| | 1.ᠬᠡᠭᠡᠷ᠎ᠡ ᠭᠠᠳᠠᠨ᠎ᠠ ᠲᠠᠮᠠᠬᠢ ᠲᠠᠲᠠᠬᠤ ᠦᠭᠡᠢ᠂ ᠲᠠᠮᠠᠬᠢᠨ ᠶᠣᠵᠣᠭᠤᠷ ᠢᠶᠠᠨ ᠬᠠᠮᠢᠶ᠎ᠠ ᠦᠭᠡᠢ | ᠬᠠᠶᠠᠵᠤ ᠪᠤᠯᠬᠤ ᠦᠭᠡᠢ᠃ | 2. ᠭᠡᠷ ᠲᠡᠭᠡᠨ ᠰᠢᠲᠠᠮᠠᠬᠠᠢ ᠡᠳ᠋ ᠬᠠᠳᠠᠭᠠᠯᠠᠪᠠᠯ ᠭᠠᠯ ᠠᠴᠠ ᠬᠤᠯᠠ ᠪᠠᠶᠢᠯᠭᠠᠬᠤ ᠬᠡᠷᠡᠭᠲᠡᠢ᠃ | 3.ᠭᠠᠯ ᠲᠠᠢ ᠦᠨᠡᠰᠦ ᠶᠢ ᠭᠠᠳᠠᠭᠰᠢ ᠬᠠᠶᠠᠬᠤ ᠦᠭᠡᠢ᠃ | 4. ᠡᠪᠡᠰᠦᠨ ᠣᠪᠣᠭ᠎ᠠ᠂ ᠫᠧᠩ ᠰᠠᠷᠠᠪᠴᠢ᠂ ᠲᠦᠯᠡᠰᠢ ᠶᠢᠨ ᠣᠪᠣᠭᠠᠨ ᠤ ᠳᠡᠷᠭᠡᠳᠡ ᠫᠤᠤᠵᠢᠩ | ᠲᠠᠯᠪᠢᠵᠤ ᠪᠤᠯᠬᠤ ᠦᠭᠡᠢ᠃ | 5. ᠬᠡᠭᠡᠷ᠎ᠡ ᠭᠠᠳᠠᠨ᠎ᠠ ᠲᠠᠷᠢᠶᠠᠨ ᠭᠤᠤᠷᠰᠤ ᠰᠢᠲᠠᠭᠠᠵᠤ ᠪᠤᠯᠬᠤ ᠦᠭᠡᠢ᠃ | 6. ᠬᠡᠭᠡᠷ᠎ᠡ ᠭᠠᠳᠠᠨ᠎ᠠ ᠲᠣᠭᠤᠭᠠᠯᠠᠬᠤ ᠪᠤᠶᠤ ᠰᠢᠷᠠᠮᠠᠯ ᠰᠢᠷᠠᠵᠤ ᠪᠤᠯᠬᠤ ᠦᠭᠡᠢ᠃ | 7. ᠨᠤᠲᠤᠭ ᠪᠡᠯᠴᠢᠭᠡᠷ ᠣᠢ ᠰᠢᠭᠤᠶᠢᠲᠤ ᠣᠷᠣᠨ ᠳᠤ ᠬᠡᠭᠦᠷ ᠣᠩᠭᠤᠨ ᠳᠤ ᠴᠠᠭᠠᠰᠤ ᠰᠢᠲᠠᠭᠠᠵᠤ | ᠪᠤᠯᠬᠤ ᠦᠭᠡᠢ᠃ | 8. ᠬᠡᠭᠡᠷ᠎ᠡ ᠭᠠᠳᠠᠨ᠎ᠠ ᠠᠵᠢᠯᠯᠠᠬᠤ ᠳᠠᠭᠠᠨ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ | ᠰᠡᠷᠭᠡᠶᠢᠯᠡᠬᠦ ᠠᠵᠢᠯ ᠢ ᠣᠮᠲᠣᠭᠠᠶᠢᠯᠠᠵᠤ ᠪᠤᠯᠬᠤ ᠦᠭᠡᠢ᠃ | 9. ᠡᠪᠡᠰᠦ᠂ ᠨᠡᠭᠦᠷᠡᠰᠦ ᠲᠡᠭᠡᠭᠡᠪᠦᠷᠢᠯᠡᠬᠦ ᠲᠡᠷᠭᠡ ᠡᠷᠬᠡᠪᠰᠢ ᠭᠠᠯ ᠰᠡᠷᠭᠡᠶᠢᠯᠡᠬᠦ ᠪᠦᠷᠬᠦᠪᠴᠢ ᠲᠠᠢ | ᠪᠠᠶᠢᠬᠤ ᠬᠡᠷᠡᠭᠲᠡᠢ᠃ ᠡᠰᠡᠪᠡᠯ ᠨᠡᠪᠲᠡᠷᠡᠬᠦ ᠶᠢ ᠴᠠᠭᠠᠵᠠᠯᠠᠨ᠎ᠠ᠃ | 10.ᠨᠡᠭᠦᠷᠡᠰᠦ ᠲᠡᠭᠡᠭᠡᠪᠦᠷᠢᠯᠡᠵᠦ ᠪᠠᠶᠢᠭ᠎ᠠ ᠵᠥᠭᠡᠭᠡᠪᠦᠷᠢ ᠶᠢᠨ ᠲᠡᠷᠭᠡ ᠨᠢ ᠨᠡᠭᠦᠷᠡᠰᠦ ᠤᠨᠠᠵᠤ ᠭᠠᠯ | ᠭᠠᠷᠬᠤ ᠠᠴᠠ ᠣᠨᠴᠠ ᠬᠢᠴᠢᠶᠡᠬᠦ ᠬᠡᠷᠡᠭᠲᠡᠢ᠃ | 11.ᠡᠪᠡᠰᠦ ᠬᠠᠳᠤᠵᠤ ᠲᠡᠭᠡᠭᠡᠪᠦᠷᠢᠯᠡᠵᠦ ᠨᠥᠭᠡᠴᠡᠯᠡᠬᠦ ᠳᠡᠭᠡᠨ ᠭᠠᠯ ᠢ ᠣᠨᠴᠠ ᠬᠢᠴᠢᠶᠡᠬᠦ ᠬᠡᠷᠡᠭᠲᠡᠢ᠃ | | 12.ᠥᠨᠳᠥᠷ ᠳᠠᠷᠤᠯᠲᠠ ᠲᠠᠢ ᠴᠠᠭᠢᠯᠭᠠᠨ ᠤᠲᠠᠰᠤᠨ ᠳᠡᠭᠡᠷ᠎ᠡ ᠰᠢᠪᠠᠭᠤ ᠡᠭᠦᠷᠯᠡᠵᠦ ᠭᠠᠯ ᠭᠠᠷᠬᠤ | ᠠᠴᠠ ᠰᠡᠷᠡᠮᠵᠢᠯᠡᠬᠦ ᠬᠡᠷᠡᠭᠲᠡᠢ᠃ | 13.ᠠᠶᠤᠩᠭ᠎ᠠ ᠨᠢᠷᠬᠢᠵᠦ ᠭᠠᠯ ᠭᠠᠷᠬᠤ ᠠᠴᠠ ᠰᠡᠷᠡᠮᠵᠢᠯᠡᠬᠦ ᠬᠡᠷᠡᠭᠲᠡᠢ᠃ | 14.ᠭᠠᠯᠲᠤ ᠲᠡᠷᠭᠡ ᠶᠢᠨ ᠦᠷᠢᠯᠳᠡ ᠠᠴᠠ ᠭᠠᠯ ᠡᠭᠦᠰᠬᠦ ᠶᠢ ᠠᠩᠬᠠᠷᠬᠤ ᠬᠡᠷᠡᠭᠲᠡᠢ᠃ | 15.ᠬᠡᠦᠬᠡᠳ᠂ ᠮᠡᠳᠡᠷᠡᠯ ᠤᠨ ᠡᠷᠬᠡᠲᠡᠨ ᠳᠣᠷᠦᠢ ᠬᠥᠮᠥᠨ ᠭᠠᠯ ᠢᠶᠠᠷ ᠨᠠᠭᠠᠳᠴᠤ ᠪᠤᠯᠬᠤ ᠦᠭᠡᠢ᠃ | | 16.ᠣᠢ ᠰᠢᠭᠤᠢ ᠲᠠᠯ᠎ᠠ ᠨᠤᠲᠤᠭ ᠲᠤ ᠨᠤᠲᠤᠭᠰᠢᠨ ᠰᠠᠭᠤᠵᠤ ᠪᠠᠶᠢᠭ᠎ᠠ ᠠᠶᠢᠯ ᠡᠷᠦᠭᠡ ᠭᠠᠯ | ᠰᠡᠷᠭᠡᠶᠢᠯᠡᠬᠦ ᠬᠦᠷᠢᠶ᠎ᠡ ᠲᠠᠲᠠᠬᠤ ᠬᠡᠷᠡᠭᠲᠡᠢ᠃ | 17.ᠲᠠᠯ᠎ᠠ ᠨᠤᠲᠤᠭ ᠰᠢᠭᠤᠶᠢᠲᠤ ᠣᠷᠣᠨ ᠳᠤ ᠣᠷᠣᠭᠰᠠᠳ ᠡᠷᠬᠡᠪᠰᠢ ᠭᠠᠯ ᠢ ᠰᠡᠷᠭᠡᠶᠢᠯᠡᠬᠦ | ᠪᠠᠶᠢᠴᠠᠭᠠᠯᠲᠠ ᠶᠢ ᠬᠦᠯᠢᠶᠡᠬᠦ ᠬᠡᠷᠡᠭᠲᠡᠢ᠃ | |