪᠠᠷᠢᠬᠤ ᠨᠢ ᠵᠢᠷᠦᠬᠡ | ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ 20% ᠪᠠᠷ ᠪᠠᠭᠤᠷᠠᠭᠤᠯᠵᠤ ᠴᠢᠳᠠᠳᠠᠭ ᠢ ᠮᠡᠳᠡᠭᠰᠡᠨ | ᠪᠠᠶᠢᠨ᠎ᠠ᠃ | ᠰᠤᠳᠤᠯᠭᠠᠲᠠᠳ ᠤᠨ ᠬᠡᠯᠡᠬᠦ ᠪᠠᠷ᠂ ᠡᠳᠦᠷ ᠪᠦᠷᠢ 10000 ᠠᠯᠬᠤᠮ ᠠᠯᠬᠤᠬᠤ ᠲᠠᠢ ᠠᠳᠠᠯᠢᠳᠬᠠᠪᠠᠯ᠂ | ᠠᠰᠠᠷ ᠤᠨ ᠱᠠᠲᠤ ᠠᠪᠠᠷᠢᠬᠤ ᠨᠢ ᠵᠢᠷᠦᠬᠡ ᠴᠢᠰᠤᠨ ᠰᠤᠳᠠᠯ ᠤᠨ ᠡᠷᠡᠭᠦᠯ ᠮᠡᠨᠳᠦ ᠳᠤ ᠨᠠᠩ ᠠᠰᠢᠭᠲᠠᠢ ᠪᠠᠶᠢᠳᠠᠭ᠃ | ᠡᠭᠦᠨ ᠠᠴᠠ ᠭᠠᠳᠠᠨ᠎ᠠ᠂ ᠰᠤᠳᠤᠯᠭᠠᠨ ᠳᠤ ᠪᠠᠰᠠ ᠡᠳᠦᠷ ᠪᠦᠷᠢ ᠠᠰᠠᠷ ᠤᠨ ᠱᠠᠲᠤ ᠠᠪᠠᠷᠢᠭᠠ ᠦᠭᠡᠢ ᠬᠥᠮᠥᠰ ᠤᠨ ᠵᠢᠷᠦᠬᠡ | ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠨᠢ 32% ᠢᠶᠠᠷ ᠨᠡᠮᠡᠭᠳᠡᠭᠰᠡᠨ ᠢ ᠣᠯᠵᠤ ᠮᠡᠳᠡᠵᠡᠢ᠃ | ᠡᠭᠦᠨ ᠠᠴᠠ ᠡᠮᠦᠨᠡᠬᠢ ᠰᠤᠳᠤᠯᠭᠠᠨ ᠠᠴᠠ ᠦᠵᠡᠪᠡᠯ᠂ ᠡᠳᠦᠷ ᠪᠦᠷᠢ ᠠᠰᠠᠷ ᠤᠨ ᠱᠠᠲᠤ ᠠᠪᠠᠷᠢᠬᠤ ᠨᠢ ᠰᠣᠯᠢᠯᠴᠠᠭᠠᠨ ᠤ | ᠬᠠᠮ ᠡᠪᠡᠳᠴᠢᠨ ᠳᠤ ᠨᠡᠷᠪᠡᠭᠳᠡᠬᠦ ᠲᠦᠭᠰᠢᠭᠦᠷᠢ ᠶᠢ ᠪᠠᠭᠠᠰᠬᠠᠵᠤ᠂ ᠴᠢᠰᠤᠨ ᠳᠠᠷᠤᠯᠲᠠ ᠶᠢ ᠪᠠᠭᠤᠷᠠᠭᠤᠯᠤᠨ᠂ ᠲᠡᠩᠴᠡᠭᠦᠷᠢ | ᠪᠠ ᠠᠷᠤᠭ ᠶᠠᠰᠤᠨ ᠤ ᠪᠤᠯᠴᠢᠩ ᠢ ᠰᠠᠶᠢᠵᠢᠷᠠᠭᠤᠯᠬᠤ ᠳᠤ ᠠᠰᠢᠭᠲᠠᠢ ᠪᠠᠶᠢᠳᠠᠭ᠃ | ᠡᠳᠡᠭᠡᠷ ᠢᠯᠡᠷᠡᠭᠦᠯᠦᠯᠲᠡ ᠨᠢ ᠠᠰᠠᠷ ᠤᠨ ᠱᠠᠲᠤ ᠠᠪᠠᠷᠢᠬᠤ ᠨᠢ ᠡᠩ ᠤᠨ ᠬᠥᠮᠥᠰ ᠤᠨ ᠯᠤᠭᠰᠢᠭᠤᠨ | ᠰᠤᠳᠠᠯ ᠤᠨ ᠥᠭᠡᠬᠦᠵᠢᠨ ᠬᠠᠲᠠᠭᠤᠷᠠᠬᠤ ᠴᠢᠨᠠᠷᠲᠠᠢ ᠵᠢᠷᠦᠬᠡ ᠴᠢᠰᠤᠨ ᠰᠤᠳᠠᠯ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ | ᠴᠢᠬᠤᠯᠠ ᠠᠷᠭ᠎ᠠ ᠬᠡᠮᠵᠢᠶ᠎ᠡ ᠪᠤᠯᠬᠤ ᠳᠠᠯᠳᠠ ᠳᠠᠪᠠᠭᠤᠯᠢᠭ ᠢ ᠴᠢᠬᠤᠯᠠᠴᠢᠯᠠᠭᠰᠠᠨ ᠪᠠᠶᠢᠨ᠎ᠠ᠃ ᠣᠬᠤᠷᠬᠠᠨ ᠬᠤᠭᠤᠴᠠᠭᠠᠨ ᠳᠤ | ᠥᠨᠳᠥᠷ ᠬᠦᠴᠦᠯᠡᠴᠡ ᠲᠠᠢ ᠠᠰᠠᠷ ᠤᠨ ᠱᠠᠲᠤ ᠪᠠᠷ ᠠᠪᠠᠷᠢᠬᠤ ᠪᠣᠯ ᠵᠢᠷᠦᠬᠡ ᠠᠭᠤᠰᠬᠢᠨ ᠤ ᠡᠷᠡᠭᠦᠯ ᠮᠡᠨᠳᠦ ᠪᠠ ᠥᠭᠡᠬᠦᠯᠢᠭ | ᠡᠳ᠋ ᠤᠨ ᠪᠠᠶᠢᠳᠠᠯ ᠢ ᠰᠠᠶᠢᠵᠢᠷᠠᠭᠤᠯᠬᠤ ᠨᠢᠭᠡ ᠵᠦᠢᠯ ᠤᠨ ᠪᠦᠲᠦᠮᠵᠢᠲᠡᠶ ᠠᠷᠭ᠎ᠠ ᠪᠣᠯᠣᠨ᠎ᠠ᠃ | ᠭᠡᠪᠡᠴᠦ ᠰᠤᠳᠤᠯᠭᠠᠲᠠᠳ ᠠᠴᠠ ᠬᠡᠳᠦᠶᠢᠪᠡᠷ ᠡᠳᠦᠷ ᠪᠦᠷᠢ ᠢᠯᠡᠭᠦᠬᠡᠨ ᠠᠰᠠᠷ ᠤᠨ ᠱᠠᠲᠤ ᠠᠪᠠᠷᠢᠬᠤ ᠨᠢ | ᠡᠷᠡᠭᠦᠯ ᠮᠡᠨᠳᠦ ᠳᠤ ᠠᠰᠢᠭᠲᠠᠢ ᠪᠤᠯᠪᠠᠴᠤ ᠡᠨᠡ ᠬᠦ ᠬᠥᠳᠡᠯᠭᠡᠭᠡᠨ ᠳᠤ ᠳᠠᠳᠬᠤ ᠦᠭᠡᠢ ᠪᠠᠶᠢᠳᠠᠯ ᠢᠯᠡᠷᠡᠪᠡᠯ ᠡᠪ ᠢ ᠨᠢ | ᠦᠵᠡᠵᠦ ᠪᠠᠶᠢᠭᠠᠳ ᠵᠤᠬᠰᠤᠬᠤ ᠬᠡᠷᠡᠭᠲᠡᠢ ᠭᠡᠵᠦ ᠰᠠᠨᠠᠭᠤᠯᠵᠠᠢ᠃ | ︵︽ᠠᠷᠠᠳ ᠤᠨ ᠰᠦᠯᠵᠢᠶ᠎ᠡ︾ |