| | | ᠢᠲᠡᠭᠡᠮᠵᠢᠲᠦ ᠵᠠᠮ ᠬᠠᠷᠢᠯᠴᠠᠭᠠᠨ ᠤ ᠰᠢᠰᠲ᠋ᠧᠮ ᠤᠨ ᠪᠠᠶᠢᠭᠤᠯᠤᠯᠲᠠ ᠶᠢ ᠤᠯᠠᠮ ᠴᠢᠩᠭᠠᠳᠬᠠᠨ᠂ | ᠢᠲᠡᠭᠡᠮᠵᠢᠲᠦ ᠬᠢᠨᠠᠨ ᠬᠠᠮᠢᠶᠠᠷᠤᠯᠲᠠ ᠶᠢᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠳᠤᠮᠳᠠᠬᠢ | ᠰᠠᠭᠤᠷᠢ ᠦᠢᠯᠡᠳᠦᠯ ᠢ ᠪᠠᠳᠠᠷᠠᠭᠤᠯᠵᠤ᠂ ᠪᠦᠭᠦ ᠬᠤᠰᠢᠭᠤᠨ ᠤ ᠵᠠᠮ ᠲᠡᠭᠡᠭᠡᠪᠦᠷᠢ ᠶᠢᠨ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠲᠦᠯᠬᠢᠨ ᠠᠬᠢᠭᠤᠯᠵᠤ᠂ ᠠᠵᠢᠯ ᠲᠥᠷᠥᠯ ᠤᠨ ᠴᠡᠭᠴᠡᠯᠡᠯᠲᠡ ᠶᠢᠨ ᠴᠢᠳᠠᠪᠤᠷᠢ ᠶᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ᠵᠠᠮ ᠲᠡᠭᠡᠭᠡᠪᠦᠷᠢ ᠶᠢᠨ ᠠᠵᠢᠯ ᠤᠨ ᠪᠣᠳᠠᠲᠠᠢ ᠲᠠᠢ | ᠤᠶᠠᠯᠳᠤᠭᠤᠯᠤᠨ᠂ ᠲᠤᠰ ᠳᠦᠷᠢᠮ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ | ᠬᠤᠷᠢᠶ᠎ᠠ ᠪᠠ ᠬᠤᠰᠢᠭᠤ ᠨᠠᠮ ᠤᠨ ᠬᠤᠷᠢᠶᠠᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠵᠠᠮ ᠬᠠᠷᠢᠯᠴᠠᠭ᠎ᠠ᠂ ᠪᠣᠳᠠᠰ ᠤᠨ ᠭᠦᠢᠯᠭᠡᠭᠡ᠂ | ᠵᠥᠭᠡᠭᠡᠪᠦᠷᠢ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷ᠎ᠠ ᠳᠤ ᠲᠥᠪᠯᠡᠷᠡᠭᠦᠯᠦᠨ᠂ ᠠᠵᠢᠯ ᠲᠥᠷᠥᠯ ᠤᠨ ᠡᠯ᠎ᠡ ᠬᠦᠷᠢᠶ᠎ᠡ ᠴᠠᠷᠠᠭ᠎ᠠ ᠶᠢ ᠳᠡᠰ | ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠳᠦᠷᠢᠮ ᠪᠠ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠢᠲᠡᠭᠡᠮᠵᠢ ᠪᠠᠷ ᠰᠠᠭᠤᠷᠢ ᠪᠤᠯᠭᠠᠬᠰᠠᠨ ᠰᠢᠨ᠎ᠡ ᠭᠡᠯᠪᠡᠷᠢ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠨᠠᠨ | ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ | ᠢᠲᠡᠭᠡᠮᠵᠢ ᠶᠢᠨ ᠬᠠᠮᠢᠶᠠᠷᠤᠯᠲᠠ ᠶᠢ ᠪᠦᠭᠦ ᠲᠠᠯ᠎ᠠ ᠪᠠᠷ ᠪᠦᠷᠬᠦᠭᠦᠯᠬᠦ ᠶᠢ ᠪᠡᠶᠡᠯᠡᠭᠦᠯᠵᠦ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠬᠢᠨᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠡᠲᠡᠭᠡᠳ ᠲᠤ ᠢᠲᠡᠭᠡᠮᠵᠢ ᠶᠢᠨ ᠳᠡᠰ ᠲᠥᠷᠥᠯ | ᠬᠤᠪᠢᠶᠠᠨ ᠬᠢᠨᠠᠨ ᠬᠠᠮᠢᠶᠠᠷᠤᠯᠲᠠ ᠬᠢᠵᠦ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠥᠨᠳᠥᠷ ᠶᠠᠰᠤ | ᠴᠢᠨᠠᠷ ᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠨ᠎ᠠ᠃ | ᠬᠤᠶᠠᠷ᠂ ᠬᠢᠨᠠᠨ ᠬᠠᠮᠢᠶᠠᠷᠬᠤ ᠡᠲᠡᠭᠡᠳ ᠵᠢᠴᠢ ᠬᠡᠷᠡᠭᠯᠡᠬᠦ ᠬᠡᠪᠴᠢᠶ᠎ᠡ | ︵ᠨᠢᠭᠡ︶ ᠬᠢᠨᠠᠨ ᠬᠠᠮᠢᠶᠠᠷᠬᠤ ᠡᠲᠡᠭᠡᠳ | ᠬᠠᠷᠢᠶ᠎ᠠ ᠭᠠᠵᠠᠷ ᠲᠤᠨᠢ ᠬᠢᠨᠠᠨ ᠬᠠᠮᠢᠶᠠᠷᠬᠤ ᠪᠠ ᠪᠦᠭᠦ ᠲᠠᠯ᠎ᠠ ᠪᠠᠷ ᠬᠠᠮᠤᠷᠤᠭᠤᠯᠬᠤ ᠪᠠᠷ ᠵᠠᠷᠴᠢᠮ ᠪᠣᠯᠭᠠᠨ᠂ | ᠲᠤᠰ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠨᠠᠨ ᠬᠠᠮᠢᠶᠠᠷᠬᠤ ᠡᠲᠡᠭᠡᠳ᠂ ᠠᠵᠢᠯ ᠲᠥᠷᠥᠯ ᠤᠨ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠢᠯᠤᠭᠤᠳᠬᠠᠨ᠎ᠠ᠂ ᠪᠠᠶᠢᠭᠠᠯᠢ ᠬᠥᠮᠥᠨ᠂ ᠬᠠᠤᠯᠢ ᠶᠢᠨ | ᠡᠷᠬᠡᠲᠡᠨ ᠢ ᠪᠠᠭᠲᠠᠭᠠᠨ᠎ᠠ᠃ | ᠬᠤᠶᠠᠷ ᠲᠣᠬᠢᠷᠠᠬᠤ ᠬᠡᠪᠴᠢᠶ᠎ᠡ | ᠪᠦᠭᠦ ᠬᠤᠰᠢᠭᠤᠨ ᠤ ᠵᠠᠮ ᠲᠡᠭᠡᠭᠡᠪᠦᠷᠢ ᠶᠢᠨ ᠰᠢᠰᠲ᠋ᠧᠮ ᠤᠨ ᠡᠯ᠎ᠡ ᠨᠢᠭᠡᠴᠡ ᠶᠢᠨ ᠡᠷᠬᠡ ᠬᠠᠷᠢᠭᠤᠴᠠᠯᠭ᠎ᠠ ᠶᠢᠨ | ᠬᠡᠪᠴᠢᠶᠡᠨ ᠳᠠᠬᠢ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠪᠠ ᠦᠢᠯᠡᠴᠢᠯᠡᠭᠡᠨ ᠤ | ᠵᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠵᠣᠬᠢᠶᠠᠨ ᠪᠠᠶᠢᠭᠤᠯᠵᠤ ᠬᠠᠮᠢᠶᠠᠷᠬᠤ | ᠦᠢᠯᠡᠴᠢᠯᠡᠭᠡᠨ ᠤ ᠡᠷᠬᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠬᠠᠮᠢᠶ᠎ᠠ ᠪᠦᠬᠦᠢ ᠵᠦᠢᠯᠡᠰ᠃ | ᠭᠤᠷᠪᠠ᠂ ᠠᠵᠢᠯ ᠤᠨ ᠡᠭᠦᠷᠭᠡ | ︵ᠨᠢᠭᠡ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠬᠤ ᠪᠠ | ᠡᠮᠬᠢᠯᠡᠨ ᠨᠡᠶᠢᠯᠡᠭᠦᠯᠦᠨ᠎ᠡ᠃ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠭᠠᠷᠴᠠᠭ ᠢ ᠦᠨᠳᠦᠰᠦᠯᠡᠨ᠂ ᠡᠳᠦᠷ | ᠲᠤᠲᠤᠮ ᠤᠨ ᠬᠢᠨᠠᠯᠲᠠ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ᠂ ᠬᠢᠷᠢ ᠴᠢᠳᠠᠮᠵᠢ ᠶᠢ ᠬᠢᠨᠠᠬᠤ᠂ | ᠡᠳᠦᠷ ᠲᠤᠲᠤᠮ ᠤᠨ ᠲᠤᠭ᠎ᠠ ᠪᠦᠷᠢᠳᠬᠡᠯ ᠵᠡᠷᠭᠡ ᠶᠠᠪᠤᠴᠠ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠢᠲᠡᠭᠡᠮᠵᠢ ᠶᠢᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ᠂ ᠣᠨᠣᠪᠴᠢᠲᠠᠢ ᠪᠥᠭᠡᠳ ᠪᠦᠭᠦ ᠲᠠᠯ᠎ᠠ ᠪᠠᠷ | ᠲᠡᠮᠳᠡᠭᠯᠡᠵᠦ᠂ ᠪᠠᠶᠢᠴᠠᠭᠠᠵᠤ ᠪᠤᠯᠬᠤ ᠶᠢ ᠨᠢ ᠬᠠᠷᠭᠤᠭᠤᠯᠵᠤ ᠪᠤᠯᠬᠤ ᠶᠢ ᠨᠢ ᠬᠠᠷᠠᠭᠤᠯᠵᠤ ᠪᠤᠯᠬᠤ ᠶᠢ ᠪᠡᠶᠡᠯᠡᠭᠦᠯᠦᠨ᠂ | ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠲᠡᠮᠳᠡᠭ ᠢᠶᠠᠷ ᠲᠡᠮᠳᠡᠭ ᠪᠤᠯᠭᠠᠵᠤ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠪᠦᠷᠢᠨ ᠪᠦᠲᠦᠨ ᠭᠤᠣᠯ ᠴᠣᠭᠴᠠ ᠶᠢᠨ ᠢᠲᠡᠭᠡᠮᠵᠢ ᠶᠢᠨ ᠲᠡᠮᠳᠡᠭᠯᠡᠯ ᠢ | ᠡᠮᠬᠢᠯᠡᠨ ᠨᠡᠶᠢᠯᠡᠭᠦᠯᠵᠦ ᠪᠤᠢ ᠪᠣᠯᠭᠠᠨ᠂ ︽ᠬᠡᠨ ᠪᠤᠢ ᠪᠣᠯᠤᠭᠰᠠᠨ ᠪᠣᠯ ᠲᠡᠷᠡ ᠰᠢᠩᠭᠡᠬᠡᠨ ᠣᠷᠣᠭᠤᠯᠬᠤ︾ | ᠵᠠᠷᠴᠢᠮ ᠤᠨ ᠶᠣᠰᠣᠭᠠᠷ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠦᠯᠵᠢᠶᠡᠨ ᠥᠷᠲᠡᠭᠡ ᠶᠢ ᠨᠡᠶᠢᠭᠡᠮ ᠳᠤ ᠢᠯᠡ | ᠪᠤᠯᠭᠠᠵᠤ᠂ ᠢᠲᠡᠭᠡᠮᠵᠢ ᠶᠢᠨ ᠦᠨᠡᠯᠡᠯᠲᠡ ᠬᠢᠬᠦ ᠳᠤ ᠰᠠᠭᠤᠷᠢ ᠲᠠᠯᠪᠢᠬᠤ ᠬᠡᠷᠡᠭᠲᠡᠢ᠃ | ︵ᠬᠤᠶᠠᠷ︶ ᠢᠲᠡᠭᠡᠮᠵᠢ ᠶᠢᠨ ᠦᠨᠡᠯᠡᠯᠲᠡ ᠶᠢ ᠪᠦᠭᠦ ᠲᠠᠯ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ᠤᠯᠤᠰ ᠪᠣᠯᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠤᠯᠪᠣᠭᠳᠠᠯ ᠪᠦᠬᠦᠢ ᠳᠦᠷᠢᠮ ᠤᠨ | ᠪᠠᠷᠢᠮᠵᠢᠶ᠎ᠠ ᠶᠣᠰᠣᠭᠠᠷ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠠᠶᠦᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠢᠲᠡᠭᠡᠮᠵᠢ ᠶᠢᠨ | ᠬᠠᠮᠢᠶᠠᠷᠤᠯᠲᠠ ᠶᠢᠨ ᠳᠦᠷᠢᠮ ᠬᠢᠭᠡᠳ ᠦᠨᠡᠯᠡᠬᠦ ᠠᠷᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠢᠲᠡᠭᠡᠮᠵᠢ ᠶᠢᠨ | ᠦᠨᠡᠯᠡᠯᠲᠡ ᠬᠢᠬᠦ ᠶᠢᠨ ᠬᠠᠮᠲᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠦᠯᠵᠢᠶ᠎ᠡ ᠪᠠᠷ ᠳᠠᠮᠵᠢᠭᠤᠯᠤᠨ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠦᠨᠡᠯᠡᠯᠲᠡ ᠬᠢᠭᠰᠡᠨ ᠦᠷ᠎ᠡ ᠳ᠋ᠦᠩ ᠢ ᠴᠠᠭ ᠲᠤᠬᠠᠢ ᠳᠤᠨᠢ ᠨᠡᠶᠢᠭᠡᠮ | ᠨᠡᠶᠢᠲᠡ ᠳᠤ ᠨᠡᠶᠢᠲᠡᠯᠡᠨ᠎ᠡ᠃ ᠦᠨᠡᠯᠡᠯᠲᠡ ᠶᠢᠨ ᠦᠷ᠎ᠡ ᠳ᠋ᠦᠩ ᠢᠶᠠᠨ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠷᠢ ᠴᠢᠳᠠᠮᠵᠢ ᠶᠢ ᠬᠢᠨᠠᠬᠤ᠂ ᠲᠡᠷᠢᠭᠦᠨ ᠤ ᠬᠢ ᠶᠢ ᠰᠢᠯᠭᠠᠷᠠᠭᠤᠯᠵᠤ | ᠰᠢᠯᠢᠳᠡᠭ ᠢ ᠰᠢᠯᠭᠠᠷᠠᠭᠤᠯᠬᠤ ᠵᠡᠷᠭᠡ ᠲᠠᠯ᠎ᠠ ᠳᠤ ᠬᠡᠷᠡᠭᠯᠡᠬᠦ ᠶᠢ ᠴᠢᠩᠭᠠᠳᠬᠠᠤ ᠬᠡᠷᠡᠭᠲᠡᠢ᠃ | ︵ᠭᠤᠷᠪᠠ︶ ᠱᠠᠲᠤ ᠲᠥᠷᠥᠯ ᠬᠤᠪᠢᠶᠠᠨ ᠬᠢᠨᠠᠯᠲᠠ ᠬᠠᠮᠢᠶᠠᠷᠤᠯᠲᠠ ᠬᠢᠬᠦ ᠶᠢ ᠬᠠᠤᠯᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ ᠡᠳᠦᠷ ᠳᠣᠳᠣᠮ ᠤᠨ ᠬᠢᠨᠠᠯᠲᠠ ᠪᠠᠶᠢᠴᠠᠭᠠᠯᠲᠠ ᠥᠷᠨᠢᠭᠦᠯᠵᠦ᠂ ᠪᠠᠶᠢᠴᠠᠭᠠᠬᠤ ᠠᠵᠢᠯᠲᠠᠳ ᠡᠭᠦᠷᠭᠡ | ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠴᠢᠩᠭ᠎ᠠ ᠬᠢᠨᠠᠨ | ᠬᠠᠮᠢᠶᠠᠷᠴᠤ᠂ ᠭᠤᠣᠯᠴᠢ ᠪᠠᠷ ᠠᠵᠢᠯ ᠶᠠᠪᠤᠳᠠᠯ ᠡᠷᠭᠢᠯᠡᠭᠦ ᠬᠡᠷᠡᠭᠲᠡᠢ᠃ ᠰᠢᠰᠲ᠋ᠧᠮ ᠤᠨ ᠳᠣᠲᠣᠷᠠᠬᠢ ᠡᠯ᠎ᠡ | ᠨᠢᠭᠡᠴᠡ ᠨᠦᠭᠦᠳ ᠲᠤᠰ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠱᠠᠲᠤ ᠲᠥᠷᠥᠯ ᠬᠤᠪᠢᠶᠠᠨ ᠬᠢᠨᠠᠨ | ᠬᠠᠮᠢᠶᠠᠷᠬᠤ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ | ᠳᠠᠮᠵᠢᠭᠤᠯᠤᠨ ᠬᠢᠨᠠᠨ ᠬᠠᠮᠢᠶᠠᠷᠴᠤ ᠪᠠᠶᠢᠭ᠎ᠠ ᠡᠲᠡᠭᠡᠳ ᠤᠨ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ | ᠢᠲᠡᠭᠡᠮᠵᠢ ᠶᠢᠨ ᠮᠡᠳᠡᠭᠡ ᠵᠠᠩᠭᠢ ᠶᠢ ᠭᠦᠢᠴᠡᠳ ᠡᠵᠡᠮᠰᠢᠭᠰᠡᠨ᠂ ᠢᠲᠡᠭᠡᠮᠵᠢ ᠶᠢᠨ ᠪᠠᠶᠢᠳᠠᠯ ᠢ ᠶᠡᠷᠦᠩᠬᠡᠶᠢᠯᠡᠨ | ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ ᠢᠲᠡᠭᠡᠮᠵᠢ ᠶᠢᠨ ᠦᠨᠡᠯᠡᠭᠰᠡᠨ ᠦᠷ᠎ᠡ ᠳ᠋ᠦᠩ᠂ ᠢᠲᠡᠭᠡᠮᠵᠢ ᠶᠢᠨ | ᠵᠡᠷᠭᠡ ᠳᠡᠰ ᠤᠨ ᠥᠨᠳᠥᠷ ᠪᠣᠭᠤᠨᠢ ᠪᠠᠷ ᠦᠨᠳᠦᠰᠦᠯᠡᠯ ᠪᠣᠯᠭᠠᠨ᠂ ᠪᠣᠳᠠᠲᠠᠢ ᠲᠠᠢ ᠪᠠᠨ ᠤᠶᠠᠯᠳᠤᠭᠤᠯᠤᠨ ᠳᠡᠰ | ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠵᠦᠷᠢᠴᠢᠯᠡᠭᠰᠡᠨ ᠬᠢᠨᠠᠨ ᠬᠠᠮᠢᠶᠠᠷᠬᠤ ᠠᠷᠭ᠎ᠠ | ᠬᠡᠮᠵᠢᠶ᠎ᠡ ᠶᠢ ᠠᠪᠬᠤ ᠬᠡᠷᠡᠭᠲᠡᠢ᠃ | 1. ᠣᠯᠠᠨ ᠨᠡᠶᠢᠲᠡ ᠶᠢᠨ ᠢᠲᠡᠭᠡᠮᠵᠢ ᠶᠢᠨ ᠦᠨᠡᠯᠡᠯᠲᠡ ᠶᠢᠨ ᠵᠡᠷᠭᠡ ᠳᠡᠰ ᠨᠢ A ᠳᠡᠰ ᠪᠤᠯᠬᠤ | ᠢᠲᠡᠭᠡᠮᠵᠢ ᠶᠢᠨ ᠭᠤᠣᠯ ᠴᠣᠭᠴᠠ ᠪᠤᠯᠬᠤ ᠶᠠᠪᠤᠳᠠᠯ ᠳᠤ᠂ ᠬᠠᠤᠯᠢ ᠪᠠᠷ ᠲᠣᠭᠲᠠᠭᠠᠭᠰᠠᠨ ᠡᠷᠬᠡ ᠮᠠᠲᠠᠯ ᠤᠨ | ᠬᠡᠪᠴᠢᠶᠡᠨ ᠳᠣᠲᠣᠷ᠎ᠠ ᠳᠣᠣᠷᠠᠬᠢ ᠠᠷᠭ᠎ᠠ ᠬᠡᠮᠵᠢᠶ᠎ᠡ ︵ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︶ ᠶᠢ ᠠᠪᠴᠤ ᠪᠣᠯᠣᠨ᠎ᠠ᠄ | ︵1︶ ᠵᠠᠰᠠᠭ ᠵᠠᠬᠢᠷᠭᠠᠨ ᠤ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠳᠤᠮᠳᠠ | ᠳᠠᠭᠠᠭᠠᠨ ᠠᠪᠴᠤ ᠰᠢᠢᠳᠪᠦᠷᠢᠯᠡᠬᠦ᠂ ᠠᠮᠠᠯᠠᠯᠲᠠ ᠶᠢ ᠮᠡᠳᠡᠭᠳᠡᠬᠦ᠂ ᠳᠡᠰ ᠳᠠᠷᠠᠭᠠᠯᠠᠯ ᠢ ᠳᠥᠭᠦᠮᠴᠢᠯᠡᠬᠦ᠂ ᠤᠷᠢᠳᠠᠪᠠᠷ | ᠭᠦᠢᠴᠡᠳᠬᠡᠬᠦ ᠵᠡᠷᠭᠡ ᠳᠥᠭᠦᠮ ᠦᠵᠡᠭᠦᠯᠭᠦ ᠠᠷᠭ᠎ᠠ ᠬᠡᠮᠵᠢᠶ᠎ᠡ ᠬᠠᠩᠭᠠᠬᠤ︔ | ︵2︶ ᠡᠳᠦᠷ ᠲᠤᠲᠤᠮ ᠤᠨ ᠪᠠᠶᠢᠴᠠᠭᠠᠯᠲᠠ᠂ ᠲᠤᠰᠬᠠᠢ ᠪᠠᠶᠢᠴᠠᠭᠠᠯᠲᠠ ᠬᠢᠬᠦ ᠦᠶᠡᠰ ᠰᠤᠭᠤᠴᠢᠨ | ᠪᠠᠶᠢᠴᠠᠭᠠᠬᠤ ᠬᠠᠷᠢᠴᠠᠯ ᠢ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠪᠠᠶᠢᠴᠠᠭᠠᠬᠤ ᠳᠠᠪᠲᠠᠮᠵᠢ ᠤᠳᠠᠭ᠎ᠠ ᠶᠢ ᠪᠠᠭᠠᠰᠬᠠᠨ᠎ᠠ︔ | | ︵3︶ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠲᠣᠭᠲᠠᠭᠠᠭᠰᠠᠨ ᠪᠤᠰᠤᠳ | ᠠᠷᠭ᠎ᠠ ᠬᠡᠮᠵᠢᠶ᠎ᠡ᠃ | 2. ᠣᠯᠠᠨ ᠨᠡᠶᠢᠲᠡ ᠶᠢᠨ ᠢᠲᠡᠭᠡᠮᠵᠢ ᠶᠢᠨ ᠦᠨᠡᠯᠡᠯᠲᠡ ᠶᠢᠨ ᠵᠡᠷᠭᠡ ᠳᠡᠰ ᠢB ᠳᠡᠰ ᠪᠤᠯᠭᠠᠬᠰᠠᠨ | ᠢᠲᠡᠭᠡᠮᠵᠢ ᠶᠢᠨ ᠭᠤᠣᠯ ᠴᠣᠭᠴᠠ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ | ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠪ ᠤᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | 3. ᠣᠯᠠᠨ ᠨᠡᠶᠢᠲᠡ ᠶᠢᠨ ᠢᠲᠡᠭᠡᠮᠵᠢ ᠶᠢᠨ ᠦᠨᠡᠯᠡᠯᠲᠡ ᠶᠢᠨ ᠵᠡᠷᠭᠡ ᠳᠡᠰ ᠨᠢ C ᠳᠡᠰ ᠪᠤᠯᠬᠤ | ᠢᠲᠡᠭᠡᠮᠵᠢ ᠶᠢᠨ ᠭᠤᠣᠯ ᠴᠣᠭᠴᠠ ᠪᠠᠶᠢᠪᠠᠯ᠂ ᠬᠠᠤᠯᠢ ᠪᠠᠷ ᠲᠣᠭᠲᠠᠭᠠᠭᠰᠠᠨ ᠡᠷᠬᠡ ᠮᠠᠲᠠᠯ ᠤᠨ ᠬᠡᠪᠴᠢᠶᠡᠨ ᠳᠣᠲᠣᠷ᠎ᠠ | ᠳᠣᠣᠷᠠᠬᠢ ᠠᠷᠭ᠎ᠠ ᠬᠡᠮᠵᠢᠶ᠎ᠡ ︵ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ | ᠡᠭᠦᠨ ᠳᠤ ᠪᠠᠭᠲᠠᠬᠤ ᠦᠭᠡᠢ︶ ᠶᠢ ᠠᠪᠴᠤ ᠪᠣᠯᠣᠨ᠎ᠠ᠄ | ︵1︶ ᠡᠳᠦᠷ ᠲᠤᠲᠤᠮ ᠤᠨ ᠪᠠᠶᠢᠴᠠᠭᠠᠯᠲᠠ᠂ ᠲᠤᠰᠬᠠᠢ ᠪᠠᠶᠢᠴᠠᠭᠠᠯᠲᠠ ᠶᠢ ᠥᠷᠨᠢᠭᠦᠯᠬᠦ ᠦᠶᠡᠰ | ᠰᠤᠭᠤᠴᠢᠨ ᠪᠠᠶᠢᠴᠠᠭᠠᠬᠤ ᠬᠠᠷᠢᠴᠠᠯ ᠢ ᠨᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠵᠦ᠂ ᠪᠠᠶᠢᠴᠠᠭᠠᠬᠤ ᠳᠠᠪᠲᠠᠮᠵᠢ | ᠤᠳᠠᠭ᠎ᠠ ᠶᠢ ᠨᠡᠮᠡᠭᠳᠡᠭᠦᠯᠦᠨ᠂ ᠭᠤᠣᠯᠳᠠᠯᠭ᠎ᠠ ᠲᠠᠢ ᠠᠩᠬᠠᠷᠬᠤ ᠡᠲᠡᠭᠡᠳ ᠢᠶᠠᠷ ᠵᠢᠭᠰᠠᠭᠠᠨ ᠣᠷᠣᠭᠤᠯᠤᠨ᠎ᠠ︔ | ︵2︶ ᠵᠠᠰᠠᠭ ᠵᠠᠬᠢᠷᠭᠠᠨ ᠤ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠳᠤᠮᠳᠠ | ᠭᠥᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ ᠶᠢ ᠮᠡᠳᠡᠭᠳᠡᠬᠦ᠂ ᠳᠡᠰ ᠳᠠᠷᠠᠭᠠᠯᠠᠯ ᠢ ᠳᠥᠭᠦᠮᠴᠢᠯᠡᠬᠦ᠂ ᠤᠷᠢᠳᠠᠪᠠᠷ | ᠭᠦᠢᠴᠡᠳᠬᠡᠬᠦ ᠵᠡᠷᠭᠡ ᠳᠥᠭᠦᠮ ᠦᠵᠡᠭᠦᠯᠭᠦ ᠠᠷᠭ᠎ᠠ ᠬᠡᠮᠵᠢᠶ᠎ᠡ ᠶᠢ ᠲᠦᠷ ᠵᠣᠭᠰᠤᠭᠠᠬᠤ︔ | ︵3︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠃ | 4. ᠣᠯᠠᠨ ᠨᠡᠶᠢᠲᠡ ᠶᠢᠨ ᠢᠲᠡᠭᠡᠮᠵᠢ ᠶᠢᠨ ᠦᠨᠡᠯᠡᠯᠲᠡ ᠶᠢᠨ ᠵᠡᠷᠭᠡ ᠳᠡᠰ ᠨᠢ D ᠳᠡᠰ ᠪᠤᠯᠬᠤ | ᠢᠲᠡᠭᠡᠮᠵᠢ ᠶᠢᠨ ᠭᠤᠣᠯ ᠴᠣᠭᠴᠠ ᠪᠤᠯᠬᠤ ᠶᠠᠪᠤᠳᠠᠯ ᠳᠤ᠂ ᠬᠠᠤᠯᠢ ᠪᠠᠷ ᠲᠣᠭᠲᠠᠭᠠᠭᠰᠠᠨ ᠡᠷᠬᠡ ᠮᠠᠲᠠᠯ ᠤᠨ | ᠬᠡᠪᠴᠢᠶᠡᠨ ᠳᠣᠲᠣᠷ᠎ᠠ ᠳᠣᠣᠷᠠᠬᠢ ᠠᠷᠭ᠎ᠠ ᠬᠡᠮᠵᠢᠶ᠎ᠡ ︵ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ︶ ᠶᠢ ᠠᠪᠴᠤ ᠪᠣᠯᠣᠨ᠎ᠠ᠄ | ︵1︶ ᠡᠳᠦᠷ ᠲᠤᠲᠤᠮ ᠤᠨ ᠪᠠᠶᠢᠴᠠᠭᠠᠯᠲᠠ᠂ ᠲᠤᠰᠬᠠᠢ ᠪᠠᠶᠢᠴᠠᠭᠠᠯᠲᠠ ᠶᠢ ᠥᠷᠨᠢᠭᠦᠯᠬᠦ ᠦᠶᠡᠰ | ᠰᠤᠭᠤᠴᠢᠨ ᠪᠠᠶᠢᠴᠠᠭᠠᠬᠤ ᠬᠠᠷᠢᠴᠠᠯ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠪᠠᠶᠢᠴᠠᠭᠠᠬᠤ ᠳᠠᠪᠲᠠᠮᠵᠢ | ᠤᠳᠠᠭ᠎ᠠ ᠶᠢ ᠨᠡᠮᠡᠭᠳᠡᠭᠦᠯᠦᠨ᠎ᠡ︔ | ︵2︶ ᠲᠤᠰᠬᠠᠢ ᠴᠡᠭᠴᠡᠯᠡᠨ ᠵᠠᠰᠠᠬᠤ ᠶᠢ ᠥᠷᠨᠢᠭᠦᠯᠬᠦ ᠳᠡᠭᠡᠨ ᠭᠤᠣᠯᠳᠠᠯᠭ᠎ᠠ ᠲᠠᠢ ᠴᠡᠭᠴᠡᠯᠡᠨ ᠵᠠᠰᠠᠬᠤ | ᠡᠲᠡᠭᠡᠳ ᠢᠶᠠᠷ ᠵᠢᠭᠰᠠᠭᠠᠵᠤ᠂ ᠬᠢᠨᠠᠨ ᠬᠠᠮᠢᠶᠠᠷᠬᠤ ᠳᠤᠮᠳᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ᠂ ᠬᠠᠤᠯᠢ ᠶᠣᠰᠣᠭᠠᠷ ᠰᠢᠢᠳᠭᠡᠨ ᠲᠣᠷᠭᠠᠨ᠎ᠠ︔ | ︵3︶ ᠵᠠᠰᠠᠭ ᠵᠠᠬᠢᠷᠭᠠᠨ ᠤ ᠬᠠᠮᠢᠶᠠᠷᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠳᠤᠮᠳᠠ | ᠭᠥᠯᠢᠶᠡᠨ ᠠᠪᠴᠤ ᠰᠢᠢᠳᠪᠦᠷᠢᠯᠡᠬᠦ᠂ ᠠᠮᠠᠯᠠᠯᠲᠠ ᠶᠢ ᠮᠡᠳᠡᠭᠳᠡᠬᠦ᠂ ᠳᠡᠰ ᠳᠠᠷᠠᠭᠠᠯᠠᠯ ᠢ ᠳᠥᠭᠦᠮᠴᠢᠯᠡᠬᠦ᠂ ᠤᠷᠢᠳᠠᠪᠠᠷ | ᠭᠦᠢᠴᠡᠳᠬᠡᠬᠦ ᠵᠡᠷᠭᠡ ᠳᠥᠭᠦᠮ ᠦᠵᠡᠭᠦᠯᠭᠦ ᠠᠷᠭ᠎ᠠ ᠬᠡᠮᠵᠢᠶ᠎ᠡ ᠶᠢ ᠲᠦᠷ ᠵᠣᠭᠰᠤᠭᠠᠬᠤ︔ | ︵4︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠶᠢ ᠬᠠᠤᠯᠢ ᠲᠣᠭᠲᠠᠭᠠᠯ | ᠶᠣᠰᠣᠭᠠᠷ ᠬᠢᠵᠠᠭᠠᠷᠯᠠᠵᠤ᠂ ᠵᠠᠰᠠᠭ ᠤᠨ ᠣᠷᠳᠣᠨ ᠤ ᠴᠢᠨᠠᠷᠲᠠᠢ ᠪᠡᠯᠡ ᠮᠥᠩᠭᠦ ᠶᠢᠨ ᠳᠡᠮᠵᠢᠯᠭᠡ ᠣᠯᠬᠤ ᠶᠢ | ᠬᠢᠵᠠᠭᠠᠷᠯᠠᠵᠤ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠳᠤ ᠣᠷᠤᠯᠴᠠᠬᠤ ᠠᠵᠢᠯᠯᠠᠭ᠎ᠠ ᠳᠤ ᠣᠷᠤᠯᠴᠠᠬᠤ ᠶᠢ | ᠬᠢᠵᠠᠭᠠᠷᠯᠠᠨ᠎ᠠ︔ | ︵5︶ ᠬᠠᠮᠢᠶ᠎ᠠ ᠪᠦᠬᠦᠢ ᠬᠢᠷᠢ ᠭᠡᠮ ᠢ ᠬᠠᠤᠯᠢ ᠶᠣᠰᠣᠭᠠᠷ ᠣᠯᠵᠤ᠂ ᠠᠵᠢᠯ ᠲᠥᠷᠥᠯ ᠳᠤ ᠵᠥᠪᠰᠢᠶᠡᠷᠡᠨ | ᠣᠷᠣᠭᠤᠯᠬᠤ ᠶᠢ ᠬᠢᠵᠠᠭᠠᠷᠯᠠᠨ᠎ᠠ︔ | ︵6︶ ᠪᠠᠶᠢᠳᠠᠯ ᠢ ᠦᠵᠡᠵᠦ ᠲᠡᠷᠢᠭᠦᠨ ᠤ ᠬᠢ ᠶᠢ ᠰᠢᠯᠭᠠᠷᠠᠭᠤᠯᠵᠤ ᠰᠢᠯᠢᠳᠡᠭ ᠢ ᠰᠢᠯᠭᠠᠷᠠᠭᠤᠯᠬᠤ ᠬᠢᠷᠢ | ᠭᠡᠮ ᠢ ᠬᠢᠵᠠᠭᠠᠷᠯᠠᠬᠤ ᠪᠤᠶᠤ ᠬᠦᠴᠦᠨ ᠦᠭᠡᠢ ᠪᠤᠯᠭᠠᠬᠤ︔ | ︵7︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠃ | ︵ᠳᠥᠷᠪᠡ︶ ᠡᠷᠬᠡ ᠠᠰᠢᠭ ᠢ ᠬᠠᠮᠠᠭᠠᠯᠠᠬᠤ ᠶᠢ ᠴᠢᠩᠭᠠᠳᠬᠠᠵᠤ᠂ ᠣᠨᠳᠣᠣ ᠰᠠᠨᠠᠯ ᠳᠤ ᠬᠠᠷᠢᠭᠤᠯᠲᠠ ᠥᠭᠬᠦ | ᠪᠠ ᠢᠲᠡᠭᠡᠮᠵᠢ ᠪᠠᠷ ᠰᠡᠯᠪᠢᠨ ᠰᠡᠷᠭᠦᠭᠡᠬᠦ ᠶᠢ ᠲᠦᠯᠬᠢᠨ ᠠᠬᠢᠭᠤᠯᠤᠨ᠎ᠠ᠃ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠳᠤᠮᠳᠠ᠂ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠳᠤ ᠠᠳᠡᠭᠦᠦ | ᠠᠯᠳᠠᠰᠢ ᠰᠠᠨᠠᠯ ᠲᠠᠢ ᠭᠡᠵᠦ ᠦᠵᠡᠪᠡᠯ᠂ ᠬᠢᠨᠠᠯᠲᠠ ᠬᠠᠮᠢᠶᠠᠷᠤᠯᠲᠠ ᠶᠢᠨ ᠨᠢᠭᠡᠴᠡ ᠬᠢᠨᠠᠮᠠᠭᠠᠢ ᠬᠢᠨᠠᠨ ᠬᠠᠷᠭᠤᠭᠤᠯᠵᠤ | ᠬᠠᠷᠢᠭᠤᠯᠲᠠ ᠥᠭᠬᠦ ᠬᠡᠷᠡᠭᠲᠡᠢ᠂ ᠦᠨᠡᠯᠡᠭᠰᠡᠨ ᠨᠢ ᠠᠯᠳᠠᠰᠢ ᠲᠠᠢ ᠢᠲᠡᠭᠡᠮᠵᠢ ᠶᠢᠨ ᠮᠡᠳᠡᠭᠡ ᠵᠠᠩᠭᠢ ᠪᠠᠷ ᠢᠲᠡᠭᠡᠮᠵᠢᠲᠦ | ᠦᠨᠡᠯᠡᠯᠲᠡ ᠶᠢᠨ ᠦᠨᠳᠦᠰᠦᠯᠡᠯ ᠪᠤᠯᠭᠠᠵᠤ ᠪᠤᠯᠬᠤ ᠦᠭᠡᠢ᠃ ᠢᠲᠡᠭᠡᠯ ᠠᠯᠳᠠᠭᠰᠠᠨ ᠵᠠᠬ᠎ᠠ ᠳᠡᠯᠭᠡᠭᠦᠷ ᠤᠨ ᠭᠤᠣᠯ | ᠴᠣᠭᠴᠠ ᠳᠤ ᠪᠣᠯ ᠲᠡᠭᠦᠨ ᠢ ᠵᠣᠷᠢᠭᠵᠢᠭᠤᠯᠤᠨ ᠰᠠᠨᠠᠭᠠᠴᠢᠯᠠᠭ᠎ᠠ ᠠᠴᠠ ᠪᠠᠨ ᠢᠲᠡᠭᠡᠮᠵᠢ ᠶᠢᠨ ᠰᠡᠯᠪᠢᠨ ᠵᠠᠰᠠᠯᠲᠠ | ᠬᠢᠯᠭᠡᠬᠦ ᠪᠠᠷ ᠭᠤᠶᠤᠴᠢᠯᠠᠵᠤ᠂ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢ ᠵᠠᠯᠠᠷᠠᠭᠤᠯᠵᠤ᠂ ᠮᠠᠭᠤ ᠨᠥᠯᠥᠭᠡ ᠶᠢ | ᠠᠷᠢᠯᠭᠠᠬᠤ ᠬᠡᠷᠡᠭᠲᠡᠢ᠃ ᠢᠲᠡᠭᠡᠮᠵᠢ ᠶᠢ ᠨᠢ ᠰᠡᠷᠭᠦᠭᠡᠬᠦ ᠳᠤ ᠬᠠᠤᠯᠢ ᠲᠣᠭᠲᠠᠭᠠᠯ ᠶᠣᠰᠣᠭᠠᠷ᠂ ᠢᠲᠡᠭᠡᠯ ᠢᠶᠠᠨ | ᠠᠯᠳᠠᠭᠰᠠᠨ ᠠᠵᠢᠯᠯᠠᠭ᠎ᠠ ᠶᠢ ᠬᠡᠨ ᠮᠠᠭᠠᠳᠯᠠᠭᠰᠠᠨ ᠪᠣᠯ ᠲᠡᠷᠡ ᠬᠠᠷᠢᠭᠤᠴᠠᠨ ᠰᠢᠢᠳᠪᠦᠷᠢᠯᠡᠬᠦ ᠵᠠᠷᠴᠢᠮ ᠢ ᠵᠢᠷᠤᠮᠯᠠᠨ᠎ᠠ᠃ | ᠢᠲᠡᠭᠡᠯ ᠢᠶᠠᠨ ᠠᠯᠳᠠᠭᠰᠠᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠢᠲᠡᠭᠡᠮᠵᠢᠲᠦ ᠠᠮᠠᠯᠠᠯᠲᠠ ᠬᠢᠬᠦ᠂ | ᠢᠲᠡᠭᠡᠮᠵᠢ ᠶᠢ ᠨᠢ ᠬᠠᠯᠠᠨ ᠰᠠᠶᠢᠵᠢᠷᠠᠭᠤᠯᠬᠤ ᠶᠢ ᠪᠡᠶᠡᠯᠡᠭᠦᠯᠬᠦ᠂ ᠲᠤᠰᠬᠠᠢ ᠰᠡᠳᠦᠪᠲᠦ ᠪᠣᠯᠪᠠᠰᠤᠷᠠᠭᠤᠯᠤᠯ ᠬᠦᠯᠢᠶᠡᠬᠦ | ᠵᠡᠷᠭᠡ ᠠᠷᠭ᠎ᠠ ᠮᠠᠶ᠋ᠢᠭ ᠢᠶᠠᠷ ᠳᠠᠮᠵᠢᠨ ᠵᠠᠰᠠᠨ ᠰᠡᠯᠪᠢᠵᠦ ᠪᠣᠯᠣᠨ᠎ᠠ ᠭᠡᠵᠦ ᠮᠡᠳᠡᠭᠳᠡ᠃ ᠦᠨᠡᠮᠰᠢᠬᠦ ᠰᠠᠯᠠᠭ᠎ᠠ | ᠮᠥᠴᠢᠷ ᠤᠳ ᠢᠲᠡᠭᠡᠮᠵᠢ ᠶᠢ ᠨᠢ ᠰᠡᠷᠭᠦᠭᠡᠬᠦ ᠴᠤᠪᠤᠷᠠᠯ ᠶᠣᠰᠣᠭᠠᠷ ᠢᠲᠡᠭᠡᠮᠵᠢ ᠶᠢ ᠨᠢ ᠰᠡᠷᠭᠦᠭᠡᠬᠦ ᠠᠵᠢᠯ ᠢ | ᠥᠷᠨᠢᠭᠦᠯᠵᠦ᠂ ᠢᠲᠡᠭᠡᠮᠵᠢ ᠶᠢ ᠨᠢ ᠰᠡᠷᠭᠦᠭᠡᠭᠰᠡᠨ ᠦᠷ᠎ᠡ ᠳ᠋ᠦᠩ ᠢ ᠨᠡᠶᠢᠲᠡ ᠳᠤ ᠵᠠᠷᠯᠠᠬᠤ ᠬᠡᠷᠡᠭᠲᠡᠢ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠤᠳᠤᠷᠢᠳᠤᠯᠭ᠎ᠠ ᠪᠠᠨ ᠴᠢᠩᠭᠠᠳᠬᠠᠤ ᠬᠡᠷᠡᠭᠲᠡᠢ᠃ | ᠢᠲᠡᠭᠡᠮᠵᠢ ᠶᠢ ᠳᠡᠰ ᠲᠥᠷᠥᠯ ᠬᠤᠪᠢᠶᠠᠨ ᠬᠢᠨᠠᠨ ᠬᠠᠮᠢᠶᠠᠷᠬᠤ ᠪᠣᠯ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ | ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠴᠢᠬᠤᠯᠠ ᠠᠭᠤᠯᠭ᠎ᠠ ᠪᠠ ᠴᠢᠬᠤᠯᠠ ᠪᠦᠬᠦᠢ ᠠᠷᠭ᠎ᠠ ᠪᠠᠷᠢᠯ ᠪᠣᠯᠬᠤᠷ ᠡᠯ᠎ᠡ | ᠠᠯᠪᠠᠨ ᠭᠡᠷ᠂ ᠡᠯ᠎ᠡ ᠨᠢᠭᠡᠴᠡ ᠨᠦᠭᠦᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ | ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠦᠨᠳᠦᠰᠦᠯᠡᠨ ᠢᠲᠡᠭᠡᠮᠵᠢ ᠶᠢᠨ ᠦᠨᠡᠯᠡᠯᠲᠡ ᠵᠢᠴᠢ | ᠱᠠᠲᠤ ᠲᠥᠷᠥᠯ ᠬᠤᠪᠢᠶᠠᠵᠤ ᠬᠢᠨᠠᠨ ᠬᠠᠮᠢᠶᠠᠷᠬᠤ ᠠᠵᠢᠯ ᠢ ᠳᠠᠷᠤᠶᠢᠬᠠᠨ ᠠᠬᠢᠭᠤᠯᠬᠤ ᠬᠡᠷᠡᠭᠲᠡᠢ᠃ | ︵ᠬᠤᠶᠠᠷ︶ ᠵᠦᠷᠢᠶᠡᠵᠢᠭᠦᠯᠦᠭᠰᠡᠨ ᠬᠢᠨᠠᠯᠲᠠ ᠬᠠᠮᠢᠶᠠᠷᠤᠯᠲᠠ ᠶᠢ ᠬᠥᠳᠡᠯᠦᠩᠭᠦᠢ ᠬᠡᠷᠡᠭᠵᠢᠭᠦᠯᠵᠦ᠃ ᠡᠯ᠎ᠡ | ᠨᠢᠭᠡᠴᠡ ᠨᠦᠭᠦᠳ ᠢᠲᠡᠭᠡᠮᠵᠢ ᠶᠢᠨ ᠮᠡᠳᠡᠭᠡ ᠵᠠᠩᠭᠢ ᠶᠢ ᠪᠦᠭᠦ ᠲᠠᠯ᠎ᠠ ᠪᠠᠷ ᠬᠤᠷᠠᠮᠳᠤᠭᠤᠯᠤᠭᠰᠠᠨ ᠰᠠᠭᠤᠷᠢᠨ ᠳᠡᠭᠡᠷ᠎ᠡ᠂ | ᠪᠣᠳᠠᠲᠠᠢ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠬᠢᠨᠠᠨ ᠬᠠᠮᠢᠶᠠᠷᠬᠤ ᠡᠲᠡᠭᠡᠳ ᠤᠨ ᠢᠲᠡᠭᠡᠮᠵᠢ ᠶᠢᠨ ᠳᠡᠰ ᠪᠣᠯᠣᠨ | ᠬᠢᠨᠠᠨ ᠬᠠᠮᠢᠶᠠᠷᠬᠤ ᠳᠡᠰ ᠢ ᠬᠥᠳᠡᠯᠦᠩᠭᠦᠢ ᠪᠠᠷ ᠲᠣᠬᠢᠷᠠᠭᠤᠯᠵᠤ᠂ ᠬᠢᠨᠠᠨ ᠬᠠᠮᠢᠶᠠᠷᠬᠤ ᠠᠵᠢᠯ ᠤᠨ ᠲᠥᠯᠥᠪᠯᠡᠭᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠬᠢᠨᠠᠨ ᠬᠠᠮᠢᠶᠠᠷᠬᠤ ᠬᠦᠴᠦᠨ ᠢ ᠵᠦᠢ ᠵᠣᠬᠢᠰᠲᠠᠢ ᠬᠤᠪᠢᠶᠠᠷᠢᠯᠠᠵᠤ᠂ | ᠢᠲᠡᠭᠡᠮᠵᠢ ᠶᠢᠨ ᠬᠢᠨᠠᠨ ᠬᠠᠮᠢᠶᠠᠷᠬᠤ ᠬᠦᠴᠦᠨ ᠴᠢᠳᠠᠪᠤᠷᠢ ᠪᠣᠯᠣᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠭᠦ | ᠬᠡᠷᠡᠭᠲᠡᠢ᠃ | ︵ᠭᠤᠷᠪᠠ︶ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ | ᠬᠡᠷᠡᠭᠲᠡᠢ᠃ ᠡᠯ᠎ᠡ ᠠᠯᠪᠠᠨ ᠭᠡᠷ᠂ ᠡᠯ᠎ᠡ ᠨᠢᠭᠡᠴᠡ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ ᠢᠲᠡᠭᠡᠮᠵᠢ ᠶᠢ ᠦᠨᠡᠯᠡᠬᠦ ᠵᠢᠴᠢ ᠱᠠᠲᠤ ᠲᠥᠷᠥᠯ ᠬᠤᠪᠢᠶᠠᠨ | ᠬᠢᠨᠠᠨ ᠬᠠᠮᠢᠶᠠᠷᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ | ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠵᠥᠭᠡᠭᠡᠪᠦᠷᠢ ᠶᠢᠨ ᠲᠣᠪᠴᠢᠶ᠎ᠠ | 2014 ᠣᠨ ᠤ 9 ᠰᠠᠷ᠎ᠠ ᠶᠢᠨ 23 ᠤ ᠡᠳᠦᠷ | | | |